ᠮᠠᠨ ᠤ ᠤᠷᠤᠨ ᠤ ᠴᠢᠬᠤᠯᠠ ᠶᠡᠭᠡ ᠲᠦᠷᠦᠯ ᠵᠦᠢᠯ ᠤᠨ ᠪᠠᠷᠢᠯᠭ᠎ᠠ ᠡᠬᠢᠯᠡᠭᠦᠯᠵᠦ ᠰᠡᠷᠭᠦᠭᠡᠭᠰᠡᠨ ᠨᠤᠷᠮ᠎ᠠ 99.5% ᠳᠤ ᠬᠦᠷᠪᠡ
ᠨᠡᠶᠢᠲᠡᠯᠡᠭᠰᠡᠨ ᠴᠠᠭ᠄
2024/7/22
   ᠰᠤᠷᠪᠤᠯᠵᠢᠯᠠᠭᠴᠢ ᠦᠪᠡᠷᠳᠡᠭᠡᠨ ᠵᠠᠰᠠᠬᠤ ᠤᠷᠤᠨ ᠤ ᠬᠦᠭᠵᠢᠭᠦᠯᠦᠯᠳᠡ ᠪᠠ ᠦᠭᠡᠷᠡᠴᠢᠯᠡᠯᠳᠡ ᠶᠢᠨ ᠵᠦᠪᠯᠡᠯ ᠠᠴᠠ ᠤᠶᠢᠯᠠᠭᠠᠭᠰᠠᠨ ᠢᠶᠠᠷ᠂ 6 ᠰᠠᠷ᠎ᠠ ᠢᠢᠨ ᠰᠡᠭᠦᠯᠴᠢ ᠪᠤᠯᠳᠠᠯ᠎ᠠ ᠮᠠᠨ ᠤ ᠤᠷᠤᠨ ᠤ 3087 ᠴᠢᠬᠤᠯᠠ ᠶᠡᠭᠡ ᠲᠦᠷᠦᠯ ᠵᠦᠢᠯ ᠪᠠᠷᠢᠯᠭ᠎ᠠ ᠡᠬᠢᠯᠡᠭᠦᠯᠦᠭᠰᠡᠨ ᠪᠤᠶᠤ ᠰᠡᠷᠭᠦᠭᠡᠵᠦ᠂ ᠪᠦᠬᠦ ᠤᠷᠤᠨ ᠤ ᠴᠢᠬᠤᠯᠠ ᠶᠡᠭᠡ ᠲᠦᠷᠦᠯ ᠵᠦᠢᠯ ᠤᠨ ᠪᠠᠷᠢᠯᠭ᠎ᠠ ᠡᠬᠢᠯᠡᠭᠦᠯᠵᠦ ᠰᠡᠷᠭᠦᠭᠡᠭᠰᠡᠨ ᠨᠤᠷᠮ᠎ᠠ 99.5% ᠳᠤ ᠬᠦᠷᠪᠡ᠃   ᠤᠶᠢᠯᠠᠭᠠᠭᠰᠠᠨ ᠢᠶᠠᠷ᠂ ᠡᠨᠡ ᠵᠢᠯ ᠮᠠᠨ ᠤ ᠤᠷᠤᠨ ᠬᠦᠳᠡᠯᠦᠩᠭᠦᠢ ᠪᠠᠷ ᠰᠢᠨᠡᠴᠢᠯᠡᠭᠳᠡᠵᠦ ᠪᠠᠶᠢᠭ᠎ᠠ ᠵᠠᠰᠠᠭ ᠤᠨ ᠤᠷᠳᠤᠨ ᠤ ᠪᠡᠯᠡ ᠤᠷᠤᠭᠤᠯᠤᠭᠰᠠᠨ 5000 ᠲᠦᠮᠡᠨ ᠲᠦᠭᠦᠷᠢᠭ ᠠᠴᠠ ᠳᠡᠭᠡᠭᠰᠢᠬᠢ᠂ ᠠᠵᠤ ᠠᠬᠤᠶᠢᠯᠠᠯ ᠤᠨ ᠪᠡᠯᠡ ᠤᠷᠤᠭᠤᠯᠤᠭᠰᠠᠨ ᠳ᠋ᠦᠩᠰᠢᠭᠤᠷ ᠲᠦᠭᠦᠷᠢᠭ ᠠᠴᠠ ᠳᠡᠭᠡᠭᠰᠢᠬᠢ᠂ ᠶᠡᠷᠦᠩᠬᠡᠢ ᠪᠡᠯᠡ ᠤᠷᠤᠭᠤᠯᠤᠯᠳᠠ ᠨᠢ 3.34 ᠲᠦᠮᠡᠨ ᠳ᠋ᠦᠩᠰᠢᠭᠤᠷ ᠲᠦᠭᠦᠷᠢᠭ ᠲᠤ ᠬᠦᠷᠬᠦ 3103 ᠴᠢᠬᠤᠯᠠ ᠶᠡᠭᠡ ᠲᠦᠷᠦᠯ ᠵᠦᠢᠯ ᠢ ᠬᠡᠷᠡᠭᠵᠢᠭᠦᠯᠬᠦ ᠪᠠᠷ ᠲᠦᠯᠦᠪᠯᠡᠵᠦ᠂ ᠡᠨᠡ ᠵᠢᠯ 9056 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠤᠯᠳᠠ ᠶᠢ ᠪᠡᠶᠡᠯᠡᠭᠦᠯᠬᠦ ᠪᠠᠷ ᠲᠦᠯᠦᠪᠯᠡᠵᠦ ᠪᠠᠶᠢᠨ᠎ᠠ᠃ 6 ᠰᠠᠷ᠎ᠠ ᠶᠢᠨ ᠰᠡᠭᠦᠯᠴᠢ ᠪᠤᠯᠳᠠᠯ᠎ᠠ ᠨᠡᠶᠢᠳᠡ 4780 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠤᠯᠳᠠ ᠶᠢ ᠪᠡᠶᠡᠯᠡᠭᠦᠯᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 14.9% ᠪᠠᠷ ᠨᠡᠮᠡᠭᠳᠡᠨ᠂ ᠤᠨ ᠤ ᠪᠡᠯᠡ ᠤᠷᠤᠭᠤᠯᠤᠯᠳᠠ ᠶᠢᠨ ᠲᠦᠯᠦᠪᠯᠡᠭᠡ ᠢᠢᠨ 52.8% ᠢᠢ ᠪᠡᠶᠡᠯᠡᠭᠦᠯᠵᠠᠢ᠃ ᠡᠭᠦᠨ ᠳᠤ ᠤᠷᠳᠤᠰ ᠬᠤᠳᠠ ᠶᠢᠨ ᠳᠠᠯᠠᠳ ᠬᠤᠰᠢᠭᠤᠨ ᠳᠤ ᠪᠠᠷᠢᠯᠭ᠎ᠠ ᠡᠬᠢᠯᠡᠭᠦᠯᠦᠭᠰᠡᠨ ᠦᠪᠦᠷ ᠮᠤᠩᠭᠤᠯ ᠤᠨ ᠷᠦᠩ ᠰᠢᠨ ᠬᠢᠮᠢ ᠶᠢᠨ ᠠᠵᠤ ᠦᠢᠯᠡᠳᠪᠤᠷᠢ ᠶᠢᠨ ᠬᠢᠵᠠᠭᠠᠷᠳᠦ ᠺᠤᠮᠫᠠᠨᠢ ᠶᠢᠨ ᠵᠢᠯ ᠤᠨ 80 ᠲᠦᠮᠡᠨ ᠲᠤᠨ ᠤ ᠠᠯᠺᠧᠨ ᠨᠡᠭᠦᠷᠦᠭᠴᠢ ᠦᠢᠯᠡᠳᠪᠤᠷᠢᠯᠡᠬᠦ ᠲᠦᠷᠦᠯ ᠵᠦᠢᠯ ᠤᠨ ᠶᠡᠷᠦᠩᠬᠡᠢ ᠪᠡᠯᠡ ᠤᠷᠤᠭᠤᠯᠤᠯᠳᠠ ᠨᠢ 98.3 ᠳ᠋ᠦᠩᠰᠢᠭᠤᠷ ᠲᠦᠭᠦᠷᠢᠭ ᠲᠤ ᠬᠦᠷᠴᠤ᠂ ᠪᠠᠷᠢᠯᠭ᠎ᠠ ᠳᠠᠭᠤᠰᠤᠨ ᠠᠰᠢᠭᠯᠠᠯᠳᠠ ᠳᠤ ᠤᠷᠤᠪᠠᠯ ᠵᠢᠯ ᠳᠤ 66.7 ᠳ᠋ᠦᠩᠰᠢᠭᠤᠷ ᠲᠦᠭᠦᠷᠢᠭ ᠤᠨ ᠦᠢᠯᠡᠳᠭᠦᠨ ᠤ ᠦᠷᠳᠡᠭ ᠢ ᠪᠡᠶᠡᠯᠡᠭᠦᠯᠬᠦ ᠪᠤᠯᠤᠨ᠎ᠠ︔ ᠶᠤᠸᠠᠨ ᠯᠢ ᠠᠮᠢᠳᠤ ᠪᠤᠳᠠᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠳᠦ ᠺᠤᠮᠫᠠᠨᠢ ᠶᠢᠨ ᠬᠢᠩᠭᠠᠨ ᠠᠶᠢᠮᠠᠭ ᠲᠤ ᠪᠡᠯᠡ ᠤᠷᠤᠭᠤᠯᠤᠨ ᠪᠦᠲᠦᠭᠡᠨ ᠪᠠᠶᠢᠭᠤᠯᠵᠤ ᠪᠠᠶᠢᠭ᠎ᠠ ᠶᠡᠷᠦᠩᠬᠡᠢ ᠪᠡᠯᠡ ᠤᠷᠤᠭᠤᠯᠤᠯᠳᠠ ᠨᠢ 40 ᠳ᠋ᠦᠩᠰᠢᠭᠤᠷ ᠲᠦᠭᠦᠷᠢᠭ ᠲᠤ ᠬᠦᠷᠬᠦ ᠠᠮᠢᠳᠤ ᠪᠤᠳᠠᠰ ᠲᠤ ᠰᠠᠭᠤᠷᠢᠯᠠᠭᠰᠠᠨ ᠰᠢᠨ᠎ᠠ ᠮᠠᠲ᠋ᠧᠷᠢᠶᠠᠯ ᠤᠨ ᠲᠦᠷᠦᠯ ᠵᠦᠢᠯ ᠪᠠᠰᠠ ᠪᠠᠷᠢᠯᠭ᠎ᠠ ᠡᠬᠢᠯᠡᠵᠦ᠂ ᠪᠠᠷᠢᠯᠭ᠎ᠠ ᠳᠠᠭᠤᠰᠴᠤ ᠦᠢᠯᠡᠳᠪᠤᠷᠢᠯᠡᠯ ᠢᠶᠠᠨ ᠡᠬᠢᠯᠡᠭᠦᠯᠪᠡᠯ ᠵᠢᠯ ᠳᠤ 58 ᠳ᠋ᠦᠩᠰᠢᠭᠤᠷ ᠲᠦᠭᠦᠷᠢᠭ ᠤᠨ ᠦᠢᠯᠡᠳᠭᠦᠨ ᠤ ᠦᠷᠳᠡᠭ ᠢ ᠪᠡᠶᠡᠯᠡᠭᠦᠯᠬᠦ ᠪᠤᠯᠤᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号