ᠰᠢᠨᠠᠵᠠᠮ ᠰᠤᠮᠤ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠬᠤᠷᠢᠶᠠᠨ ᠠᠪᠬᠤ ᠲᠤᠰᠬᠠᠢ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠪᠡ
ᠨᠡᠶᠢᠲᠡᠯᠡᠭᠰᠡᠨ ᠴᠠᠭ᠄
2024/7/22
   ᠲᠠᠷᠢᠶᠠᠯᠠᠩ ᠤᠨ ᠣᠯᠠᠨ ᠡᠬᠢᠲᠤ ᠪᠣᠬᠢᠷᠲᠤᠯ ᠢ ᠵᠠᠰᠠᠬᠤ ᠠᠵᠢᠯ ᠢ ᠭᠦᠨᠵᠡᠭᠡᠢ ᠲᠦᠯᠬᠢᠨ ᠠᠬᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠣᠶᠢᠷ᠎ᠠ ᠶᠢᠨ ᠡᠳᠦᠷ ᠤᠳ ᠲᠤ᠂ ᠰᠢᠨᠠᠵᠠᠮ ᠰᠤᠮᠤ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠬᠤᠷᠢᠶᠠᠨ ᠠᠪᠬᠤ ᠲᠤᠰᠬᠠᠢ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠪᠡ᠃    ᠠᠵᠢᠯᠯᠠᠭ᠎ᠠ ᠶᠢᠨ ᠳᠤᠮᠳᠠ᠂ ᠰᠤᠮᠤᠨ ᠤ ᠠᠵᠢᠯᠲᠠᠳ ᠬᠠᠷᠢᠶ᠎ᠠ ᠣᠷᠣᠨ ᠤ ᠪᠠᠨ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠭᠠᠴᠠᠭ᠎ᠠ ᠪᠠᠷ ᠨᠢᠭᠡᠴᠢ ᠪᠣᠯᠭᠠᠨ ︽ᠲᠣᠣᠷ ᠲᠠᠲᠠᠬᠤ ᠮᠠᠶ᠋ᠢᠭ︾ ᠢ ᠲᠥᠪᠯᠡᠷᠡᠭᠦᠯᠦᠨ ᠬᠤᠷᠢᠶᠠᠨ ᠠᠪᠴᠤ ᠰᠢᠯᠵᠢᠭᠦᠯᠦᠨ ᠲᠡᠭᠡᠭᠡᠪᠦᠷᠢᠯᠡᠬᠦ ᠠᠵᠢᠯ ᠢ ᠥᠷᠨᠢᠭᠦᠯᠵᠦ᠂ ᠭᠠᠴᠠᠭᠠᠨ ᠤ ︽ᠬᠤᠶᠠᠷ ᠵᠥᠪᠯᠡᠯ︾᠂ ᠨᠠᠮ ᠤᠨ ᠭᠡᠰᠢᠭᠦᠨ ᠺᠠᠳ᠋ᠷ᠂ ᠰᠠᠶᠢᠨ ᠳᠤᠷ᠎ᠠ ᠶᠢᠨ ᠠᠵᠢᠯᠯᠠᠭᠴᠢ ᠪᠠ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢᠨ ᠬᠥᠮᠦᠰ ᠢ ᠢᠳᠡᠪᠬᠢᠲᠡᠢ ᠳᠠᠶᠢᠴᠢᠯᠠᠨ ᠲᠠᠷᠢᠶᠠᠨ ᠭᠠᠵᠠᠷ᠂ ᠭᠤᠣᠯ ᠤᠨ ᠵᠠᠮ ᠭᠤᠤ ᠰᠤᠪᠠᠭ ᠤᠨ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠴᠡᠪᠡᠷᠯᠡᠨ ᠬᠤᠷᠢᠶᠠᠵᠤ ᠠᠪᠤᠨ᠎ᠠ᠃ ᠡᠭᠦᠨ ᠤ ᠬᠠᠮᠲᠤ᠂ ᠲᠠᠷᠢᠶᠠᠴᠢᠨ ᠲᠦᠮᠡᠨ ᠤ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠬᠤᠷᠢᠶᠠᠨ ᠠᠪᠴᠤ ᠰᠢᠢᠳᠪᠦᠷᠢᠯᠡᠬᠦ ᠤᠬᠠᠮᠰᠠᠷᠲᠤ ᠤᠬᠠᠮᠰᠠᠷ ᠢ ᠳᠡᠭᠡᠭᠰᠢᠯᠡᠭᠦᠯᠬᠦ ᠶᠢᠨ ᠲᠥᠯᠥᠭᠡ᠂ ᠡᠯ᠎ᠡ ᠭᠠᠴᠠᠭ᠎ᠠ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠬᠤᠷᠢᠶᠠᠨ ᠠᠪᠬᠤ ᠠᠵᠢᠯ ᠤᠨ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ︽ᠲᠣᠰᠬᠤᠨ ᠪᠣᠯᠭᠠᠨ ᠳᠤ ᠳᠠᠭᠤᠷᠢᠰᠬᠤ︾ ᠷᠠᠳᠢᠣ᠋ ᠨᠡᠪᠲᠡᠷᠡᠭᠦᠯᠭᠡ᠂ ᠸᠢᠴᠠᠲ ᠤᠨ ᠬᠤᠯᠪᠣᠭ᠎ᠠ ᠪᠠᠷ ᠳᠠᠮᠵᠢᠭᠤᠯᠤᠨ ᠲᠠᠷᠬᠠᠭᠠᠬᠤ᠂ ᠡᠷᠦᠬᠡ ᠳᠤ ᠣᠷᠣᠵᠤ ᠤᠬᠠᠭᠤᠯᠬᠤ ᠵᠡᠷᠭᠡ ᠠᠷᠭ᠎ᠠ ᠬᠡᠯᠪᠡᠷᠢ ᠶᠢ ᠠᠰᠢᠭᠯᠠᠨ᠂ ᠪᠣᠬᠢᠷᠲᠤᠯ ᠦᠭᠡᠢ ᠣᠷᠴᠢᠨ ᠲᠣᠭᠤᠷᠢᠨ ᠢ ᠬᠠᠮᠠᠭᠠᠯᠠᠬᠤ ᠣᠶᠢᠯᠠᠭᠠᠭᠳᠠᠬᠤᠨ ᠢ ᠶᠡᠭᠡ ᠪᠠᠷ ᠲᠦᠭᠡᠮᠡᠯᠵᠢᠭᠦᠯᠵᠦ᠂ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠤᠨ ᠣᠷᠴᠢᠨ ᠲᠣᠭᠤᠷᠢᠨ ᠢ ᠪᠣᠬᠢᠷᠲᠤᠭᠤᠯᠬᠤ ᠵᠢᠴᠢ ᠬᠤᠣᠷ ᠬᠥᠨᠥᠭᠡᠯ ᠢ ᠤᠬᠠᠭᠤᠯᠤᠨ ᠲᠠᠶᠢᠯᠪᠤᠷᠢᠯᠠᠵᠤ᠂ ᠮᠠᠯᠵᠢᠬᠤ ᠲᠠᠷᠢᠶᠠᠯᠠᠬᠤ ᠡᠷᠦᠬᠡ ᠳᠤ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢ ᠳᠤᠷ᠎ᠠ ᠪᠠᠷ ᠢᠶᠠᠨ ᠲᠠᠷᠢᠶᠠᠨ ᠭᠠᠵᠠᠷ ᠲᠤ ᠬᠠᠶᠠᠬᠤ ᠶᠢ ᠰᠠᠨᠠᠭᠤᠯᠵᠤ᠂ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠬᠤᠷᠢᠶᠠᠨ ᠠᠪᠬᠤ ᠡᠭᠦᠷᠭᠡ ᠪᠠᠨ ᠤᠬᠠᠮᠰᠠᠷ ᠠᠴᠠ ᠪᠠᠨ ᠭᠦᠢᠴᠡᠳᠬᠡᠵᠦ᠂ ᠮᠠᠯᠵᠢᠬᠤ ᠲᠠᠷᠢᠶᠠᠯᠠᠬᠤ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠢ ᠬᠠᠮᠲᠤ ᠪᠠᠷ ᠰᠠᠶᠢᠲᠤᠷ ᠬᠠᠮᠠᠭᠠᠯᠠᠬᠤ ᠬᠡᠷᠡᠭᠲᠡᠢ ᠭᠡᠵᠦ ᠰᠠᠨᠠᠭᠤᠯᠪᠠ᠃ ᠭᠠᠴᠠᠭᠠᠨ ᠤ ︽ᠬᠤᠶᠠᠷ ᠵᠥᠪᠯᠡᠯ︾᠂ ᠨᠠᠮ ᠤᠨ ᠭᠡᠰᠢᠭᠦᠨ ᠺᠠᠳ᠋ᠷ ᠤᠨ ᠤᠬᠠᠭᠤᠯᠭ᠎ᠠ ᠪᠠ ᠳᠠᠭᠠᠭᠤᠯᠭ᠎ᠠ ᠳᠣᠣᠷ᠎ᠠ᠂ ᠮᠠᠯᠴᠢᠨ ᠲᠠᠷᠢᠶᠠᠴᠢᠨ ᠣᠯᠠᠨ ᠲᠦᠮᠡᠨ ᠬᠤᠶᠢᠨ᠎ᠠ ᠬᠤᠶᠢᠨ᠎ᠠ ᠠᠴᠠ ᠪᠠᠨ ᠤᠷᠢᠶᠠᠯᠠᠭ᠎ᠠ ᠶᠢ ᠳᠠᠭᠠᠵᠤ᠂ ᠴᠡᠪᠡᠷᠯᠡᠨ ᠲᠡᠭᠦᠬᠦ ᠠᠵᠢᠯ ᠳᠤ ᠢᠳᠡᠪᠬᠢᠲᠡᠢ ᠣᠷᠣᠯᠴᠠᠵᠤ᠂ ᠬᠠᠷᠢᠶᠠᠲᠤ ᠣᠷᠣᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠪᠠᠶᠢᠳᠠᠯ ᠢ ᠢᠯᠡᠳᠲᠡ ᠰᠠᠶᠢᠵᠢᠷᠠᠭᠤᠯᠪᠠ᠃    ᠳᠠᠷᠠᠭᠠᠴᠢ ᠶᠢᠨ ᠠᠯᠬᠤᠮ ᠳᠤ᠂ ᠰᠢᠨᠠᠵᠠᠮ ᠰᠤᠮᠤ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠬᠤᠷᠢᠶᠠᠨ ᠠᠪᠴᠤ ᠰᠢᠢᠳᠪᠦᠷᠢᠯᠡᠬᠦ ᠠᠵᠢᠯ ᠤᠨ ᠴᠢᠬᠤᠯᠠ ᠴᠢᠨᠠᠷ ᠢ ᠦᠷᠭᠦᠯᠵᠢᠯᠡᠨ ᠣᠯᠠᠨ ᠠᠷᠭ᠎ᠠ ᠵᠠᠮ ᠢᠶᠠᠷ ᠪᠦᠬᠦ ᠲᠠᠯ᠎ᠠ ᠪᠠᠷ ᠤᠬᠠᠭᠤᠯᠵᠤ᠂ ᠮᠠᠯᠵᠢᠬᠤ ᠲᠠᠷᠢᠶᠠᠯᠠᠬᠤ ᠡᠷᠦᠬᠡ ᠶᠢᠨ ᠬᠠᠶᠠᠭᠳᠠᠮᠠᠯ ᠪᠣᠳᠠᠰ ᠢ ᠬᠤᠷᠢᠶᠠᠨ ᠠᠪᠬᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠢ ᠤᠯᠠᠮ ᠨᠢᠭᠡ ᠠᠯᠬᠤᠮ ᠬᠥᠭᠵᠢᠭᠡᠵᠦ᠂ ᠲᠠᠷᠢᠶᠠᠨ ᠡᠮ ᠤᠨ ᠯᠣᠩᠬᠤ ᠶᠢ ᠬᠤᠷᠢᠶᠠᠨ ᠠᠪᠬᠤ ᠠᠵᠢᠯ ᠢ ᠪᠠᠶᠢᠩᠭᠤᠵᠢᠭᠤᠯᠬᠤ᠂ ᠤᠷᠲᠤ ᠬᠤᠭᠤᠴᠠᠭ᠎ᠠ ᠪᠠᠷ ᠪᠦᠲᠦᠮᠵᠢᠲᠡᠢ ᠪᠣᠯᠭᠠᠬᠤ ᠶᠢ ᠯᠠᠪᠳᠠᠭᠤᠨ ᠪᠠᠲᠤᠲᠠᠢ ᠲᠦᠯᠬᠢᠨ ᠠᠬᠢᠭᠤᠯᠵᠤ᠂ ᠠᠮᠢ ᠠᠬᠤᠢ ᠶᠢᠨ ᠣᠷᠴᠢᠨ ᠨᠥᠬᠦᠴᠡᠯ ᠢ ᠰᠠᠶᠢᠵᠢᠷᠠᠭᠤᠯᠬᠤ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠪᠦᠬᠦ ᠰᠤᠮᠤ ᠶᠢᠨ ᠣᠷᠴᠢᠨ ᠠᠬᠤᠢ ᠶᠢᠨ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠭᠰᠠᠨ ᠦᠷ᠎ᠡ ᠪᠦᠲᠦᠮᠵᠢ ᠶᠢ ᠦᠷᠭᠦᠯᠵᠢᠯᠡᠨ ᠪᠦᠲᠦᠮᠵᠢᠲᠡᠢ ᠪᠠᠬᠢᠵᠢᠭᠦᠯᠦᠨ ᠳᠡᠭᠡᠭᠰᠢᠯᠡᠭᠦᠯᠦᠨ᠎ᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号