ᠪᠡᠭᠡᠵᠢᠩ ᠬᠤᠲᠠ ᠶᠢᠨ ᠬᠠᠶᠢᠳᠢᠶᠠᠨ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠪᠣᠯᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠡᠭᠦᠨ ᠪᠠᠷᠠᠭᠤᠨ ᠬᠡᠰᠡᠭ ᠤᠨ ᠬᠠᠮᠵᠢᠯᠴᠠᠬᠤ ᠠᠵᠢᠯ ᠤᠨ ᠶᠠᠷᠢᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/7/22
   7 ᠰᠠᠷ᠎ᠠ ᠶᠢᠨ 19 ᠤ ᠡᠳᠦᠷ᠂ ᠪᠡᠭᠡᠵᠢᠩ ᠬᠤᠲᠠ ᠶᠢᠨ ᠬᠠᠢ ᠳ᠋ᠢᠶᠠᠨ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠡᠭᠦᠨ ᠪᠠᠷᠠᠭᠤᠨ ᠬᠡᠰᠡᠭ ᠤᠨ ᠬᠠᠮᠵᠢᠯᠴᠠᠬᠤ ᠠᠵᠢᠯ ᠤᠨ ᠶᠠᠷᠢᠯᠴᠠᠬᠤ ᠬᠤᠷᠠᠯ ᠬᠤᠷᠠᠯᠳᠤᠪᠠ᠃ ᠬᠠᠶᠢᠳᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠨ ᠬᠠᠩ᠂ ᠬᠠᠶᠢᠳᠢᠶᠠᠨ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠠᠵᠢᠯ ᠤᠨ ᠵᠥᠪᠯᠡᠯ ᠤᠨ ᠱᠦᠵᠢ᠂ ᠡᠷᠬᠢᠯᠡᠭᠴᠢ ᠯᠢ ᠶᠢᠨ ᠲᠤᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠸᠠᠩ ᠬᠠᠢ ᠶᠢᠩ ᠬᠤᠷᠠᠯ ᠳᠤ ᠣᠷᠣᠯᠴᠠᠵᠠᠢ᠃    ᠶᠠᠷᠢᠯᠴᠠᠬᠤ ᠬᠤᠷᠠᠯ ᠳᠡᠭᠡᠷ᠎ᠡ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠠᠷᠢᠭᠤᠴᠠᠯᠭᠠᠲᠠᠨ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠡᠮᠴᠢᠯᠡᠭᠡᠨ ᠤ ᠬᠠᠮᠵᠢᠯᠴᠠᠭᠠᠨ ᠤ ᠠᠵᠢᠯ ᠢ ᠥᠷᠨᠢᠭᠦᠯᠦᠭᠰᠡᠨ ᠪᠠᠶᠢᠳᠠᠯ ᠵᠢᠴᠢ ᠢᠷᠡᠭᠡᠳᠦᠢ ᠶᠢᠨ ᠠᠵᠢᠯ ᠤᠨ ᠰᠡᠳᠬᠢᠮᠵᠢ ᠶᠢ ᠲᠠᠨᠢᠯᠴᠠᠭᠤᠯᠪᠠ᠃    ᠸᠠᠩ ᠬᠠᠢ ᠶᠢᠩ ᠠᠴᠠ ᠪᠡᠭᠡᠵᠢᠩ ᠬᠤᠲᠠ ᠶᠢᠨ ᠬᠠᠶᠢᠳᠢᠶᠠᠨ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠠᠷᠢᠭᠤᠴᠠᠯᠭᠠᠲᠠᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠭᠰᠡᠨ ᠪᠥᠭᠡᠳ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠦᠨᠳᠦᠰᠦᠨ ᠪᠠᠶᠢᠳᠠᠯ ᠢ ᠲᠣᠪᠴᠢ ᠲᠠᠨᠢᠯᠴᠠᠭᠤᠯᠪᠠ᠃ ᠸᠠᠩ ᠬᠠᠢ ᠶᠢᠩ ᠠᠴᠠ᠂ 2021 ᠣᠨ ᠤ ᠬᠠᠶᠢᠳᠢᠶᠠᠨ ᠲᠣᠭᠤᠷᠢᠭ ᠪᠣᠯᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠵᠡᠭᠦᠨ ᠪᠠᠷᠠᠭᠤᠨ ᠬᠡᠰᠡᠭ ᠤᠨ ᠬᠠᠮᠵᠢᠯᠴᠠᠨ ᠬᠤᠣᠰᠯᠠᠬᠤ ᠬᠠᠷᠢᠴᠠᠭ᠎ᠠ ᠪᠠᠶᠢᠭᠤᠯᠤᠭᠰᠠᠨ ᠠᠴᠠ ᠨᠠᠰᠢ᠂ ᠬᠠᠶᠢᠳᠢᠶᠠᠨ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠪᠦᠬᠦ ᠲᠠᠯ᠎ᠠ ᠶᠢᠨ᠂ ᠨᠠᠷᠢᠯᠢᠭ ᠣᠨᠣᠴᠠᠲᠠᠢ᠂ ᠦᠨᠡᠨ ᠪᠣᠳᠠᠲᠠᠢ ᠬᠠᠪᠰᠤᠷᠤᠯᠭ᠎ᠠ ᠳᠡᠮᠵᠢᠯᠭᠡ ᠳᠣᠣᠷ᠎ᠠ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠮᠴᠢᠯᠡᠭᠡᠨ ᠤ ᠰᠢᠰᠲ᠋ᠧᠮ ᠲᠠᠰᠤᠷᠠᠯᠲᠠ ᠥᠬᠡᠶ ᠲᠡᠭᠦᠯᠳᠡᠷᠵᠢᠵᠦ᠂ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠢᠯᠡᠳᠲᠡ ᠳᠡᠭᠡᠭᠰᠢᠯᠡᠵᠦ᠂ ᠲᠤᠬᠠᠢ ᠶᠢᠨ ᠭᠠᠵᠠᠷ ᠤᠨ ᠠᠷᠠᠳ ᠣᠯᠠᠨ ᠨᠠᠩ ᠴᠢᠨᠠᠷ ᠰᠠᠶᠢᠲᠠᠢ ᠥᠨᠳᠥᠷ ᠪᠦᠲᠦᠮᠵᠢᠲᠡᠢ ᠡᠷᠡᠭᠦᠯ ᠮᠡᠨᠳᠦ ᠶᠢᠨ ᠦᠢᠯᠡᠴᠢᠯᠡᠭᠡ ᠭᠥᠷᠳᠡᠪᠡ᠃ ᠢᠷᠡᠭᠡᠳᠦᠢ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠦᠷᠭᠦᠯᠵᠢᠯᠡᠨ ᠠᠵᠢᠯ ᠤᠨ ᠠᠷᠭ᠎ᠠ ᠬᠡᠯᠪᠡᠷᠢ ᠪᠠᠨ ᠰᠢᠨᠡᠴᠢᠯᠡᠵᠦ᠂ ᠬᠠᠶᠢᠳᠢᠶᠠᠨ ᠲᠣᠭᠤᠷᠢᠭ ᠯᠤᠭ᠎ᠠ ᠶᠢᠨ ᠬᠠᠷᠢᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ ᠂ ᠬᠤᠶᠠᠷ ᠲᠠᠯ᠎ᠠ ᠪᠠᠷ ᠢᠶᠠᠨ ᠭᠠᠷ ᠬᠤᠯᠪᠣᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠥᠭᠵᠢᠯᠲᠡ ᠳᠤ ᠬᠠᠮᠲᠤ ᠪᠠᠷ ᠬᠦᠴᠦᠨ ᠨᠡᠮᠡᠷᠢᠯᠡᠨ᠎ᠡ᠃    ᠯᠢᠨ ᠬᠠᠩ ᠢᠯᠡᠷᠬᠡᠶᠢᠯᠡᠬᠦ ᠳᠡᠭᠡᠨ᠂ ᠬᠤᠶᠠᠷ ᠲᠠᠯ᠎ᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠤᠨ ᠬᠢᠨ ᠵᠡᠭᠦᠨ ᠪᠠᠷᠠᠭᠤᠨ ᠣᠷᠣᠨ ᠤ ᠬᠠᠮᠵᠢᠯᠴᠠᠬᠤ ᠠᠵᠢᠯ ᠢ ᠤᠯᠠᠮ ᠨᠢᠭᠡ ᠠᠯᠬᠤᠮ ᠨᠡᠪᠲᠡᠷᠡᠯᠴᠡᠵᠦ᠂ ᠵᠥᠪᠳᠡᠯᠴᠡᠵᠦ᠂ ᠬᠠᠮᠵᠢᠯᠴᠠᠨ ᠬᠠᠪᠰᠤᠷᠤᠨ ᠲᠡᠳᠬᠦᠬᠦ ᠠᠵᠢᠯ ᠤᠨ ᠬᠡᠷᠡᠭᠴᠡᠭᠡ ᠪᠠ ᠬᠤᠶᠢᠰᠢᠳᠠ ᠶᠢᠨ ᠠᠵᠢᠯ ᠤᠨ ᠴᠢᠭᠯᠡᠯ ᠢᠶᠠᠨ ᠲᠣᠳᠣᠷᠬᠠᠶᠢᠯᠠᠵᠤ᠂ ᠬᠠᠶᠢᠳᠢᠶᠠᠨ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠪᠦᠬᠦ ᠲᠠᠯ᠎ᠠ ᠪᠠᠷ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠡᠷᠴᠢᠮ ᠢᠶᠠᠨ ᠰᠤᠯᠠᠷᠠᠭᠤᠯᠬᠤ ᠦᠭᠡᠢ᠂ ᠴᠢᠭᠯᠡᠯ ᠢᠶᠠᠨ ᠬᠤᠪᠢᠷᠠᠭᠤᠯᠬᠤ ᠦᠭᠡᠢ᠂ ᠠᠷᠭ᠎ᠠ ᠬᠡᠮᠵᠢᠶ᠎ᠡ ᠪᠠᠨ ᠲᠠᠰᠤᠷᠠᠯᠲᠠ ᠦᠭᠡᠢ ᠪᠠᠶᠢᠯᠭᠠᠬᠤ ᠶᠢ ᠪᠠᠲᠤᠯᠠᠵᠤ᠂ ᠵᠡᠭᠦᠨ ᠪᠠᠷᠠᠭᠤᠨ ᠣᠷᠣᠨ ᠤ ᠬᠠᠮᠵᠢᠯᠴᠠᠬᠤ ᠠᠵᠢᠯ ᠢ ᠦᠨᠡᠨ ᠬᠦ ᠪᠣᠳᠠᠲᠠᠢ ᠪᠥᠭᠡᠳ ᠨᠠᠷᠢᠯᠢᠭ ᠬᠢᠬᠦ ᠬᠡᠷᠡᠭᠲᠡᠢ ᠭᠡᠵᠡᠢ᠃ ᠨᠠᠷᠢᠯᠢᠭ ᠣᠨᠣᠴᠠᠲᠠᠢ ᠪᠠᠷ ᠬᠠᠪᠰᠤᠷᠤᠨ ᠲᠡᠳᠬᠦᠬᠦ ᠳᠤ ᠪᠦᠬᠦ ᠲᠠᠯ᠎ᠠ ᠪᠠᠷ ᠠᠩᠬᠠᠷᠤᠯ ᠢᠶᠠᠨ ᠲᠥᠪᠯᠡᠷᠡᠭᠦᠯᠬᠦ ᠶᠢᠨ ᠬᠠᠮᠲᠤ ᠬᠠᠪᠰᠤᠷᠤᠨ ᠲᠡᠳᠬᠦᠬᠦ ᠠᠵᠢᠯ ᠢ ᠬᠤᠰᠢᠭᠤ᠂ ᠰᠤᠮᠤ ᠪᠠᠯᠭᠠᠰᠤ ᠲᠡᠰᠢ ᠤᠷᠲᠤᠳᠬᠠᠵᠤ᠂ ᠦᠨᠳᠦᠰᠦᠨ ᠱᠠᠲᠤᠨ ᠤ ᠱᠠᠲᠤ ᠬᠤᠪᠢᠶᠠᠨ ᠣᠨᠣᠰᠢᠯᠠᠨ ᠡᠮᠨᠡᠬᠦ ᠰᠢᠰᠲ᠋ᠧᠮ ᠤᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠬᠤ ᠶᠢᠨ ᠬᠠᠮᠲᠤ ᠬᠠᠪᠰᠤᠷᠤᠨ ᠲᠡᠳᠬᠦᠬᠦ ᠠᠵᠢᠯ ᠤᠨ ᠲᠣᠭᠲᠠᠴᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠬᠠᠮᠵᠢᠯᠴᠠᠨ ᠬᠠᠪᠰᠤᠷᠤᠨ ᠲᠡᠳᠬᠦᠬᠦ ᠠᠵᠢᠯ ᠤᠨ ᠡᠭᠦᠷᠭᠡ ᠪᠠᠨ ᠴᠢᠨᠠᠷ ᠰᠠᠶᠢᠲᠠᠢ ᠪᠡᠶᠡᠯᠡᠭᠦᠯᠬᠦ ᠶᠢ ᠦᠨᠡᠨ ᠬᠦ ᠪᠠᠲᠤᠯᠠᠵᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠡᠩ ᠥᠨᠳᠥᠷ ᠳᠡᠰ ᠳᠠᠪᠬᠤᠷᠭ᠎ᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠨ᠎ᠡ ᠪᠠᠶᠢᠷᠢᠰᠢᠯ ᠢ ᠪᠠᠶᠢᠭᠤᠯᠬᠤ ᠳᠤ ᠬᠦᠴᠦᠨ ᠨᠡᠮᠡᠷᠢᠯᠡᠬᠦ ᠬᠡᠷᠡᠭᠲᠡᠢ᠃    ᠬᠤᠷᠠᠯ ᠤᠨ ᠳᠠᠷᠠᠭ᠎ᠠ᠂ ᠯᠢᠨ ᠬᠠᠩ ᠨᠠᠷ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠬᠠᠮᠢᠶ᠎ᠠ ᠪᠦᠬᠦᠢ ᠡᠮᠨᠡᠯᠭᠡ ᠶᠢᠨ ᠬᠤᠷᠢ᠊ ᠡᠶ᠎ᠡ ᠳᠤ ᠪᠠᠶᠢᠴᠠᠭᠠᠨ ᠰᠤᠳᠤᠯᠤᠯᠲᠠ ᠬᠢᠵᠦ᠂ ᠲᠤᠰᠢᠶᠠᠯ ᠡᠭᠦᠷᠭᠡᠯᠡᠨ ᠬᠠᠪᠰᠤᠷᠤᠨ ᠲᠡᠳᠬᠦᠬᠦ ᠡᠮᠴᠢ ᠶᠢ ᠪᠣᠯᠭᠤᠭᠠᠨ ᠲᠣᠬᠤᠨᠢᠭᠤᠯᠤᠭᠰᠠᠨ ᠪᠥᠭᠡᠳ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢ᠊ ᠡᠶ᠎ᠡ ᠳᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠬᠢᠲᠠᠳ ᠡᠮᠨᠡᠯᠭᠡ ᠶᠢᠨ ᠣᠷᠳᠣᠨ ᠤ ᠫᠠᠶᠢᠰᠠ ᠰᠡᠬᠦᠬᠦ ᠶᠣᠰᠣᠯᠠᠯ ᠶᠠᠪᠤᠭᠤᠯᠪᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号