ᠪᠠᠶᠠᠨᠨᠠᠭᠤᠷ ᠰᠤᠮᠤ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/22
    ᠪᠠᠶᠠᠨᠨᠠᠭᠤᠷ ᠰᠤᠮᠤ ᠶᠢᠨ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠤᠯᠠᠮ ᠨᠢᠭᠡ ᠠᠯᠬᠤᠮ ᠠᠬᠢᠭᠤᠯᠬᠤ ᠶᠢᠨ ᠲᠥᠯᠥᠭᠡ᠂ 7 ᠰᠠᠷ᠎ᠠ ᠶᠢᠨ 18 ᠤ ᠡᠳᠦᠷ᠂ ᠰᠤᠮᠤᠨ ᠤ ᠨᠠᠮ ᠤᠨ ᠬᠤᠷᠢᠶ᠎ᠠ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠠᠬᠢᠭᠤᠯᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠬᠤᠷᠠᠯ ᠢ ᠨᠠᠮ ᠤᠨ ᠬᠤᠷᠢᠶᠠᠨ ᠤ ᠳᠡᠳ᠋ ᠱᠦᠵᠢ᠂ ᠰᠤᠮᠤᠨ ᠳᠠᠷᠤᠭ᠎ᠠ ᠴᠧᠩ ᠴᠧᠩ ᠡᠷᠬᠢᠯᠡᠵᠦ᠂ ᠪᠦᠬᠦ ᠺᠠᠳ᠋ᠷ ᠠᠵᠢᠯᠲᠠᠨ ᠠᠵᠢᠯᠴᠢᠨ᠂ ᠡᠯ᠎ᠡ ᠭᠠᠴᠠᠭᠠᠨ ᠤ ᠨᠠᠮ ᠤᠨ ᠡᠭᠦᠷ ᠤᠨ ᠱᠦᠵᠢ᠂ ᠨᠢᠭᠡᠳᠦᠭᠡᠷ ᠱᠦᠵᠢ ᠬᠤᠷᠠᠯ ᠳᠤ ᠣᠷᠣᠯᠴᠠᠵᠠᠢ᠃    ᠬᠤᠷᠠᠯ ᠠᠴᠠ ᠵᠢᠭᠠᠵᠤ ᠭᠠᠷᠭᠠᠭᠰᠠᠨ ᠨᠢ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠪᠣᠯ ᠶᠡᠷᠦᠩᠬᠡᠢ ᠱᠦᠵᠢ ᠰᠢ ᠶᠢᠨ ᠫᠢᠩ ᠤᠨ ᠪᠡᠶ᠎ᠡ ᠪᠠᠷ ᠢᠶᠠᠨ ᠰᠡᠳᠦᠪ ᠳᠤᠷᠠᠳᠴᠤ᠂ ᠪᠡᠶ᠎ᠡ ᠪᠠᠷ ᠢᠶᠠᠨ ᠪᠠᠶᠢᠷᠢᠯᠠᠭᠤᠯᠵᠤ᠂ ᠪᠡᠶ᠎ᠡ ᠪᠠᠷ ᠢᠶᠠᠨ ᠠᠬᠢᠭᠤᠯᠤᠭᠰᠠᠨ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠮᠥᠨ᠂ ᠠᠷᠠᠳ ᠣᠯᠠᠨ ᠤ ᠬᠦᠰᠡᠯ ᠡᠷᠡᠮᠡᠯᠵᠡᠯ ᠤᠨ ᠪᠣᠳᠠᠲᠤ ᠶᠠᠪᠤᠳᠠᠯ ᠮᠥᠨ᠂ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠣᠳᠣᠬᠠᠨ ᠤ ᠠᠵᠢᠯ ᠤᠨ ᠭᠤᠣᠯᠳᠠᠯᠭ᠎ᠠ ᠪᠣᠯᠭᠠᠨ ᠴᠢᠩᠭ᠎ᠠ ᠠᠳᠬᠤᠵᠤ᠂ ᠴᠡᠭ ᠢᠶᠠᠷ ᠨᠡᠶᠢᠳᠡᠮ ᠢ ᠳᠠᠶᠢᠴᠢᠯᠠᠨ ᠰᠤᠮᠤ ᠶᠢᠨ ᠡᠯ᠎ᠡ ᠵᠦᠢᠯ ᠤᠨ ᠠᠵᠢᠯ ᠢ ᠰᠠᠶᠢᠵᠢᠷᠠᠭᠤᠯᠬᠤ ᠬᠡᠷᠡᠭᠲᠡᠢ᠃    ᠬᠤᠷᠠᠯ ᠠᠴᠠ᠂ ᠡᠯ᠎ᠡ ᠡᠭᠦᠷᠭᠡ ᠴᠢᠳᠠᠪᠬᠢᠳᠦ ᠰᠠᠯᠠᠭ᠎ᠠ ᠮᠥᠴᠢᠷ ᠤᠨ ᠬᠢᠨ ᠰᠠᠨᠠᠭᠠᠴᠢᠯᠠᠭ᠎ᠠ ᠠᠴᠠ ᠪᠠᠨ ᠥᠪᠡᠷ ᠢ ᠪᠠᠨ ᠪᠠᠶᠢᠴᠠᠭᠠᠵᠤ᠂ ᠳᠠᠷᠦ᠋ᠢᠬᠠᠨ ᠴᠡᠭᠴᠡᠯᠡᠨ ᠰᠠᠶᠢᠵᠢᠷᠠᠭᠤᠯᠵᠤ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠪᠦᠲᠦᠮᠵᠢᠲᠡᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠰᠤᠮᠤᠨ ᠤ ᠨᠠᠮ ᠤᠨ ᠬᠤᠷᠢ᠊ ᠡᠶ᠎ᠡ ᠵᠢᠴᠢ ᠡᠯ᠎ᠡ ᠭᠠᠴᠠᠭ᠎ᠠ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠪᠦᠬᠦ ᠲᠠᠯ᠎ᠠ ᠪᠠᠷ ᠪᠠᠬᠢᠵᠢᠭᠦᠯᠵᠦ᠂ ᠣᠯᠠᠨ ᠲᠦᠮᠡᠨ ᠤ ᠠᠩᠬᠠᠷᠴᠤ ᠪᠠᠶᠢᠭ᠎ᠠ ᠳᠣᠪᠤᠶᠢᠮ᠎ᠠ ᠠᠰᠠᠭᠤᠳᠠᠯ ᠪᠠ ᠢᠯᠵᠠᠷᠠᠯ ᠤᠨ ᠠᠰᠠᠭᠤᠳᠠᠯ ᠤᠨ ᠰᠦᠪᠡᠭᠴᠢ ᠶᠢ ᠰᠤᠳᠤᠯᠤᠨ ᠮᠠᠭᠠᠳᠯᠠᠵᠤ᠂ ᠢᠯᠠᠩᠭᠤᠶ᠎ᠠ ᠮᠠᠯᠴᠢᠨ ᠲᠠᠷᠢᠶᠠᠴᠢᠨ ᠳᠤ ᠠᠰᠢᠭ ᠬᠦᠷᠲᠡᠭᠡᠬᠦ ᠨᠥᠬᠦᠪᠥᠷᠢ᠂ ᠭᠠᠴᠠᠭᠠᠨ ᠤ ︽ᠭᠤᠷᠪᠠᠨ ᠪᠡᠯᠡ︾ ᠶᠢᠨ ᠬᠠᠮᠢᠶᠠᠷᠤᠯᠲᠠ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢ ᠴᠢᠩᠭ᠎ᠠ ᠠᠩᠬᠠᠷᠴᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠲᠣᠪᠤᠶᠢᠯᠭᠠᠨ᠂ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠰᠠᠬᠢᠯᠭ᠎ᠠ ᠪᠠᠲᠤ ᠪᠠᠶᠢᠴᠠᠭᠠᠬᠤ ᠬᠤᠷᠢ᠊ ᠡᠶ᠎ᠡ ᠬᠢᠨᠠᠨ ᠪᠠᠶᠢᠴᠠᠭᠠᠬᠤ ᠵᠥᠪᠯᠡᠯ ᠲᠦᠷᠦᠭᠦᠯᠡᠨ ᠶᠡᠷᠦᠩᠬᠡᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠠᠯᠳᠠᠭ᠎ᠠ ᠪᠤᠷᠤᠭᠤ ᠪᠠᠨ ᠴᠠᠭ ᠲᠤᠬᠠᠢ ᠳᠤᠨᠢ ᠵᠠᠯᠠᠷᠠᠭᠤᠯᠵᠤ᠂ ᠡᠯ᠎ᠡ ᠵᠦᠢᠯ ᠤᠨ ᠴᠡᠭᠴᠡᠯᠡᠨ ᠵᠠᠰᠠᠬᠤ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃    ᠳᠠᠷᠠᠭᠠᠴᠢ ᠶᠢᠨ ᠠᠯᠬᠤᠮ ᠳᠤ᠂ ᠪᠠᠶᠠᠨᠨᠠᠭᠤᠷ ᠰᠤᠮᠤ ᠶᠢᠨ ᠨᠠᠮ ᠤᠨ ᠬᠤᠷᠢᠶ᠎ᠠ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠲᠤᠰ ᠲᠤᠰ ᠤᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠲᠠᠢ ᠪᠠᠨ ᠨᠢᠭᠲᠠ ᠤᠶᠠᠯᠳᠤᠭᠤᠯᠤᠨ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠨᠠᠭᠠᠴᠢᠯᠠᠭ᠎ᠠ ᠠᠴᠠ ᠪᠠᠨ ᠰᠠᠶᠢᠲᠤᠷ ᠠᠳᠬᠤᠵᠤ᠂ ᠠᠰᠠᠭᠤᠳᠠᠯ ᠳᠤ ᠰᠢᠭᠤᠳ ᠬᠠᠨᠳᠤᠵᠤ᠂ ᠦᠨᠡᠨ ᠪᠣᠳᠠᠲᠠᠢ ᠠᠵᠢᠯ ᠤᠨ ᠦᠷ᠎ᠡ ᠪᠦᠲᠦᠮᠵᠢ ᠪᠠᠷ ᠠᠷᠠᠳ ᠣᠯᠠᠨ ᠳᠤ ᠨᠢᠭᠡ ᠬᠤᠪᠢ ᠬᠠᠨᠤᠮᠵᠢᠲᠠᠢ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠪᠣᠯᠤᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号