ᠲᠠᠷᠢᠶᠠᠯᠠᠩ ᠵᠤᠭᠠᠴᠠᠯ ᠢ ᠠᠭᠤᠰᠤᠯᠴᠠᠭᠤᠯᠤᠨ ᠬᠦᠭᠵᠢᠬᠦᠯᠵᠤ ᠬᠥᠳᠡᠭᠡ ᠲᠣᠰᠬᠤᠨ ᠤ ᠬᠦᠭᠵᠢᠯᠲᠡ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2024/7/22
   ᠵᠢᠷᠤᠭ ᠰᠢᠭ ᠲᠤᠲᠤᠷᠭᠠᠨ ᠳᠠᠷᠢᠶ᠎ᠠ᠂ ᠷᠣᠮᠠᠨᠲ᠋ᠢᠭ ᠭᠤᠶᠣᠮᠰᠤᠭ ᠴᠡᠴᠡᠭ᠂ ᠵᠢᠮᠢᠰ ᠨᠣᠭᠤᠭ᠎ᠠ ᠠᠩᠬᠢᠯᠤᠮ᠎ᠠ ᠦᠨᠦᠷᠲᠦ ᠵᠢᠮᠢᠰ ᠲᠡᠭᠦᠬᠦ ᠬᠦᠷᠢᠶᠡᠯᠡᠩ ᠁ ᠵᠤᠨ ᠤ ᠠᠮᠠᠷᠠᠯᠲᠠ ᠬᠦᠷᠴᠦ ᠢᠷᠡᠬᠦ ᠳᠠᠰᠢᠷᠠᠮ ᠢᠶᠠᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠮᠲᠦ ᠶᠢᠨ ᠭᠤᠣᠯ ᠰᠤᠮᠤ ᠶᠢᠨ ᠪᠠᠶᠠᠨ ᠣᠪᠣᠭ᠎ᠠ ᠠᠮᠢ ᠠᠬᠤᠢ ᠶᠢᠨ ᠵᠢᠭᠤᠯᠴᠢᠯᠠᠯ ᠤᠨ ᠠᠮᠠᠷᠠᠯᠲᠠ ᠶᠢᠨ ᠲᠣᠰᠭᠤᠨ ᠬᠥᠮᠦᠰ ᠤᠨ ᠪᠠᠭ᠋ᠠᠷᠬᠠᠯ ᠢ ᠣᠯᠵᠠᠢ᠃ ᠡᠷᠭᠢᠨ ᠲᠣᠭᠤᠷᠢᠨ ᠤ ᠴᠥᠭᠡᠨ ᠪᠤᠰᠤ ᠵᠢᠭᠤᠯᠴᠢᠯᠠᠭᠴᠢᠳ ᠭᠡᠷ ᠠᠴᠠ ᠪᠠᠨ ᠭᠠᠷᠴᠤ᠂ ᠠᠳᠡ ᠢᠷᠡᠵᠦ ᠠᠭᠤᠯᠠ ᠤᠰᠤ ᠪᠠᠷ ᠨᠠᠭᠠᠳᠴᠤ᠂ ᠰᠢᠨ᠎ᠡ ᠰᠣᠷᠭᠤᠭ ᠵᠢᠮᠢᠰ ᠲᠡᠭᠦᠵᠦ᠂ ᠰᠡᠯᠡᠭᠦᠦ ᠠᠮᠠᠷᠠᠯᠲᠠ ᠶᠢᠨ ᠡᠳᠦᠷ ᠢ ᠡᠳ᠋ᠯᠡᠳᠡᠭ᠃    ᠪᠠᠶᠠᠨᠣᠪᠣᠭ᠎ᠠ ᠶᠢᠨ ᠠᠮᠢ ᠠᠬᠤᠢ ᠶᠢᠨ ᠵᠤᠭᠠᠴᠠᠯ ᠤᠨ ᠠᠮᠠᠷᠠᠯᠲᠠ ᠶᠢᠨ ᠣᠷᠣᠨ ᠳᠤ᠂ ᠭᠡᠷ ᠪᠦᠯᠢ ᠶᠢᠨ ᠵᠤᠭᠠᠴᠠᠯ᠂ ᠡᠴᠢᠭᠡ ᠡᠬᠡ ᠦᠷ᠎ᠡ ᠬᠡᠦᠬᠡᠳ ᠤᠨ ᠵᠤᠭᠠᠴᠠᠯ ᠢᠶᠠᠷ ᠭᠤᠣᠯ ᠪᠣᠯᠭᠠᠵᠤ᠂ ᠥᠷᠭᠡᠨ ᠠᠭᠤᠳᠠᠮ ᠲᠣᠰᠬᠤᠨ ᠤ ᠵᠠᠮ᠂ ᠲᠠᠪᠤᠨ ᠥᠩᠭᠡᠲᠦ ᠭᠤᠯᠭᠤᠭᠤᠷ ᠵᠠᠮ᠂ ᠤᠰᠤᠨ ᠳᠡᠭᠡᠷᠡᠬᠢ ᠴᠡᠩᠭᠡᠯ ᠤᠨ ᠬᠦᠷᠢᠶᠡᠯᠡᠩ ᠵᠡᠷᠭᠡ ᠡᠯ᠎ᠡ ᠲᠥᠷᠥᠯ ᠤᠨ ᠵᠤᠭᠠᠴᠠᠯ ᠤᠨ ᠲᠥᠬᠦᠭᠡᠷᠦᠮᠵᠢ ᠨᠢ ᠬᠥᠮᠦᠰ ᠤᠨ ᠠᠩᠬᠠᠷᠤᠯ ᠢ ᠲᠠᠲᠠᠬᠤ ᠡᠯᠧᠮᠧᠨ᠋ᠲ ᠪᠣᠯᠵᠣ᠂ ᠠᠮᠠᠷᠠᠯᠲᠠ ᠶᠢᠨ ᠲᠣᠰᠬᠤᠨ ᠤ ᠰᠠᠴᠤᠷᠠᠭ ᠤᠨ ᠷᠠᠳᠢᠦ᠋ᠰ ᠢ ᠤᠯᠠᠮ ᠨᠢᠭᠡ ᠠᠯᠬᠤᠮ ᠤᠷᠲᠤᠳᠬᠠᠵᠤ᠂ ᠤᠯᠠᠭᠠᠨᠬᠤᠲᠠ᠂ ᠲᠦᠩᠯᠢᠶᠣᠤ ᠬᠤᠲᠠ᠂ ᠭᠢᠷᠢᠨ ᠮᠤᠵᠢ ᠵᠡᠷᠭᠡ ᠡᠷᠭᠢᠨ ᠲᠣᠭᠤᠷᠢᠨ ᠤ ᠭᠠᠵᠠᠷ ᠣᠷᠣᠨ ᠤ ᠤᠯᠠᠮ ᠠᠴᠠ ᠤᠯᠠᠮ ᠣᠯᠠᠨ ᠵᠤᠭᠠᠴᠠᠭᠰᠠᠳ ᠤᠨ ᠦᠵᠡᠮᠵᠢ ᠶᠢᠨ ᠣᠷᠣᠨ ᠳᠤ ᠬᠦᠷᠴᠦ ᠠᠮᠠᠷᠠᠯᠲᠠ ᠶᠢᠨ ᠵᠠᠭᠪᠤᠷ ᠢ ᠡᠬᠢᠯᠡᠭᠦᠯᠵᠡᠢ᠃    ᠪᠢ ︽ᠵᠤᠨ ᠤ ᠴᠢᠯᠥᠭᠡᠨ ᠤ ᠳᠠᠷᠠᠭ᠎ᠠ᠂ ᠭᠡᠷ ᠤᠨ ᠬᠥᠮᠦᠰ ᠲᠠᠢ ᠪᠠᠨ ᠬᠠᠮᠲᠤ ᠪᠠᠶᠠᠨ ᠣᠪᠣᠭᠠᠨ ᠳᠤ ᠢᠷᠡᠵᠦ᠂ ᠪᠠᠰᠠ ᠭᠡᠷ ᠤᠨ ᠬᠥᠮᠦᠰ ᠢᠶᠠᠨ ᠡᠷᠭᠢᠵᠦ ᠦᠵᠡᠪᠡ᠃ ᠠᠳᠡᠬᠢ ᠣᠷᠴᠢᠨ ᠲᠣᠭᠤᠷᠢᠨ ᠲᠦᠢᠯ ᠤᠨ ᠭᠤᠶᠢᠳᠠ ᠰᠠᠶᠢᠬᠠᠨ ᠂ ᠲᠣᠨᠤᠭ ᠲᠥᠬᠦᠭᠡᠷᠦᠮᠵᠢ ᠮᠠᠰᠢ ᠪᠦᠷᠢᠨ ᠭᠦᠢᠴᠡᠳ᠂ ᠪᠡᠶ᠎ᠡ ᠰᠡᠳᠬᠢᠯ ᠢ ᠪᠠᠶᠠᠷ ᠪᠠᠶᠠᠰᠬᠤᠯᠠᠩ ᠲᠠᠢ ᠪᠠᠶᠢᠯᠭᠠᠵᠤ᠂ ᠤᠷᠢᠳ ᠡᠮᠦᠨ᠎ᠡ ᠪᠠᠶᠢᠭ᠎ᠠ ᠦᠭᠡᠢ ᠲᠠᠯᠪᠢᠭᠤ ᠪᠠᠶᠢᠳᠠᠯ ᠢ ᠮᠡᠳᠡᠷᠡᠭᠦᠯᠪᠡ︾ ᠬᠡᠵᠤ ᠬᠥᠯᠦᠨᠪᠤᠶᠢᠷ ᠬᠤᠲᠠ ᠶᠢᠨ ᠵᠣᠷᠴᠢᠭᠴᠢ ᠵᠠᠩ ᠸᠠᠨ ᠵᠦᠩ ᠬᠡᠯᠡᠪᠡ᠃    ᠣᠶᠢᠷ᠎ᠠ ᠶᠢᠨ ᠵᠢᠯ ᠠᠴᠠ᠂ ᠪᠠᠶᠠᠨᠤᠪᠤᠭ᠎ᠠ ᠭᠠᠴᠠᠭᠠᠨ ᠤ ᠬᠥᠳᠡᠭᠡ ᠲᠣᠰᠬᠤᠨ ᠤ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠵᠦ᠂ ᠲᠤᠬᠠᠢ ᠶᠢᠨ ᠭᠠᠵᠠᠷ ᠤᠨ ᠪᠠᠶᠢᠭᠠᠯᠢ ᠶᠢᠨ ᠳᠠᠪᠠᠭᠤᠯᠢᠭ᠂ ᠠᠷᠠᠳ ᠤᠨ ᠵᠠᠩ ᠵᠠᠩᠰᠢᠯ ᠪᠠ ᠰᠣᠶᠣᠯ ᠤᠨ ᠣᠨᠴᠠᠯᠢᠭ ᠢ ᠭᠦᠢᠴᠡᠳ ᠠᠭᠤᠳᠠᠯᠵᠤ᠂ ᠥᠪᠡᠷᠮᠢᠴᠡ ᠣᠨᠴᠠᠯᠢᠭ ᠲᠠᠢ᠂ ᠵᠥᠷᠢᠶᠡᠵᠢᠭᠰᠡᠨ ᠬᠥᠳᠡᠭᠡ ᠲᠣᠰᠬᠤᠨ ᠤ ᠵᠢᠭᠤᠯᠴᠢᠯᠠᠯ ᠤᠨ ᠵᠠᠭᠪᠤᠷ ᠢ ᠪᠣᠢ ᠪᠣᠯᠭᠠᠵᠤ᠂ ᠬᠥᠳᠡᠭᠡ ᠲᠣᠰᠬᠤᠨ ᠤ ᠵᠢᠭᠤᠯᠴᠢᠯᠠᠯ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠪᠠ᠃    ︽ᠬᠡᠦᠬᠡᠳ ᠤᠳ ᠵᠤᠨ ᠤ ᠠᠮᠠᠷᠠᠯᠲᠠ ᠲᠠᠯᠪᠢᠯ᠎ᠠ᠂ ᠪᠢ ᠲᠡᠳᠡᠨ ᠢ ᠳᠠᠭᠠᠭᠤᠯᠤᠨ ᠭᠠᠷᠴᠤ ᠢᠷᠡᠪᠡ᠂ ᠪᠠᠶᠠᠨ ᠣᠪᠣᠭ᠎ᠠ ᠪᠣᠯ ᠮᠠᠰᠢ ᠰᠠᠶᠢᠨ ᠣᠴᠢᠬᠤ ᠭᠠᠵᠠᠷ ᠮᠥᠨ᠃ ᠠᠳᠡ ᠣᠷᠴᠢᠨ ᠲᠣᠭᠤᠷᠢᠨ ᠭᠤᠶᠢᠳᠠ ᠰᠠᠶᠢᠬᠠᠨ᠂ ᠵᠤᠭ᠎ᠠ ᠴᠡᠩᠭᠡᠯ ᠤᠨ ᠲᠥᠬᠦᠭᠡᠷᠦᠮᠵᠢ ᠪᠦᠷᠢᠨ ᠭᠦᠢᠴᠡᠳ᠂ ᠤᠰᠤᠨ ᠳᠡᠭᠡᠷᠡᠬᠢ ᠴᠡᠩᠭᠡᠯ ᠤᠨ ᠬᠦᠷᠢᠶᠡᠯᠡᠩ᠂ ᠥᠩᠭᠡᠲᠦ ᠭᠤᠯᠭᠤᠭᠤᠷ ᠱᠠᠲᠤ ᠲᠠᠢ ᠪᠢᠳᠡ ᠵᠢᠯ ᠪᠦᠷᠢ ᠨᠢᠭᠡ ᠬᠤᠶᠠᠷ ᠤᠳᠠᠭ᠎ᠠ ᠢᠷᠡᠨ᠎ᠡ︾ ᠬᠡᠵᠤ ᠲᠦᠴᠢᠦᠸᠠᠨ ᠰᠢᠶᠠᠨ ᠤ ᠵᠤᠭᠠᠴᠠᠭᠴᠢ ᠵᠠᠩ ᠰᠢᠶᠣᠤ ᠢᠦᠢ ᠬᠡᠯᠡᠪᠡ᠃    ᠪᠠᠶᠠᠨ᠋ᠣ᠋ᠪᠤᠭ᠎ᠠ ᠶᠢᠨ ᠠᠮᠢ ᠠᠬᠤᠢ ᠶᠢᠨ ᠵᠢᠭᠤᠯᠴᠢᠯᠠᠯ ᠤᠨ ᠠᠮᠠᠷᠠᠯᠲᠠ ᠶᠢᠨ ᠲᠣᠰᠬᠤᠨ ᠲᠠᠰᠤᠷᠠᠯᠲᠠ ᠦᠭᠡᠢ ᠬᠠᠭᠤᠴᠢᠨ ᠢ ᠤᠷᠬᠢᠨ ᠰᠢᠨ᠎ᠡ ᠶᠢ ᠡᠭᠦᠳᠴᠦ᠂ ᠵᠢᠭᠤᠯᠴᠢᠯᠠᠯ ᠤᠨ ᠲᠥᠷᠥᠯ ᠵᠦᠢᠯ ᠤᠤᠯ ᠤᠨ ︽ᠲᠣᠭᠤᠷᠢᠨ ᠵᠤᠭᠠᠴᠠᠬᠤ᠂ ᠵᠤᠭ᠎ᠠ ᠴᠡᠩᠭᠡᠯ ᠤᠨ ᠵᠢᠭᠤᠯᠴᠢᠯᠠᠯ︾ ᠠᠴᠠ ︽ᠪᠡᠶᠡᠴᠢᠯᠡᠨ ᠣᠶᠢᠯᠠᠭᠠᠬᠤ ᠵᠢᠭᠤᠯᠴᠢᠯᠠᠯ᠂ ᠰᠤᠳᠤᠯᠤᠨ ᠰᠤᠷᠤᠯᠴᠠᠬᠤ ᠵᠢᠭᠤᠯᠴᠢᠯᠠᠯ᠂ ᠭᠡᠷ ᠪᠦᠯᠢ ᠶᠢᠨ ᠵᠢᠭᠤᠯᠴᠢᠯᠠᠯ︾ ᠬᠦᠷᠲᠡᠯ᠎ᠡ ᠥᠷᠭᠡᠵᠢᠵᠦ᠂ ᠭᠡᠷ ᠤᠨ ᠭᠠᠳᠠᠨᠠᠬᠢ ᠬᠡᠭᠡᠷ᠎ᠡ ᠪᠠᠭᠤᠳᠠᠯᠯᠠᠬᠤ᠂ ᠰᠦᠯᠵᠢᠶᠡᠨ ᠤ ᠤᠯᠠᠭᠠᠨ ᠺᠠᠷᠲ ᠴᠣᠬᠢᠬᠤ᠂ ᠰᠤᠳᠤᠯᠤᠨ ᠰᠤᠷᠤᠯᠴᠠᠬᠤ ᠰᠠᠭᠤᠷᠢᠨ ᠭᠠᠵᠠᠷ᠂ ᠤᠰᠤᠨ ᠳᠡᠭᠡᠷ᠎ᠡ ᠵᠤᠭᠠᠴᠠᠨ ᠨᠠᠭᠠᠳᠬᠤ᠂ ᠭᠡᠷ ᠪᠦᠯᠢ ᠶᠢᠨ ᠴᠠᠭ ᠦᠶ᠎ᠡ ᠵᠡᠷᠭᠡ 5 ᠵᠦᠢᠯ ᠤᠨ ᠵᠢᠭᠤᠯᠴᠢᠯᠠᠯ ᠢ ᠪᠡᠶᠡᠴᠢᠯᠡᠨ ᠣᠶᠢᠯᠠᠭᠠᠬᠤ ᠲᠥᠷᠥᠯ ᠵᠦᠢᠯ ᠢ ᠰᠢᠨ᠎ᠡ ᠪᠠᠷ ᠭᠠᠷᠭᠠᠵᠤ᠂ ᠦᠵᠡᠰᠬᠦᠯᠡᠩᠲᠦ ᠰᠠᠶᠢᠬᠠᠨ ᠣᠷᠣᠰᠢᠨ ᠰᠠᠭᠤᠬᠤ ᠳᠤ ᠲᠣᠬᠢᠷᠠᠮᠵᠢᠲᠠᠢ ᠠᠮᠢ ᠠᠬᠤᠢ ᠶᠢᠨ ᠥᠩᠭᠡ ᠦᠵᠡᠮᠵᠢ ᠶᠢ ᠳᠡᠰ ᠳᠡᠪᠰᠢᠭᠦᠯᠬᠦ ᠶᠢ ᠪᠡᠶᠡᠯᠡᠭᠦᠯᠪᠡ᠂ ᠡᠨᠡ ᠨᠢ ᠪᠠᠰᠠ ᠪᠠᠶᠠᠨᠣᠪᠣᠭᠠᠨ ᠠᠮᠢ ᠠᠬᠤᠢ ᠶᠢᠨ ᠵᠢᠭᠤᠯᠴᠢᠯᠠᠯ ᠤᠨ ᠠᠮᠠᠷᠠᠯᠲᠠ ᠶᠢᠨ ᠲᠣᠰᠬᠤᠨ ᠳᠤ ᠰᠢᠨ᠎ᠡ ᠠᠮᠢᠵᠢᠷᠠᠯ ᠤᠨ ᠬᠦᠴᠦᠨ ᠣᠯᠭᠤᠪᠠ᠃    ᠣᠶᠢᠯᠠᠭᠠᠭᠰᠠᠨ ᠢᠶᠠᠷ᠂ ᠡᠨᠡ ᠵᠢᠯ ᠠᠴᠠ ᠨᠠᠰᠢ ᠪᠠᠶᠠᠨᠣᠪᠣᠭᠠᠨ ᠠᠮᠢ ᠠᠬᠤᠢ ᠶᠢᠨ ᠵᠤᠭᠠᠴᠠᠯ ᠤᠨ ᠠᠮᠠᠷᠠᠯᠲᠠ ᠶᠢᠨ ᠲᠣᠰᠬᠤᠨ ᠤ ᠵᠤᠭᠠᠴᠠᠭᠰᠠᠳ ᠢ 3 ᠲᠦᠮᠡ ᠭᠠᠷᠤᠢ ᠬᠥᠮᠦᠨ ᠤᠳᠠᠭ᠎ᠠ ᠬᠦᠯᠢᠶᠡᠨ ᠠᠪᠴᠤ᠂ ᠵᠤᠭᠠᠴᠠᠯ ᠤᠨ ᠠᠵᠤ ᠠᠬᠤᠢ ᠶᠢᠨ ᠣᠷᠣᠯᠭ᠎ᠠ 30 ᠲᠦᠮᠡᠨ ᠲᠥᠭᠦᠷᠢᠭ ᠲᠤ ᠬᠦᠷᠴᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号