ᠯᠢ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/21
   ᠰᠢᠨᠬᠤᠸᠠ ᠬᠤᠷᠢᠶᠠᠨ ᠤ ᠪᠡᠭᠡᠵᠢᠩ ᠤᠨ 7 ᠰᠠᠷ᠎ᠠ ᠶᠢᠨ 19 ᠤ ᠴᠠᠬᠢᠯᠭᠠᠨ ᠮᠡᠳᠡᠭᠡ 7 ᠰᠠᠷ᠎ᠠ ᠶᠢᠨ 19 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠯᠢ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠪᠠ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠪᠦᠭᠦᠳᠡ ᠬᠤᠷᠠᠯ ᠳᠡᠭᠡᠷ᠎ᠡ ᠬᠢᠭᠰᠡᠨ ᠠᠵᠢᠯ ᠤᠨ ᠢᠯᠡᠳᠬᠡᠯ ᠪᠣᠯᠤᠨ ᠴᠢᠬᠤᠯᠠ ᠶᠠᠷᠢᠶ᠎ᠠ ᠨᠢ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠭᠦᠳᠡ ᠬᠤᠷᠠᠯ ᠠᠴᠠ ᠨᠠᠭᠠᠰᠢᠬᠢ ᠨᠠᠮ ᠪᠣᠯᠤᠨ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠣᠯᠤᠭᠰᠠᠨ ᠴᠢᠬᠤᠯᠠ ᠶᠡᠭᠡ ᠠᠮᠵᠢᠯᠲᠠ ᠶᠢ ᠰᠢᠰᠲ᠋ᠧᠮ ᠲᠠᠢ ᠳ᠋ᠦᠩᠨᠡᠵᠦ᠂ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠡᠯ᠎ᠡ ᠲᠠᠯ᠎ᠠ ᠶᠢᠨ ᠠᠵᠢᠯ ᠢ ᠰᠠᠶᠢᠲᠤᠷ ᠬᠢᠬᠦ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠴᠠᠢ᠃ ᠪᠦᠭᠦᠳᠡ ᠬᠤᠷᠠᠯ ᠠᠴᠠ ᠬᠢᠨᠠᠨ ᠵᠥᠪᠯᠡᠵᠦ ᠪᠠᠲᠤᠯᠠᠭᠰᠠᠨ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠥᠭᠡᠷᠡᠴᠢᠯᠡᠯᠲᠡ ᠨᠡᠭᠡᠭᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠭᠰᠡᠨ ᠠᠴᠠ ᠨᠠᠭᠠᠰᠢᠬᠢ ᠢᠯᠠᠩᠭᠤᠶ᠎ᠠ ᠰᠢᠨ᠎ᠡ ᠴᠠᠭ ᠦᠶ᠎ᠡ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠠᠬᠢᠭᠤᠯᠤᠭᠰᠠᠨ ᠡᠷᠬᠢᠮ ᠨᠠᠨᠳᠢᠨ ᠲᠤᠷᠰᠢᠯᠭ᠎ᠠ ᠶᠢ ᠳ᠋ᠦᠩᠨᠡᠨ ᠬᠡᠷᠡᠭᠯᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠰᠢᠨ᠎ᠡ ᠱᠠᠭᠠᠷᠳᠠᠯᠭ᠎ᠠ ᠶᠢ ᠭᠦᠨᠵᠡᠭᠡᠢ ᠵᠠᠳᠠᠯᠵᠤ᠂ ᠪᠦᠬᠦ ᠨᠠᠮ ᠪᠦᠬᠦ ᠨᠡᠶᠢᠭᠡᠮ ᠤᠨ ᠣᠶᠤᠨ ᠤᠬᠠᠭᠠᠨ ᠢ ᠲᠥᠪᠯᠡᠷᠡᠭᠦᠯᠦᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠵᠢᠯᠣᠭᠤᠳᠬᠤ ᠶᠡᠷᠦᠩᠬᠡᠢ ᠪᠠᠶᠢᠷᠢᠯᠠᠭᠤᠯᠤᠯᠲᠠ ᠪᠣᠯᠵᠣ᠂ ᠰᠢᠨ᠎ᠡ ᠠᠶᠠᠨ ᠵᠠᠮ ᠳᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠵᠢᠯᠣᠭᠤᠳᠬᠤ ᠬᠥᠲᠥᠯᠪᠦᠷᠢ ᠶᠢᠨ ᠴᠢᠨᠠᠷᠲᠠᠢ ᠪᠢᠴᠢᠭ ᠮᠠᠲ᠋ᠧᠷᠢᠶᠠᠯ ᠪᠣᠯᠤᠭᠰᠠᠨ ᠪᠠᠶᠢᠨ᠎ᠠ᠃ ᠲᠥᠷᠥ ᠶᠢᠨ ᠶᠠᠪᠤᠳᠠᠯ ᠤᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠪᠣᠯᠤᠨ ᠲᠥᠷᠥ ᠶᠢᠨ ᠶᠠᠪᠤᠳᠠᠯ ᠤᠨ ᠬᠤᠷᠢᠶᠠᠨ ᠤ ᠡᠯ᠎ᠡ ᠰᠠᠯᠠᠭ᠎ᠠ ᠮᠥᠴᠢᠷ ᠤᠨ ᠬᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠨ ᠲᠤᠭᠤᠰᠢᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠵᠤ᠂ ᠤᠬᠠᠮᠰᠠᠷ ᠠᠴᠠ ᠪᠠᠨ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠪᠦᠭᠦᠳᠡ ᠬᠤᠷᠠᠯ ᠤᠨ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠭᠤᠣᠯ ᠰᠡᠳᠦᠪ᠂ ᠴᠢᠬᠤᠯᠠ ᠶᠡᠭᠡ ᠵᠠᠷᠴᠢᠮ᠂ ᠴᠢᠬᠤᠯᠠ ᠶᠡᠭᠡ ᠠᠷᠭ᠎ᠠ ᠬᠡᠮᠵᠢᠶ᠎ᠡ᠂ ᠦᠨᠳᠦᠰᠦᠨ ᠪᠠᠲᠤᠯᠠᠭ᠎ᠠ ᠶᠢ ᠭᠦᠨᠵᠡᠭᠡᠢ ᠣᠶᠢᠯᠠᠭᠠᠨ ᠡᠵᠡᠮᠰᠢᠵᠦ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠵᠢᠭᠦᠯᠦᠭᠴᠢ᠂ ᠠᠵᠢᠯᠯᠠᠭ᠎ᠠ ᠶᠢᠨ ᠪᠦᠯᠦᠭᠯᠡᠯ᠂ ᠪᠣᠳᠠᠲᠠᠢ ᠠᠵᠢᠯᠯᠠᠭᠴᠢ ᠪᠣᠯᠬᠤ ᠬᠡᠷᠡᠭᠲᠡᠢ᠃    ᠬᠤᠷᠠᠯ ᠠᠴᠠ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠠᠴᠠ ᠭᠠᠷᠭᠠᠭᠰᠠᠨ ᠥᠭᠡᠷᠡᠴᠢᠯᠡᠯᠲᠡ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠥᠭᠡᠷᠡᠴᠢᠯᠡᠯᠲᠡ ᠶᠢᠨ ᠪᠠᠶᠢᠯᠳᠤᠬᠤ ᠪᠣᠳᠣᠯᠭ᠎ᠠ ᠶᠢᠨ ᠭᠤᠣᠯᠳᠠᠯᠭ᠎ᠠ ᠶᠢ ᠣᠨᠣᠪᠴᠢᠲᠠᠢ ᠡᠵᠡᠮᠳᠡᠵᠦ᠂ ᠡᠯ᠎ᠡ ᠬᠦᠷᠢᠶᠡᠨ ᠤ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠵᠣᠬᠢᠴᠠᠭᠤᠯᠤᠨ ᠢᠵᠢ ᠪᠦᠷᠢᠳᠦᠭᠦᠯᠬᠦ ᠶᠢ ᠴᠢᠩᠭᠠᠳᠬᠠᠵᠤ᠂ ᠥᠭᠡᠷᠡᠴᠢᠯᠡᠯᠲᠡ ᠶᠢᠨ ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠵᠤ᠂ ᠥᠭᠡᠷᠡᠴᠢᠯᠡᠯᠲᠡ ᠶᠢᠨ ᠡᠴᠦᠰ ᠤᠨ ᠦᠷ᠎ᠡ ᠪᠦᠲᠦᠮᠵᠢ ᠶᠢ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠨᠡᠶᠢᠴᠡᠭᠦᠯᠬᠦ ᠶᠢ ᠪᠠᠲᠤᠯᠠᠬᠤ ᠬᠡᠷᠡᠭᠲᠡᠢ᠃ ᠠᠵᠤ ᠠᠬᠤᠢ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠲᠣᠪᠤᠶᠢᠮ᠎ᠠ ᠰᠠᠶᠢᠲᠤᠷ ᠠᠳᠬᠤᠬᠤ ᠶᠢᠨ ᠬᠠᠮᠲᠤ ᠲᠡᠭᠦᠨ ᠤ ᠬᠥᠲᠥᠯᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠭᠤᠣᠯᠳᠠᠯᠭ᠎ᠠ ᠲᠠᠢ ᠬᠦᠷᠢᠶ᠎ᠡ ᠪᠣᠯᠤᠨ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠣᠳᠣᠬᠠᠨ ᠤ ᠪᠠᠶᠢᠳᠠᠯ ᠳᠤ ᠰᠠᠭᠤᠷᠢᠯᠠᠬᠤ ᠮᠥᠷᠲᠡᠭᠡᠨ ᠠᠯᠤᠰ ᠬᠡᠳᠦ ᠶᠢ ᠪᠣᠳᠣᠯᠬᠢᠯᠠᠵᠤ᠂ ᠬᠤᠯᠪᠣᠭᠳᠠᠬᠤ ᠴᠢᠨᠠᠷᠲᠠᠢ ᠳᠠᠶᠢᠴᠢᠯᠠᠬᠤ ᠴᠢᠨᠠᠷ ᠢᠶᠠᠷ ᠴᠢᠩᠭ᠎ᠠ ᠥᠭᠡᠷᠡᠴᠢᠯᠡᠯᠲᠡ ᠶᠢᠨ ᠵᠦᠢᠯᠡᠰ ᠤᠨ ᠲᠠᠯ᠎ᠠ ᠠᠴᠠ ᠬᠦᠴᠦᠯᠡᠵᠦ᠂ ᠥᠭᠡᠷᠡᠴᠢᠯᠡᠯᠲᠡ ᠶᠢᠨ ᠶᠡᠷᠦᠩᠬᠡᠶᠢᠯᠡᠭᠰᠡᠨ ᠦᠢᠯᠡᠳᠦᠯ ᠢ ᠶᠡᠬᠡᠰᠬᠡᠵᠦ᠂ ᠨᠡᠶᠢᠭᠡᠮ ᠤᠨ ᠦᠢᠯᠡᠳᠪᠦᠷᠢᠯᠡᠯ ᠤᠨ ᠬᠦᠴᠦᠨ ᠢ ᠤᠯᠠᠮ ᠴᠢᠨᠠᠭᠰᠢᠳᠠ ᠴᠢᠯᠥᠭᠡᠯᠡᠨ ᠬᠥᠭᠵᠢᠭᠦᠯᠵᠦ᠂ ᠨᠡᠶᠢᠭᠡᠮ ᠤᠨ ᠠᠮᠢᠵᠢᠷᠠᠯ ᠤᠨ ᠬᠦᠴᠦᠨ ᠢ ᠬᠥᠭᠵᠢᠭᠡᠬᠦ ᠪᠠ ᠴᠢᠩᠭᠠᠳᠬᠠᠬᠤ ᠬᠡᠷᠡᠭᠲᠡᠢ᠃ ᠥᠭᠡᠷᠡᠴᠢᠯᠡᠯᠲᠡᠡ ᠶᠢᠨ ᠵᠣᠷᠢᠭ ᠰᠠᠨᠠᠭ᠎ᠠ ᠪᠠᠷ ᠡᠯ᠎ᠡ ᠵᠦᠢᠯ ᠤᠨ ᠠᠵᠢᠯ ᠢᠶᠠᠨ ᠠᠬᠢᠭᠤᠯᠵᠤ᠂ ᠬᠠᠶᠢᠨ ᠰᠦᠪᠡᠭᠴᠢᠯᠡᠵᠦ ᠰᠢᠨ᠎ᠡ ᠶᠢ ᠡᠭᠦᠳᠬᠦ ᠶᠢ ᠵᠣᠷᠢᠭᠵᠢᠭᠤᠯᠤᠨ᠂ ᠰᠡᠳ᠋ᠬᠢᠴᠡ ᠪᠠᠨ ᠵᠣᠷᠢᠭᠲᠠᠢ ᠪᠠᠷ ᠡᠪᠳᠡᠵᠦ᠂ ᠠᠷᠭ᠎ᠠ ᠵᠠᠮ ᠳᠤ ᠲᠦᠰᠢᠭᠯᠡᠬᠦ ᠠᠴᠠ ᠰᠠᠯᠵᠤ᠂ ᠥᠭᠡᠷᠡᠴᠢᠯᠡᠯᠲᠡᠡ ᠶᠢᠨ ᠰᠡᠳ᠋ᠬᠢᠴᠡ ᠪᠣᠯᠤᠨ ᠠᠷᠭ᠎ᠠ ᠶᠢ ᠴᠢᠳᠠᠮᠠᠭᠠᠢ ᠪᠠᠷ ᠬᠡᠷᠡᠭᠯᠡᠵᠦ᠂ ᠪᠣᠳᠠᠲᠠᠢ ᠠᠴᠠ ᠡᠭᠦᠳᠦᠨ ᠪᠦᠲᠦᠭᠡᠯᠴᠢ ᠪᠠᠷ ᠠᠵᠢᠯ ᠢᠶᠠᠨ ᠥᠷᠨᠢᠭᠦᠯᠵᠦ᠂ ᠦᠨᠳᠦᠰᠦᠨ ᠱᠠᠲᠤ ᠪᠣᠯᠤᠨ ᠣᠯᠠᠨ ᠲᠦᠮᠡᠨ ᠤ ᠡᠭᠦᠳᠦᠨ ᠪᠦᠲᠦᠭᠡᠬᠦ ᠵᠣᠷᠢᠭ ᠰᠠᠨᠠᠭ᠎ᠠ ᠶᠢ ᠭᠦᠢᠴᠡᠳ᠋ ᠬᠦᠨᠳᠦᠳᠬᠡᠵᠦ᠂ ᠥᠭᠡᠷᠡᠴᠢᠯᠡᠯᠲᠡᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠳᠤᠮᠳᠠᠳᠤ ᠤᠯᠤᠰ ᠤᠨ ᠮᠠᠶᠢᠭ ᠤᠨ ᠣᠳᠣᠬᠢᠴᠢᠯᠠᠯᠲᠠ ᠶᠢ ᠠᠬᠢᠭᠤᠯᠬᠤ ᠬᠦᠴᠦᠷᠬᠡᠭ ᠶᠡᠭᠡ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ᠃    ᠳ᠋ᠢᠩ ᠰᠢᠦᠸᠡᠢ ᠰᠢᠶᠠᠩ᠂ ᠾᠧ ᠯᠢ ᠹᠧᠩ᠂ ᠵᠠᠩ ᠭᠦᠸᠧ ᠴᠢᠩ᠂ ᠯᠢᠦ ᠭᠦᠸᠧ ᠵᠦᠩ᠂ ᠸᠠᠩ ᠰᠢᠶᠣᠤ ᠬᠤᠩ᠂ ᠦ᠋ ᠵᠧᠩ ᠯᠦᠩ᠂ ᠴᠧᠨ ᠢ ᠴᠢᠨ ᠣᠷᠣᠯᠴᠠᠪᠠ᠃
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号