ᠴᠧᠨ ᠬᠠᠢ᠄ ᠨᠠᠮ ᠤᠨ ᠠᠵᠢᠯ ᠤᠨ ᠦᠢᠯᠡᠳᠦᠯᠭᠡᠵᠢᠭᠦᠯᠦᠭᠴᠢ ᠬᠥᠳᠡᠭᠡ ᠲᠣᠰᠬᠤᠨ ᠤ ᠬᠥᠭᠵᠢᠯᠲᠡ ᠶᠢᠨ ᠳᠠᠭᠠᠭᠤᠯᠤᠭᠴᠢ
ᠨᠡᠶᠢᠲᠡᠯᠡᠭᠰᠡᠨ ᠴᠠᠭ᠄
2024/7/22
   ᠴᠧᠨ ᠬᠠᠢ᠂ ᠡᠷᠡᠭᠲᠡᠢ᠂ ᠮᠣᠩᠭᠤᠯ ᠦᠨᠳᠦᠰᠦᠲᠡᠨ᠂ 1982 ᠣᠨ ᠤ 7 ᠰᠠᠷ᠎ᠠ ᠳᠤ ᠲᠥᠷᠥᠵᠡᠢ᠂ 2012 ᠣᠨ ᠤ 8 ᠰᠠᠷ᠎ᠠ ᠳᠤ ᠠᠵᠢᠯ ᠤᠨ ᠪᠠᠶᠢᠷᠢ ᠳᠤ ᠭᠠᠷᠴᠤ᠂ 2017 ᠣᠨ ᠤ 6 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠵᠠᠢ᠃ ᠣᠳᠣ ᠬᠤᠶᠠᠷᠰᠤᠮᠤ ᠪᠠᠯᠭᠠᠰᠤᠨ ᠤ ᠬᠤᠸᠠ ᠳ᠋ᠧᠩ ᠭᠠᠴᠠᠭᠠᠨ ᠤ ᠨᠠᠮ ᠤᠨ ᠡᠭᠦᠷ ᠤᠨ ᠱᠦᠵᠢ ᠶᠢᠨ ᠲᠤᠰᠢᠶᠠᠯ ᠲᠠᠢ᠃ ᠲᠤᠰᠢᠶᠠᠯ ᠡᠭᠦᠷᠭᠡᠯᠡᠭᠰᠡᠨ ᠠᠴᠠ ᠨᠠᠰᠢ᠂ ᠴᠧᠨ ᠬᠠᠢ ᠢᠮᠠᠭᠲᠠ ᠣᠷᠭᠢᠯᠤᠮ᠎ᠠ ᠬᠠᠯᠠᠭᠤᠨ ᠠᠵᠢᠯ ᠤᠨ ᠬᠠᠯᠠᠭᠤᠨ ᠰᠡᠳᠬᠢᠯᠭᠡ᠂ ᠴᠢᠩᠭ᠎ᠠ ᠨᠢᠮᠪᠠᠢ ᠠᠵᠢᠯ ᠤᠨ ᠰᠤᠷᠲᠠᠯ ᠢᠶᠠᠷ ᠭᠠᠴᠠᠭᠠᠨ ᠤ ︽ᠬᠤᠶᠠᠷ ᠵᠥᠪᠯᠡᠯ︾ ᠤᠨ ᠪᠠᠭ ᠤᠨ ᠪᠦᠷᠢᠯᠳᠦᠬᠦᠨ ᠢ ᠪᠦᠯᠬᠦᠮᠳᠡᠭᠦᠯᠦᠨ ᠳᠠᠭᠠᠭᠤᠯᠵᠤ᠂ ᠳᠡᠭᠡᠳᠦ ᠱᠠᠲᠤᠨ ᠠᠴᠠ ᠲᠤᠰᠢᠶᠠᠭᠰᠠᠨ ᠡᠯ᠎ᠡ ᠵᠦᠢᠯ ᠤᠨ ᠠᠵᠢᠯ ᠤᠨ ᠡᠭᠦᠷᠭᠡ ᠶᠢ ᠭᠠᠷᠮᠠᠭᠠᠢ ᠪᠡᠶᠡᠯᠡᠭᠦᠯᠵᠦ᠂ ᠨᠢᠭᠡᠳᠦᠯᠲᠡᠢ ᠰᠠᠶᠢᠨ ᠦᠨᠡᠯᠡᠯᠲᠡ ᠶᠢ ᠣᠯᠪᠠ᠃ 2021 ᠣᠨ ᠳᠤ ᠬᠤᠰᠢᠭᠤᠨ ᠤ ᠳᠡᠰ ᠤᠨ ︽ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠰᠠᠶᠢᠨ ᠨᠠᠮ ᠤᠨ ᠡᠭᠦᠷ ᠤᠨ ᠪᠢᠴᠢᠭ︾ ᠢᠶᠠᠷ ᠦᠨᠡᠯᠡᠭᠳᠡᠪᠡ︔ 2024 ᠣᠨ ᠤ 6 ᠰᠠᠷ᠎ᠠ ᠳᠤ ᠬᠢᠩᠭᠠᠨ ᠠᠶᠢᠮᠠᠭ ᠤᠨ ︽ᠰᠢᠯᠢᠳᠡᠭ ᠨᠠᠮ ᠤᠨ ᠠᠵᠢᠯ ᠤᠨ ᠠᠵᠢᠯᠲᠠᠨ︾ ᠢᠶᠠᠷ ᠦᠨᠡᠯᠡᠭᠳᠡᠪᠡ᠃    ᠦᠵᠡᠯ ᠰᠠᠨᠠᠭᠠᠨ ᠤ ᠪᠠᠶᠢᠭᠤᠯᠤᠯᠲᠠ ᠶᠢ ᠠᠳᠬᠤᠵᠤ᠂ ᠣᠨᠣᠯ ᠤᠨ ᠰᠠᠭᠤᠷᠢ ᠶᠢ ᠲᠠᠰᠤᠷᠠᠯᠲᠠ ‍ᠦᠭᠡᠢ ᠪᠠᠲᠤᠳᠬᠠᠬᠤ ᠬᠡᠷᠡᠭᠲᠡᠢ᠃ ᠴᠧᠨ ᠬᠠᠢ ᠭᠠᠴᠠᠭᠠᠨ ᠤ ︽ᠬᠤᠶᠠᠷ ᠵᠥᠪᠯᠡᠯ︾ ᠤᠨ ᠤᠳᠤᠷᠢᠳᠬᠤ ᠪᠠᠭ ᠪᠣᠯᠤᠨ ᠮᠠᠯᠴᠢᠨ ᠲᠠᠷᠢᠶᠠᠴᠢᠨ ᠨᠠᠮ ᠤᠨ ᠭᠡᠰᠢᠭᠦᠨ ᠤ ᠣᠨᠣᠯ ᠤᠨ ᠰᠠᠭᠤᠷᠢ ᠶᠢ ᠪᠠᠬᠢᠵᠢᠭᠦᠯᠵᠦ᠂ ᠭᠠᠴᠠᠭᠠᠨ ᠤ ︽ᠬᠤᠶᠠᠷ ᠵᠥᠪᠯᠡᠯ︾ ᠢ ᠳᠠᠭᠠᠭᠤᠯᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠪᠣᠯᠤᠨ ︽ᠨᠠᠮ ᠤᠨ ᠠᠴᠢ ᠶᠢ ᠮᠡᠳᠡᠷᠡᠬᠦ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠲᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠢ ᠥᠷᠨᠢᠭᠦᠯᠬᠦ ᠶᠢ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠨ ᠴᠢᠩᠭ᠎ᠠ ᠪᠣᠳᠠᠲᠠᠢ ᠠᠳᠬᠤᠵᠤ᠂ ︽ᠲᠥᠪᠯᠡᠷᠡᠭᠦᠯᠦᠨ ᠰᠤᠷᠤᠯᠴᠠᠬᠤ + ᠪᠡᠶ᠎ᠡ ᠪᠠᠨ ᠳᠠᠭᠠᠭᠠᠵᠤ ᠰᠤᠷᠤᠯᠴᠠᠬᠤ + ᠰᠤᠷᠤᠯᠴᠠᠯᠭ᠎ᠠ ᠶᠢ ᠭᠡᠷ ᠲᠤᠨᠢ ᠬᠦᠷᠭᠡᠬᠦ︾ ᠬᠡᠯᠪᠡᠷᠢ ᠪᠠᠷ ᠭᠠᠴᠠᠭᠠᠨ ᠤ ᠨᠠᠮ ᠤᠨ ᠭᠡᠰᠢᠭᠦᠨ ᠢ ᠵᠣᠬᠢᠶᠠᠨ ᠪᠠᠶᠢᠭᠤᠯᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ᠂ ᠨᠠᠮ ᠤᠨ ᠳᠦᠷᠢᠮ᠂ ︽ᠰᠢ ᠶᠢᠨ ᠫᠢᠩ ᠤᠨ ᠵᠣᠬᠢᠶᠠᠯ ᠢ ᠰᠣᠩᠭᠤᠨ ᠤᠩᠰᠢᠬᠤ︾ ᠵᠡᠷᠭᠡ ᠰᠤᠷᠤᠯᠴᠠᠯᠭ᠎ᠠ ᠶᠢᠨ ᠮᠠᠲ᠋ᠧᠷᠢᠶᠠᠯ᠂ ︽ᠵᠢᠷᠭᠤᠭᠠᠨ ᠦᠭᠡ︾ ᠶᠢᠨ ᠪᠣᠳᠠᠲᠤ ᠶᠠᠪᠤᠳᠠᠯ ᠪᠣᠯᠤᠨ ᠶᠣᠰᠣ ᠶᠢ ᠨᠠᠷᠢᠨ ᠬᠢᠨᠠᠮᠠᠭᠠᠢ ᠰᠤᠷᠤᠯᠴᠠᠭᠤᠯᠵᠤ᠂ ᠣᠳᠣ ᠪᠣᠯᠲᠠᠯ᠎ᠠ 23 ᠤᠳᠠᠭ᠎ᠠ ᠰᠤᠷᠤᠯᠴᠠᠬᠤ ᠮᠠᠲ᠋ᠧᠷᠢᠶᠠᠯ ᠢ ᠰᠦᠯᠵᠢᠶᠡᠨ ᠳᠡᠭᠡᠷ᠎ᠡ 57 ᠤᠳᠠᠭ᠎ᠠ ᠳᠠᠮᠵᠢᠭᠤᠯᠤᠨ ᠲᠠᠷᠬᠠᠭᠠᠵᠤ᠂ 5 ᠤᠳᠠᠭ᠎ᠠ ᠰᠤᠷᠤᠯᠴᠠᠯᠭ᠎ᠠ ᠶᠢ ᠭᠡᠷ ᠲᠤᠨᠢ ᠬᠦᠷᠭᠡᠪᠡ᠃    ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠶᠢ ᠠᠳᠬᠤᠵᠤ᠂ ᠨᠠᠮ ᠤᠨ ᠭᠡᠰᠢᠭᠦᠨ ᠤ ᠵᠢᠱᠢᠶᠡᠴᠢ ᠦᠢᠯᠡᠳᠦᠯ ᠢ ᠪᠠᠳᠠᠷᠠᠭᠤᠯᠤᠨ᠎ᠠ᠃ ᠲᠡᠷᠡ ᠨᠠᠮ ᠤᠨ ᠠᠵᠢᠯ ᠤᠨ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ ᠂ ᠨᠠᠮ ᠤᠨ ᠭᠡᠰᠢᠭᠦᠨ ᠢ ᠬᠥᠭᠵᠢᠭᠦᠯᠬᠦ᠂ ᠨᠠᠮ ᠤᠨ ᠭᠡᠰᠢᠭᠦᠨ ᠢ ᠬᠥᠮᠦᠵᠢᠭᠦᠯᠦᠨ ᠬᠠᠮᠢᠶᠠᠷᠬᠤ ᠵᠡᠷᠭᠡ ᠠᠵᠢᠯ ᠢ ᠢᠳᠡᠪᠬᠢᠲᠡᠢ ᠪᠣᠳᠣᠯᠬᠢᠯᠠᠪᠠ᠃ ᠨᠠᠮ ᠤᠨ ᠭᠡᠰᠢᠭᠦᠨ ᠢ ᠡᠯᠰᠡᠬᠦ ᠠᠵᠢᠯ ᠤᠨ ᠲᠠᠯ᠎ᠠ ᠪᠠᠷ᠂ ᠲᠡᠷᠡ ᠡᠮᠦᠨ᠎ᠡ ᠹᠷᠣᠨᠲ ᠲᠤ ᠨᠠᠮ ᠤᠨ ᠭᠡᠰᠢᠭᠦᠨ ᠢ ᠳᠠᠪᠲᠠᠨ ᠪᠣᠯᠪᠠᠰᠤᠷᠠᠭᠤᠯᠬᠤ᠂ ᠨᠠᠮ ᠤᠨ ᠭᠡᠰᠢᠭᠦᠨ ᠢ ᠢᠯᠭᠠᠨ ᠲᠠᠨᠢᠬᠤ᠂ ᠨᠠᠮ ᠤᠨ ᠭᠡᠰᠢᠭᠦᠨ ᠢ ᠡᠯᠰᠡᠬᠦ ᠶᠢ ᠪᠠᠷᠢᠮᠲᠠᠯᠠᠵᠤ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ᠂ ᠦᠶᠡᠷ ᠢ ᠰᠡᠷᠭᠡᠶᠢᠯᠡᠵᠦ ᠭᠠᠮᠰᠢᠭ ᠢ ᠰᠡᠷᠭᠡᠶᠢᠯᠡᠬᠦ ᠵᠡᠷᠭᠡ ᠪᠠᠴᠢᠮ ᠬᠦᠴᠢᠷ ᠠᠶᠤᠯᠲᠠᠢ ᠬᠦᠨᠳᠦ ᠠᠵᠢᠯ ᠤᠨ ᠢᠯᠡᠷᠡᠯ ᠲᠠᠢ ᠤᠶᠠᠯᠳᠤᠭᠤᠯᠤᠨ ᠰᠢᠯᠢᠳᠡᠭ ᠴᠢᠳᠠᠪᠤᠷᠢᠲᠠᠨ ᠢ ᠢᠯᠡᠷᠡᠭᠦᠯᠵᠦ᠂ ᠨᠠᠮ ᠤᠨ ᠭᠡᠰᠢᠭᠦᠨ ᠢ ᠡᠯᠰᠡᠬᠦ ︽ᠣᠷᠣᠬᠤ ᠡᠭᠦᠳᠡ︾ ᠶᠢ ᠪᠠᠲᠤ ᠡᠵᠡᠮᠳᠡᠪᠡ᠃ 2020 ᠣᠨ ᠠᠴᠠ ᠣᠳᠣ ᠪᠣᠯᠲᠠᠯ᠎ᠠ 7 ᠨᠠᠮ ᠤᠨ ᠭᠡᠰᠢᠭᠦᠨ ᠢ ᠡᠯᠰᠡᠪᠡ᠃ ᠲᠡᠭᠦᠨ ᠤ ᠳᠠᠭᠠᠭᠤᠯᠭ᠎ᠠ ᠳᠣᠣᠷ᠎ᠠ᠂ ᠬᠤᠸᠠ ᠳ᠋ᠧᠩ ᠭᠠᠴᠠᠭ᠎ᠠ ᠳᠤ ᠲᠤᠰ ᠪᠡᠶ᠎ᠡ ᠶᠢᠨ ᠬᠡᠪ ᠴᠢᠨᠠᠷ ᠢᠶᠠᠷ ᠥᠨᠳᠥᠷ᠂ ᠠᠷᠠᠳ ᠤᠨ ᠲᠥᠯᠥᠭᠡ ᠪᠣᠳᠠᠲᠠᠢ ᠠᠵᠢᠯ ᠬᠢᠵᠦ ᠪᠠᠶᠢᠭ᠎ᠠ ᠨᠠᠮ ᠤᠨ ᠭᠡᠰᠢᠭᠦᠨ ᠤ ᠡᠩᠨᠡᠭᠡ ᠲᠠᠢ᠃ ᠵᠢᠯ ᠤᠨ ᠡᠬᠢᠨ ᠠᠴᠠ ᠨᠠᠰᠢ᠂ ᠣᠯᠠᠨ ᠲᠦᠮᠡᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠤᠴᠢᠷ ᠶᠠᠪᠤᠳᠠᠯ ᠢ 100 ᠭᠠᠷᠤᠢ ᠤᠳᠠᠭ᠎ᠠ ᠰᠢᠢᠳᠪᠦᠷᠢᠯᠡᠵᠦ᠂ ᠪᠦᠬᠦ ᠨᠠᠮ ᠤᠨ ᠭᠡᠰᠢᠭᠦᠳ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠡᠭᠦᠷᠭᠡ ᠳᠤ 5 ᠤᠳᠠᠭ᠎ᠠ ᠣᠷᠣᠯᠴᠠᠪᠠ᠃ ᠨᠠᠮ ᠤᠨ ᠭᠡᠰᠢᠭᠦᠨ ᠤ ᠠᠵᠢᠯ ᠬᠢᠵᠦ ᠦᠢᠯᠡᠰ ᠪᠤᠰᠬᠠᠬᠤ ᠬᠥᠳᠡᠯᠭᠡᠬᠦ ᠬᠦᠴᠦᠨ ᠢ ᠭᠦᠢᠴᠡᠳ ᠬᠥᠭᠵᠢᠭᠡᠵᠦ᠂ ︽ᠨᠢᠭᠡ ᠨᠠᠮ ᠤᠨ ᠡᠭᠦᠷ ᠤᠨ ᠨᠢᠭᠡ ᠪᠠᠬᠢᠯᠡᠯᠲᠡ︾ ᠶᠢᠨ ᠦᠢᠯᠡᠳᠦᠯ ᠢ ᠭᠦᠢᠴᠡᠳ ᠪᠠᠳᠠᠷᠠᠭᠤᠯᠪᠠ᠃    ᠠᠵᠤ ᠦᠢᠯᠡᠰ ᠤᠨ ᠬᠥᠭᠵᠢᠯᠲᠡ ᠶᠢ ᠠᠳᠬᠤᠵᠤ᠂ ᠲᠣᠰᠬᠤᠨ ᠤ ᠠᠷᠠᠳ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠪᠠ᠃ ᠲᠡᠷᠡ ᠨᠠᠮ ᠤᠨ ᠡᠭᠦᠷ ᠢ ᠳᠠᠭᠠᠭᠤᠯᠤᠨ ᠰᠡᠳᠬᠢᠬᠦᠢ ᠶᠢᠨ ᠠᠷᠭ᠎ᠠ ᠬᠡᠯᠪᠡᠷᠢ ᠪᠣᠯᠤᠨ ᠠᠵᠢᠯ ᠤᠨ ᠠᠷᠭ᠎ᠠ ᠪᠠᠷ ᠰᠢᠪᠲᠤᠯᠤᠯᠲᠠ ᠪᠣᠯᠭᠠᠵᠤ᠂ ᠨᠠᠮ ᠤᠨ ᠡᠭᠦᠷ ᠤᠨ ᠳᠠᠭᠠᠭᠤᠯᠤᠨ ᠡᠷᠬᠢᠯᠡᠭᠰᠡᠨ ᠬᠤᠷᠰᠢ᠊ ᠡᠶ᠎ᠡ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠯ᠎ᠡ ᠲᠥᠷᠥᠯ ᠤᠨ ᠭᠤᠣᠯ ᠴᠣᠭᠴᠠ ᠲᠠᠢ ᠪᠦᠲᠦᠮᠵᠢᠲᠡᠢ ᠬᠤᠯᠪᠣᠵᠠᠢ᠃ ︽ᠨᠠᠮ ᠤᠨ ᠡᠭᠦᠷ + ᠴᠢᠨᠡᠭᠡᠯᠢᠭᠵᠢᠯ ᠤᠨ ᠳᠠᠭᠠᠭᠤᠯᠤᠭᠴᠢ + ᠮᠠᠯᠵᠢᠬᠤ ᠲᠠᠷᠢᠶᠠᠯᠠᠬᠤ ᠡᠷᠦᠬᠡ︾ ᠶᠢᠨ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠵᠠᠭᠪᠤᠷ ᠢ ᠶᠡᠬᠡᠪᠡᠷ ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠡᠷᠦᠬᠡ ᠲᠠᠢ ᠠᠰᠢᠭ ᠲᠤᠰᠠ ᠶᠢᠨ ᠬᠤᠯᠪᠣᠭᠠᠨ ᠤ ᠲᠣᠭᠲᠠᠴᠠ ᠶᠢ ᠪᠠᠶᠢᠭᠤᠯᠤᠨ᠂ ᠬᠥᠮᠦᠨ ᠮᠠᠯ ᠢ ᠰᠠᠯᠭᠠᠵᠤ ᠲᠡᠵᠢᠭᠡᠨ ᠦᠷᠡᠵᠢᠭᠦᠯᠬᠦ ᠵᠢᠵᠢᠭ ᠲᠣᠭᠤᠷᠢᠭ ᠢ ᠪᠦᠲᠦᠭᠡᠨ ᠪᠠᠶᠢᠭᠤᠯᠬᠤ ᠪᠠᠷ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠬᠤ ᠴᠢᠬᠤᠯᠠ ᠰᠢᠪᠲᠤᠯᠤᠯᠲᠠ ᠶᠢᠨ ᠴᠡᠭ ᠪᠣᠯᠭᠠᠵᠤ᠂ ᠨᠠᠢᠮᠠᠨ ᠤ ᠳᠣᠪᠤ ᠠᠶᠢᠯ ᠠᠶᠢᠯ ᠳᠤ ᠲᠥᠪᠯᠡᠷᠡᠭᠦᠯᠦᠨ ᠲᠡᠵᠢᠭᠡᠨ ᠦᠷᠡᠵᠢᠭᠦᠯᠬᠦ ᠵᠢᠵᠢᠭ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠤᠷᠰᠢᠨ ᠠᠬᠢᠭᠤᠯᠵᠤ᠂ ᠬᠠᠷᠢᠶᠠᠲᠤ ᠣᠷᠣᠨ ᠤ ᠣᠯᠠᠨ ᠲᠦᠮᠡᠨ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠤᠨ᠎ᠠ᠃ 2023 ᠣᠨ ᠳᠤ ᠬᠤᠸᠠ ᠳ᠋ᠧᠩ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ ᠨᠡᠶᠢᠲᠡ 97.9 ᠲᠦᠮᠡᠨ ᠲᠥᠭᠦᠷᠢᠭ ᠲᠤ ᠬᠦᠷᠴᠡᠢ᠃    ᠲᠡᠷᠡ ᠪᠣᠳᠠᠲᠤ ᠠᠵᠢᠯᠯᠠᠭ᠎ᠠ ᠪᠠᠷ ᠢᠶᠠᠨ ᠰᠢᠯᠢᠳᠡᠭ ᠨᠠᠮ ᠤᠨ ᠡᠭᠦᠷ ᠤᠨ ᠱᠦᠵᠢ ᠶᠢᠨ ᠬᠠᠷᠢᠭᠤᠴᠠᠯᠭ᠎ᠠ ᠪᠣᠯᠤᠨ ᠡᠭᠦᠷᠭᠡᠯᠡᠯ ᠢ ᠲᠠᠶᠢᠯᠪᠤᠷᠢᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号