ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ 2024 ᠣᠨ ᠤ 7 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠵᠢᠴᠢ ᠲᠠᠪᠤᠨ ᠶᠡᠭᠡ ᠡᠭᠦᠷᠭᠡ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ 4 ᠳ᠋ᠦᠭᠡᠷ ᠤᠳᠠᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/22
   7 ᠰᠠᠷ᠎ᠠ ᠶᠢᠨ 18 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠸᠠᠩ ᠬᠠᠢ ᠶᠢᠩ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2024 ᠣᠨ ᠤ 7 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠵᠢᠴᠢ ᠲᠠᠪᠤᠨ ᠶᠡᠭᠡ ᠡᠭᠦᠷᠭᠡ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠳᠥᠷᠪᠡᠳᠦᠭᠡᠷ ᠤᠳᠠᠭᠠᠨ ᠤ ᠬᠤᠷᠠᠯ ᠢ ᠡᠷᠬᠢᠯᠡᠨ ᠬᠤᠷᠠᠯᠳᠤᠭᠤᠯᠪᠠ᠃    ᠬᠤᠷᠠᠯ ᠳᠡᠭᠡᠷ᠎ᠡ ᠶᠡᠷᠦᠩᠬᠡᠢ ᠱᠦᠵᠢ ᠰᠢ ᠶᠢᠨ ᠫᠢᠩ ᠤᠨ ︽ᠡᠷᠬᠡᠪᠰᠢ ᠢᠲᠡᠭᠡᠯ ᠵᠣᠷᠢᠭ ᠢᠶᠠᠨ ᠪᠠᠷᠢᠮᠲᠠᠯᠠᠵᠤ ᠪᠡᠶ᠎ᠡ ᠪᠠᠨ ᠳᠠᠭᠠᠭᠠᠬᠤ︾ ᠲᠤᠬᠠᠢ ᠴᠢᠬᠤᠯᠠ ᠥᠭᠦᠯᠡᠯᠲᠡ ᠶᠢ ᠤᠯᠠᠮᠵᠢᠯᠠᠨ ᠰᠤᠷᠤᠯᠴᠠᠵᠤ᠂ ᠤᠯᠤᠰ ᠤᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠶᠡᠷᠦᠩᠬᠡᠢ ᠠᠯᠪᠠᠨ ᠭᠡᠷ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠤ ᠵᠥᠪᠳᠡᠯᠴᠡᠭᠡ ᠪᠠᠶᠢᠷᠢᠯᠠᠭᠤᠯᠤᠯᠲᠠ ᠶᠢᠨ ︽ᠳᠣᠯᠣᠭᠠᠨ ᠰᠠᠷ᠎ᠠ ᠶᠢᠨ ᠰᠡᠭᠦᠯᠴᠢ ᠨᠠᠢᠮᠠᠨ ᠰᠠᠷ᠎ᠠ ᠶᠢᠨ ᠡᠬᠢᠨ︾ ᠤ ᠵᠠᠩᠭᠢᠯᠠᠭ᠎ᠠ ᠶᠢᠨ ᠬᠤᠭᠤᠴᠠᠭᠠᠨ ᠤ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠤᠨ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠣᠤ ᠴᠧᠩ ᠤᠨ ᠨᠡᠷ᠎ᠡ ᠪᠢᠴᠢᠭᠰᠡᠨ ᠵᠣᠬᠢᠶᠠᠯ ︽ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ ᠠᠴᠢ ᠬᠠᠷᠢᠭᠤᠯᠠᠨ ᠡᠷᠡᠯᠬᠡᠭᠯᠡᠨ ᠤᠷᠤᠭᠰᠢᠯᠠᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ︾ ᠭᠡᠬᠦ ᠵᠣᠬᠢᠶᠠᠯ ᠢ ᠤᠯᠠᠮᠵᠢᠯᠠᠨ ᠰᠤᠷᠤᠯᠴᠠᠵᠤ᠂ ᠪᠦᠬᠦ ᠠᠶᠢᠮᠠᠭ ᠤᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ ᠪᠠᠶᠢᠴᠠᠭᠠᠨ ᠰᠤᠳᠤᠯᠤᠯᠲᠠ ᠬᠢᠬᠦ ᠵᠢᠴᠢ ᠠᠵᠤ ᠠᠬᠤᠢ ᠶᠢᠨ ᠪᠠᠶᠢᠳᠠᠯ ᠤᠨ ᠵᠠᠳᠠᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ︽ᠲᠠᠪᠤᠨ ᠶᠡᠭᠡ ᠡᠭᠦᠷᠭᠡ︾ ᠶᠢᠨ 2024 ᠣᠨ ᠤ ᠭᠤᠣᠯᠳᠠᠯᠭ᠎ᠠ ᠲᠠᠢ ᠡᠭᠦᠷᠭᠡ ᠶᠢᠨ ᠨᠠᠷᠢᠨ ᠬᠠᠭᠤᠳᠠᠰᠤ ᠶᠢ ᠬᠢᠨᠠᠨ ᠵᠥᠪᠯᠡᠵᠦ᠂ ᠲᠠᠷᠢᠶᠠᠨ ᠭᠠᠵᠠᠷ ᠤᠨ ᠤᠰᠤᠯᠠᠯᠲᠠ ᠶᠢᠨ ᠮᠠᠰᠢᠨ ᠴᠠᠬᠢᠯᠭᠠᠨ ᠬᠤᠳᠳᠤᠭ᠂ ︽ᠳᠤᠯᠠᠭᠠᠴᠠᠬᠤ ᠢᠨᠵᠧᠨᠧᠷᠢᠩ︾ ᠤᠨ ᠲᠥᠷᠥᠯ ᠵᠦᠢᠯ᠂ ᠠᠷᠠᠳ ᠲᠤ ᠠᠰᠢᠭ ᠬᠦᠷᠲᠡᠭᠡᠬᠦ ᠨᠥᠬᠦᠪᠥᠷᠢ ᠶᠢᠨ ᠪᠡᠯᠡ ᠮᠥᠩᠭᠦ ᠵᠡᠷᠭᠡ ᠬᠠᠮᠢᠶ᠎ᠠ ᠪᠦᠬᠦᠢ ᠵᠦᠢᠯᠡᠰ ᠢ ᠬᠢᠨᠠᠨ ᠵᠥᠪᠯᠡᠪᠡ᠃    ᠬᠤᠷᠠᠯ ᠠᠴᠠ᠂ ᠤᠷᠲᠤ ᠬᠤᠭᠤᠴᠠᠭ᠎ᠠ ᠪᠠᠷ ᠪᠠᠷᠢᠮᠲᠠᠯᠠᠵᠤ᠂ ᠨᠢᠭᠡᠳᠦᠯᠲᠡᠢ ᠲᠥᠯᠥᠪᠵᠢᠭᠦᠯᠦᠨ ᠰᠦᠪᠡᠭᠴᠢᠯᠡᠬᠦ ᠶᠢ ᠴᠢᠩᠭᠠᠳᠬᠠᠵᠤ᠂ ᠨᠢᠭᠡ ᠴᠣᠭᠴᠠᠵᠢᠭᠤᠯᠤᠨ ᠠᠬᠢᠭᠤᠯᠵᠤ᠂ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠶᠢ ᠴᠢᠬᠤᠯᠠ ᠪᠠᠶᠢᠷᠢᠨ ᠳᠤ ᠲᠠᠯᠪᠢᠵᠤ᠂ ︽ᠲᠠᠪᠤᠨ ᠶᠡᠭᠡ ᠡᠭᠦᠷᠭᠡ︾ ᠶᠢᠨ ᠨᠠᠷᠢᠨ ᠳᠠᠩᠰᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠬᠦ ᠪᠠᠷ ᠭᠠᠷᠳᠠᠴᠠ ᠪᠣᠯᠭᠠᠵᠤ᠂ ᠲᠦᠷᠭᠡᠨ ᠮᠣᠷᠢᠨ ᠳᠤ ᠲᠠᠰᠢᠭᠤᠷ ᠨᠡᠮᠡᠵᠦ ︽ᠬᠠᠶᠢᠷ᠎ᠠ ᠬᠠᠯᠠᠮᠵᠢ ᠶᠢᠨ ᠢᠨᠵᠧᠨᠧᠷᠢᠩ︾ ᠵᠡᠷᠭᠡ ᠡᠯ᠎ᠡ ᠵᠦᠢᠯ ᠤᠨ ᠠᠵᠢᠯ ᠢ ᠠᠬᠢᠭᠤᠯᠬᠤ ᠬᠡᠷᠡᠭᠲᠡᠢ᠃    ᠬᠤᠷᠠᠯ ᠠᠴᠠ᠂ ︽ᠪᠡᠯᠴᠢᠭᠡᠷᠯᠡᠭᠦᠯᠬᠦ ᠶᠢ ᠴᠠᠭᠠᠵᠠᠯᠠᠬᠤ︾ ᠬᠠᠮ ᠠᠷᠭ᠎ᠠ ᠬᠡᠮᠵᠢᠶ᠎ᠡ ᠶᠢ ᠰᠠᠶᠢᠲᠤᠷ ᠬᠡᠷᠡᠭᠵᠢᠭᠦᠯᠵᠦ᠂ ᠤᠯᠠᠮᠵᠢᠯᠠᠯᠲᠤ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠨᠤᠲᠤᠭ ᠪᠡᠯᠴᠢᠭᠡᠷ ᠤᠨ ᠠᠮᠢ ᠠᠬᠤᠢ ᠶᠢᠨ ᠨᠥᠬᠦᠪᠥᠷᠢ ᠱᠠᠩᠨᠠᠵᠤ ᠲᠣᠷᠭᠠᠬᠤ ᠠᠷᠭ᠎ᠠ ᠶᠢ ᠨᠠᠶᠢᠳᠠᠪᠤᠷᠢᠵᠢᠭᠤᠯᠵᠤ᠂ ᠮᠠᠯᠴᠢᠨ ᠲᠠᠷᠢᠶᠠᠴᠢᠨ ᠤ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠬᠥᠬᠡᠮᠳᠦᠭ ᠨᠣᠭᠤᠭᠠᠨ ᠠᠭᠤᠯᠠ ᠤᠰᠤ ᠶᠢ ᠰᠠᠬᠢᠨ ᠬᠠᠮᠠᠭᠠᠯᠠᠬᠤ ᠬᠡᠷᠡᠭᠲᠡᠢ ᠭᠡᠵᠦ ᠱᠠᠭᠠᠷᠳᠠᠪᠠ᠃ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠥᠷᠨᠢᠭᠦᠯᠵᠦ᠂ ᠠᠶᠢᠵᠠᠮ ᠢ ᠬᠤᠪᠢᠷᠠᠭᠤᠯᠬᠤ ᠦᠭᠡᠢ᠂ ᠪᠠᠷᠢᠮᠵᠢᠶ᠎ᠠ ᠶᠢ ᠰᠤᠯᠠᠷᠠᠭᠤᠯᠬᠤ ᠦᠭᠡᠢ ᠪᠠᠶᠢᠬᠤ ᠶᠢ ᠦᠷᠭᠦᠯᠵᠢᠯᠡᠨ ᠪᠠᠲᠤᠯᠠᠵᠤ᠂ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠦᠨᠡᠨᠬᠦ ᠠᠬᠢᠭᠤᠯᠵᠤ᠂ ᠣᠯᠠᠨ ᠲᠦᠮᠡᠨ ᠤ ᠲᠤᠰᠬᠠᠭᠰᠠᠨ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠭᠦᠨᠵᠡᠭᠡᠢ ᠣᠶᠢᠯᠠᠭᠠᠵᠤ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠵᠤ᠂ ᠣᠯᠠᠨ ᠲᠦᠮᠡᠨ ᠤ ᠵᠣᠯ ᠵᠢᠷᠭᠠᠯᠲᠤ ᠲᠥᠷᠥᠭᠳᠡᠯ ᠪᠣᠯᠤᠨ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号