ᠼᠠᠢ ᠪᠦᠦ ᠵᠢᠶᠦ᠋ᠨ ᠲᠠᠷᠢᠶᠠᠯᠠᠩ ᠤᠨ ᠦᠢᠯᠡᠳᠪᠦᠷᠢᠯᠡᠯ᠂ ᠬᠤᠵᠢᠷᠯᠢᠭ ᠭᠠᠵᠠᠷ ᠢ ᠵᠠᠰᠠᠬᠤ ᠪᠠ ᠭᠤᠣᠯᠳᠠᠯᠭ᠎ᠠ ᠲᠠᠢ ᠭᠤᠣᠯ ᠮᠥᠷᠡᠨ ᠤ ᠦᠶᠡᠷ ᠢ ᠰᠡᠷᠭᠡᠶᠢᠯᠡᠬᠦ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2024/7/22
   7 ᠰᠠᠷ᠎ᠠ ᠶᠢᠨ 20 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠼᠠᠢ ᠪᠦᠦ ᠵᠢᠶᠦ᠋ᠨ ᠭᠤᠣᠯ ᠤᠨ ᠪᠠᠶᠢᠰᠢᠩ ᠪᠠᠯᠭᠠᠰᠤ᠂ ᠬᠤᠶᠠᠷᠰᠤᠮᠤ ᠪᠠᠯᠭᠠᠰᠤᠨ ᠳᠤ ᠭᠦᠨᠵᠡᠭᠡᠶᠢᠷᠡᠨ᠂ ᠡᠷᠳᠡᠨᠢ ᠰᠢᠰᠢ ᠶᠢᠨ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ᠂ ᠬᠤᠤᠯᠢᠩᠭᠤᠤᠯ ᠤᠨ ᠠᠶᠤᠯᠲᠠᠢ ᠪᠠᠷᠢᠯᠭ᠎ᠠ ᠠᠶᠤᠯᠲᠠᠢ ᠬᠡᠰᠡᠭ ᠤᠨ ᠦᠶᠡᠷ ᠢ ᠰᠡᠷᠭᠡᠶᠢᠯᠡᠬᠦ᠂ ᠬᠤᠵᠢᠷᠯᠢᠭ ᠭᠠᠵᠠᠷ ᠤᠨ ᠲᠡᠵᠢᠭᠡᠯ ᠡᠪᠡᠰᠦ ᠪᠣᠷᠳᠤᠭ᠎ᠠ ᠲᠠᠷᠢᠬᠤ ᠵᠡᠷᠭᠡ ᠠᠵᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠪᠠ᠃    ᠼᠠᠢ ᠪᠦᠦ ᠵᠢᠶᠦ᠋ᠨ ᠴᠢᠬᠤᠯᠠᠴᠢᠯᠠᠭᠰᠠᠨ ᠨᠢ᠂ ᠠᠮᠤ ᠪᠤᠳᠠᠭᠠᠨ ᠤ ᠠᠮᠤᠷ ᠲᠦᠪᠰᠢᠨ ᠤ ᠬᠦᠨᠳᠦ ᠡᠭᠦᠷᠭᠡ ᠶᠢ ᠡᠷᠡᠰ ᠪᠠᠲᠤ ᠡᠭᠦᠷᠭᠡᠯᠡᠵᠦ᠂ ᠲᠠᠷᠢᠮᠠᠯ ᠤᠨ ᠲᠠᠷᠢᠶᠠᠨ ᠭᠠᠵᠠᠷ ᠤᠨ ᠬᠠᠮᠢᠶᠠᠷᠤᠯᠲᠠ ᠪᠣᠯᠤᠨ ᠲᠠᠷᠢᠶᠠᠯᠠᠩ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠠᠵᠢᠯ ᠢ ᠴᠢᠩᠭᠠᠳᠬᠠᠵᠤ᠂ ᠲᠠᠷᠢᠮᠠᠯ ᠤᠨ ᠤᠷᠭᠤᠴᠠ ᠶᠢᠨ ᠪᠠᠶᠢᠳᠠᠯ ᠢ ᠨᠢᠭᠲᠠ ᠠᠩᠬᠠᠷᠴᠤ᠂ ᠲᠠᠷᠢᠶᠠᠯᠠᠩ ᠤᠨ ᠦᠢᠯᠡᠳᠪᠦᠷᠢᠯᠡᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ᠃ ᠰᠢᠨᠵᠢᠯᠡᠬᠦ ᠤᠬᠠᠭᠠᠨᠴᠢ ᠪᠠᠷ ᠪᠡᠯᠡ ᠣᠷᠣᠭᠤᠯᠬᠤ᠂ ᠪᠠᠶᠢᠭᠤᠯᠬᠤ ᠪᠠ ᠬᠠᠮᠢᠶᠠᠷᠬᠤ ᠶᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠬᠠᠮᠠᠭᠠᠯᠠᠯᠲᠠ ᠶᠢᠨ ᠠᠵᠢᠯ ᠢ ᠦᠷᠭᠦᠯᠵᠢᠯᠡᠨ ᠴᠢᠩᠭᠠᠳᠬᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠠᠷᠢᠶᠠᠯᠠᠩ ᠤᠨ ᠲᠣᠭᠲᠠᠭᠤᠨ ᠪᠥᠭᠡᠳ ᠥᠨᠳᠥᠷ ᠤᠨᠠᠯᠲᠠ ᠲᠠᠢ ᠪᠠᠶᠢᠬᠤ ᠶᠢ ᠪᠡᠶᠡᠯᠡᠭᠦᠯᠬᠦ ᠲᠠᠯ᠎ᠠ ᠪᠠᠷ ᠬᠢ ᠲᠤᠯᠭᠠᠭᠤᠷᠢᠯᠠᠨ ᠪᠠᠲᠤᠯᠠᠬᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ᠃ ᠰᠡᠷᠭᠡᠶᠢᠯᠡᠨ ᠡᠵᠡᠮᠳᠡᠬᠦ ᠪᠣᠭᠤᠮᠲᠠ ᠶᠢ ᠤᠷᠤᠭᠰᠢ ᠰᠢᠯᠵᠢᠭᠦᠯᠬᠦ ᠶᠢ ᠪᠠᠷᠢᠮᠲᠠᠯᠠᠵᠤ᠂ ᠤᠮᠠᠷᠠᠲᠤ ᠶᠢᠨ ᠪᠣᠭᠤᠮ᠎ᠠ ᠡᠪᠡᠳᠴᠢᠨ ᠵᠡᠷᠭᠡ ᠡᠷᠳᠡᠨᠢ ᠰᠢᠰᠢ ᠶᠢᠨ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠪᠦᠬᠦ ᠵᠢᠯ ᠤᠨ ᠠᠮᠤ ᠪᠤᠳᠠᠭᠠᠨ ᠤ ᠡᠯᠪᠡᠭ ᠬᠤᠷᠢᠶᠠᠯᠲᠠ ᠶᠢᠨ ᠰᠠᠭᠤᠷᠢ ᠶᠢ ᠪᠠᠬᠢᠵᠢᠭᠦᠯᠬᠦ ᠬᠡᠷᠡᠭᠲᠡᠢ᠃ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠰᠠᠨ ᠪᠦᠯᠬᠦᠮ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠵᠡᠭᠦᠨ ᠬᠤᠶᠢᠲᠤ ᠣᠷᠣᠨ ᠤ ᠭᠠᠵᠠᠷ ᠵᠦᠢ ᠪᠠ ᠲᠠᠷᠢᠶᠠᠯᠠᠩ ᠤᠨ ᠰᠤᠳᠤᠯᠭᠠᠨ ᠤ ᠭᠠᠵᠠᠷ ᠵᠡᠷᠭᠡ ᠰᠢᠨᠵᠢᠯᠡᠬᠦ ᠤᠬᠠᠭᠠᠨ ᠤ ᠰᠤᠳᠤᠯᠭᠠᠨ ᠤ ᠶᠡᠭᠡ ᠳᠡᠭᠡᠳᠦ ᠰᠤᠷᠭᠠᠭᠤᠯᠢ ᠶᠢᠨ ᠳᠠᠪᠠᠭᠤᠯᠢᠭ ᠢ ᠭᠦᠢᠴᠡᠳ ᠠᠰᠢᠭᠯᠠᠵᠤ᠂ ᠲᠣᠬᠢᠷᠠᠮᠵᠢᠲᠠᠢ ᠲᠥᠷᠥᠯ ᠵᠦᠢᠯ ᠢ ᠣᠷᠣᠭᠤᠯᠤᠨ ᠠᠪᠴᠢᠷᠠᠬᠤ᠂ ᠮᠡᠷᠭᠡᠵᠢᠯ ᠤᠨ ᠪᠣᠭᠤᠮᠢ ᠶᠢ ᠰᠢᠪᠲᠤᠯᠬᠤ᠂ ᠰᠢᠨᠵᠢᠯᠡᠬᠦ ᠤᠬᠠᠭᠠᠨ ᠮᠡᠷᠭᠡᠵᠢᠯ ᠢ ᠬᠤᠪᠢᠷᠠᠭᠤᠯᠤᠨ ᠬᠡᠷᠡᠭᠯᠡᠬᠦ ︽ᠬᠠᠮ ᠨᠢᠳᠤᠷᠭ᠎ᠠ︾ ᠶᠢ ᠰᠠᠶᠢᠲᠤᠷ ᠬᠢᠵᠦ᠂ ᠬᠤᠵᠢᠷᠯᠢᠭ ᠭᠠᠵᠠᠷ ᠢ ᠵᠠᠰᠠᠬᠤ ᠰᠢᠨ᠎ᠡ ᠵᠠᠭᠪᠤᠷ ᠢ ᠰᠦᠪᠡᠭᠴᠢᠯᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠢᠶᠠᠷ ᠬᠤᠷᠴᠢᠨ ᠤ ᠡᠯᠡᠰᠦᠷᠬᠡᠭ ᠭᠠᠵᠠᠷ ᠢ ᠤᠰᠠᠳᠬᠠᠬᠤ ᠳᠠᠶᠢᠨ ᠳᠤ ᠬᠦᠴᠦᠯᠡᠨ ᠬᠦᠴᠦᠨ ᠨᠡᠮᠡᠷᠢᠯᠡᠬᠦ ᠬᠡᠷᠡᠭᠲᠡᠢ᠃ ︽ᠳᠣᠯᠣᠭᠠᠨ ᠰᠠᠷ᠎ᠠ ᠶᠢᠨ ᠰᠡᠭᠦᠯᠴᠢ ᠨᠠᠢᠮᠠᠨ ᠰᠠᠷ᠎ᠠ ᠶᠢᠨ ᠡᠬᠢᠨ︾ ᠤ ᠦᠶᠡᠷ ᠢ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭ᠎ᠠ ᠶᠢ ᠴᠢᠩᠭ᠎ᠠ ᠠᠩᠬᠠᠷᠴᠤ᠂ ᠭᠠᠮᠰᠢᠭ ᠤᠨ ᠴᠢᠨᠠᠷᠲᠠᠢ ᠴᠠᠭ ᠠᠭᠤᠷ ᠪᠠ ᠪᠣᠷᠣᠭᠠᠨ ᠤ ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠦᠷᠭᠦᠯᠵᠢᠯᠡᠨ ᠴᠢᠩᠭᠠᠳᠬᠠᠵᠤ᠂ ᠭᠤᠣᠯᠳᠠᠯᠭ᠎ᠠ ᠲᠠᠢ ᠭᠤᠣᠯ ᠮᠥᠷᠡᠨ ᠢ ᠲᠣᠭᠤᠷᠢᠨ ᠪᠠᠶᠢᠴᠠᠭᠠᠵᠤ ᠰᠡᠷᠭᠡᠶᠢᠯᠡᠨ ᠬᠠᠮᠠᠭᠠᠯᠠᠬᠤ ᠠᠵᠢᠯ ᠤᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠪᠠᠴᠢᠮ ᠪᠠᠶᠢᠳᠠᠯ ᠢ ᠠᠷᠭᠠᠴᠠᠬᠤ ᠬᠦᠴᠦᠨ ᠢ ᠤᠷᠢᠳᠴᠢᠯᠠᠨ ᠪᠠᠶᠢᠷᠢᠯᠠᠭᠤᠯᠬᠤ ᠪᠠ ᠤᠷᠢᠳᠴᠢᠯᠠᠨ ᠰᠡᠷᠭᠡᠶᠢᠯᠡᠬᠦ ᠶᠢ ᠴᠢᠩᠭᠠᠷᠠᠭᠤᠯᠤᠨ᠂ ᠦᠶᠡᠷ ᠢ ᠰᠡᠷᠭᠡᠶᠢᠯᠡᠬᠦ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠵᠤ᠂ ᠭᠠᠮᠰᠢᠭ ᠤᠨ ᠪᠠᠶᠢᠳᠠᠯ ᠭᠠᠷᠤᠮᠠᠭᠴᠠ ᠴᠠᠭ ᠲᠤᠬᠠᠢ ᠳᠤᠨᠢ ᠪᠦᠲᠦᠮᠵᠢᠲᠡᠢ ᠰᠢᠢᠳᠪᠦᠷᠢᠯᠡᠬᠦ ᠶᠢ ᠦᠨᠡᠨ ᠬᠦ ᠪᠠᠲᠤᠯᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠤᠭ ᠤᠨ ᠶᠡᠭᠡ ᠬᠡᠮᠵᠢᠶ᠎ᠡ ᠪᠠᠷ ᠪᠠᠲᠤᠯᠠᠬᠤ ᠬᠡᠷᠡᠭᠲᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号