ᠰᠢ ᠶᠢᠨ ᠫᠢᠩ ᠱᠠᠨᠰᠢ ᠶᠢᠨ ᠱᠠᠩ ᠯᠦᠸᠧ ᠬᠤᠳᠠ ᠶᠢᠨ ᠵᠠ ᠱᠦᠢ ᠰᠢᠶᠠᠨ ᠤ ᠬᠢᠯᠢ ᠳᠠᠬᠢ ᠨᠢᠭᠡᠨ ᠲᠦᠷᠭᠡᠨ ᠤ ᠵᠠᠰᠠᠮᠠᠯ ᠵᠠᠮ ᠤᠨ ᠬᠥᠭᠦᠷᠭᠡ ᠨᠤᠷᠠᠭᠰᠠᠨ ᠳᠤ ᠴᠢᠬᠤᠯᠠ ᠵᠢᠭᠠᠪᠤᠷᠢ ᠥᠭᠴᠦ ᠱᠠᠭᠠᠷᠳᠠᠭᠰᠠᠨ ᠨᠢ ᠪᠦᠬᠦ ᠬᠦᠴᠦ ᠪᠠᠷ ᠢᠶᠠᠨ ᠠᠶᠤᠯ ᠭᠠᠮᠰᠢᠭ ᠠᠴᠠ ᠠᠪᠤᠷᠠᠨ ᠲᠤᠰᠠᠯᠠᠵᠤ ᠲᠣᠭᠤᠷᠢᠨ ᠪᠠᠶᠢᠴᠠᠭᠠᠵᠤ ᠠᠶᠤᠯ ᠲᠦᠭᠰᠢᠭᠦᠷᠢ ᠶᠢ ᠠᠷᠢᠯᠭᠠᠬᠤ ᠪᠠᠨ ᠴᠢᠩᠭᠠᠳᠬᠠᠵᠤ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ
ᠨᠡᠶᠢᠲᠡᠯᠡᠭᠰᠡᠨ ᠴᠠᠭ᠄
2024/7/22
   ᠯᠢ ᠴᠢᠶᠠᠩ ᠴᠣᠬᠤᠯᠠᠪᠤᠷᠢ ᠥᠭᠴᠡᠢ   7 ᠰᠠᠷ᠎ᠠ ᠶᠢᠨ 19 ᠤ ᠡᠳᠦᠷ ᠤᠨ 20 ᠴᠠᠭ 40 ᠮᠢᠨᠦ᠋ᠲ ᠤᠨ ᠦᠶ᠎ᠡ ᠪᠠᠷ᠂ ᠱᠠᠨᠰᠢ ᠶᠢᠨ ᠱᠠᠩ ᠯᠦᠸᠧ ᠬᠤᠲᠠ ᠶᠢᠨ ᠵᠠ ᠱᠦᠢ ᠰᠢᠶᠠᠨ ᠤ ᠬᠢᠯᠢ ᠳᠠᠬᠢ ᠨᠢᠭᠡᠨ ᠲᠦᠷᠭᠡᠨ ᠤ ᠵᠠᠰᠠᠮᠠᠯ ᠵᠠᠮ ᠤᠨ ᠬᠥᠭᠦᠷᠭᠡ ᠠᠭᠤᠯᠠᠨ ᠦᠶᠡᠷ ᠠᠴᠠ ᠪᠣᠯᠵᠣ ᠨᠤᠷᠠᠵᠤ ᠂ ᠲᠡᠷᠭᠡ ᠬᠦᠰᠭᠡ ᠭᠤᠤᠯ ᠳᠤ ᠤᠨᠠᠭᠰᠠᠨ ᠪᠠᠶᠢᠨ᠎ᠠ᠃ 20 ᠤ ᠡᠳᠦᠷ ᠤᠨ 10 ᠴᠠᠭ ᠪᠣᠯᠲᠠᠯ᠎ᠠ᠂ ᠭᠠᠮᠰᠢᠭ ᠠᠴᠠ ᠪᠤᠯᠵᠤ 11 ᠬᠥᠮᠦᠨ ᠠᠳᠡᠵᠦ᠂ 30 ᠭᠠᠷᠤᠶ ᠬᠥᠮᠦᠨ ᠰᠤᠷᠠᠭ ᠲᠠᠰᠤᠷᠠᠵᠠᠶ᠃   ᠭᠠᠮᠰᠢᠭ ᠡᠭᠦᠰᠦᠭᠰᠡᠨ ᠤ ᠳᠠᠷᠠᠭ᠎ᠠ᠂ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠶᠢᠨ ᠬᠠᠮᠲᠤ ᠴᠢᠬᠤᠯᠠ ᠵᠢᠭᠠᠪᠤᠷᠢ ᠦᠭᠴᠦ᠂ ᠱᠠᠨᠰᠢ ᠶᠢᠨ ᠱᠠᠩ ᠯᠦᠸᠧ ᠬᠤᠳᠠ ᠶᠢᠨ ᠵᠠ ᠱᠦ᠋ᠢ ᠰᠢᠶᠠᠨ ᠤ ᠬᠢᠯᠢ ᠳᠠᠬᠢ ᠨᠢᠭᠡᠨ ᠲᠦᠷᠭᠡᠨ ᠤ ᠵᠠᠰᠠᠮᠠᠯ ᠵᠠᠮ ᠤᠨ ᠬᠥᠭᠦᠷᠭᠡ ᠠᠭᠤᠯᠠᠨ ᠦᠶᠡᠷ ᠠᠴᠠ ᠪᠤᠯᠵᠤ ᠨᠤᠷᠠᠵᠤ ᠤᠯᠠᠨ ᠬᠥᠮᠦᠨ ᠰᠤᠷᠠᠭ ᠲᠠᠰᠤᠷᠠᠵᠠᠢ᠂ ᠣᠳᠣᠬᠠᠨ ᠤ ᠲᠤᠯᠭᠠᠮ ᠡᠭᠦᠷᠭᠡ ᠪᠣᠯ ᠪᠦᠬᠦ ᠬᠦᠴᠦ ᠪᠠᠷ ᠢᠶᠠᠨ ᠠᠶᠤᠯ ᠭᠠᠮᠰᠢᠭ ᠠᠴᠠ ᠠᠪᠤᠷᠠᠨ ᠲᠤᠰᠠᠯᠠᠵᠤ᠂ ᠠᠷᠭ᠎ᠠ ᠪᠦᠬᠦᠨ ᠢ ᠰᠦᠪᠡᠭᠴᠢᠯᠡᠨ ᠰᠤᠷᠠᠭ ᠲᠠᠰᠤᠷᠠᠭᠰᠠᠨ ᠬᠥᠮᠦᠰ ᠢ ᠡᠷᠢᠨ ᠠᠪᠤᠷᠠᠵᠤ᠂ ᠬᠥᠮᠦᠨ ᠬᠠᠷ᠎ᠠ ᠠᠳᠡᠵᠦ ᠰᠢᠷᠬᠠᠲᠤᠬᠤ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠶᠢᠨ ᠬᠠᠮᠲᠤ ᠭᠡᠷ ᠪᠦᠯᠢ ᠶᠢᠨ ᠬᠢᠨ ᠢ ᠲᠣᠬᠤᠨᠢᠭᠤᠯᠬᠤ ᠵᠡᠷᠭᠡ ᠬᠤᠶᠢᠲᠤᠬᠢ ᠶᠠᠪᠤᠳᠠᠯ ᠢ ᠲᠣᠬᠢᠲᠠᠢ ᠰᠠᠶᠢᠨ ᠰᠶᠢᠳᠪᠦᠷᠢᠯᠡᠬᠦ ᠬᠡᠷᠡᠭᠲᠡᠢ᠃ ᠰᠢᠨᠵᠢᠯᠡᠬᠦ ᠤᠬᠠᠭᠠᠨᠴᠢ ᠪᠠᠷ ᠠᠪᠤᠷᠠᠯᠳᠠ ᠬᠢᠬᠦ ᠶᠢ ᠠᠩᠬᠠᠷᠴᠤ᠂ ᠡᠷᠬᠢᠨ ᠲᠣᠭᠤᠷᠢᠨ ᠤ ᠠᠮᠤᠷ ᠲᠦᠪᠰᠢᠨ ᠤ ᠬᠡᠮ ᠰᠣᠭᠤᠭ ᠢ ᠨᠠᠷᠢᠨ ᠪᠠᠶᠢᠴᠠᠭᠠᠵᠤ᠂ ᠡᠭᠦᠰᠦᠮᠡᠯ ᠭᠠᠢ ᠭᠠᠮᠰᠢᠭ ᠢ ᠴᠢᠩᠭ᠎ᠠ ᠰᠡᠷᠭᠡᠶᠢᠯᠡᠬᠦ ᠬᠡᠷᠡᠭᠲᠡᠶ ᠭᠡᠵᠡᠢ᠃ ᠰᠢ ᠶᠢᠨ ᠫᠢᠩ᠂ ᠣᠳᠣᠬᠠᠨ ᠳᠤ ᠶᠠᠭ ︽ᠲᠤᠯᠤᠭᠠᠨ ᠰᠠᠷ᠎ᠠ ᠶᠢᠨ ᠰᠡᠭᠦᠯᠴᠢ ᠨᠠᠢᠮᠠᠨ ᠰᠠᠷ᠎ᠠ ᠶᠢᠨ ᠡᠬᠢᠨ︾ ᠤ ᠦᠶᠡᠷ ᠢ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭᠠᠨ ᠳᠤ ᠪᠣᠶ᠂ ᠡᠯ᠎ᠡ ᠭᠠᠵᠠᠷ ᠣᠷᠣᠨ ᠪᠣᠯᠤᠨ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠᠨ ᠴᠢᠩᠭᠠᠳᠬᠠᠵᠤ᠂ ᠲᠣᠭᠤᠷᠢᠨ ᠪᠠᠶᠢᠴᠠᠭᠠᠵᠤ ᠠᠶᠤᠯ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ ᠪᠠᠨ ᠴᠢᠩᠭᠠᠳᠬᠠᠵᠤ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠯᠢᠭ ᠪᠣᠳᠠᠲᠠᠶ ᠨᠠᠶᠢᠳᠠᠪᠤᠷᠢᠵᠢᠭᠤᠯᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃   ᠨᠠᠮ ᠤᠨ ᠲᠥᠪ ᠬᠤᠷᠢᠶᠠᠨ ᠤ ᠤᠯᠣᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠴᠢᠶᠠᠩ ᠴᠤᠬᠤᠯᠠᠪᠤᠷᠢ ᠦᠭᠴᠦ᠂ ᠰᠤᠷᠠᠭ ᠲᠠᠰᠤᠷᠠᠭᠰᠠᠨ ᠬᠦᠮᠦᠰ ᠢ ᠪᠦᠬᠦ ᠬᠦᠴᠦᠨ ᠢᠶᠠᠷ ᠡᠷᠢᠵᠦ ᠠᠪᠤᠷᠠᠨ᠂ ᠰᠢᠯᠲᠠᠭᠠᠨ ᠢ ᠨᠢ ᠲᠦᠷᠭᠡᠯᠡᠨ ᠪᠠᠶᠢᠴᠠᠭᠠᠨ ᠲᠣᠳᠣᠷᠬᠠᠶᠢᠯᠠᠵᠤ᠂ ᠬᠤᠶᠢᠳᠤᠬᠢ ᠶᠠᠪᠤᠳᠠᠯ ᠢ ᠲᠣᠬᠢᠲᠠᠶ ᠰᠠᠶᠢᠨ ᠰᠶᠢᠳᠪᠦᠷᠢᠯᠡᠬᠦ ᠬᠡᠷᠡᠭᠲᠡᠶ ᠪᠥᠭᠡᠳ ᠠᠶᠤᠯᠲᠠᠶ ᠪᠠᠶᠢᠳᠠᠯ ᠢ ᠱᠠᠯᠠᠪᠳᠠᠨ ᠪᠠᠶᠢᠴᠠᠭᠠᠨ ᠰᠢᠢᠳᠪᠦᠷᠢᠯᠡᠵᠦ᠂ ᠡᠭᠦᠰᠦᠮᠡᠯ ᠭᠠᠢ ᠭᠠᠮᠰᠢᠭ ᠢ ᠴᠢᠩᠭ᠎ᠠ ᠰᠡᠷᠭᠡᠶᠢᠯᠡᠬᠦ ᠬᠡᠷᠡᠭᠲᠡᠶ᠃ ᠨᠢᠭᠡ ᠠᠴᠠ ᠨᠦᠬᠦᠭᠡ ᠶᠢ ᠵᠦᠢᠴᠢᠯᠡᠨ ᠮᠡᠳᠡᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠡᠯ᠎ᠡ ᠲᠦᠷᠦᠯ ᠤᠨ ᠠᠶᠤᠯ ᠲᠦᠭᠰᠢᠭᠦᠷᠢ ᠭᠡᠮ ᠰᠣᠭᠤᠭ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠭᠠᠮᠰᠢᠭ ᠤᠨ ᠠᠳᠡᠯ ᠵᠡᠷᠭᠡ ᠶᠢᠨ ᠰᠡᠷᠭᠡᠶᠢᠯᠡᠯᠲᠡ ᠶᠢ ᠰᠠᠶᠢᠲᠤᠷ ᠬᠢᠬᠦ ᠬᠡᠷᠡᠭᠲᠡᠢ ᠭᠡᠵᠡᠢ᠃   ᠰᠢ ᠶᠢᠨ ᠫᠢᠩ ᠤᠨ ᠵᠢᠭᠠᠪᠤᠷᠢ ᠪᠣᠯᠤᠨ ᠯᠢ ᠴᠢᠶᠠᠩ ᠤᠨ ᠱᠠᠭᠠᠷᠳᠠᠯᠭ᠎ᠠ ᠶᠤᠰᠤᠭᠠᠷ᠂ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶᠠᠨ ᠤ ᠳᠡᠳ᠋ ᠶᠡᠷᠦᠩᠬᠡᠢ ᠰᠠᠶᠢᠳ ᠵᠠᠩ ᠭᠦᠸᠧ ᠴᠢᠩ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢ ᠳᠠᠭᠠᠭᠤᠯᠤᠨ ᠲᠤᠬᠠᠢ ᠶᠢᠨ ᠲᠠᠯᠠᠪᠠᠢ ᠳᠤ ᠬᠦᠷᠴᠦ ᠠᠪᠤᠷᠠᠨ ᠲᠤᠰᠠᠯᠠᠵᠤ ᠰᠢᠢᠳᠪᠦᠷᠢᠯᠡᠬᠦ ᠠᠵᠢᠯ ᠢ ᠵᠢᠭᠠᠨ ᠵᠢᠯᠣᠭᠤᠳᠪᠠ᠃ ᠱᠠᠨᠰᠢ ᠮᠤᠵᠢ᠂ ᠱᠠᠩ ᠯᠦᠸᠧ ᠬᠤᠲᠠ ᠨᠢᠭᠡᠨᠲᠡ ᠬᠦᠴᠦᠨ ᠢᠶᠠᠨ ᠵᠣᠬᠢᠶᠠᠨ ᠪᠠᠶᠢᠭᠤᠯᠵᠤ ᠠᠪᠤᠷᠠᠨ ᠲᠤᠰᠠᠯᠠᠵᠤ ᠰᠢᠢᠳᠪᠦᠷᠢᠯᠡᠬᠦ ᠠᠵᠢᠯ ᠢ ᠥᠷᠨᠢᠭᠦᠯᠪᠡ᠃ ᠣᠳᠣᠬᠠᠨ ᠳᠤ ᠲᠤᠬᠠᠶ ᠶᠢᠨ ᠲᠠᠯᠠᠪᠠᠶ ᠳᠤ ᠠᠪᠤᠷᠠᠨ ᠲᠤᠰᠠᠯᠠᠬᠤ᠂ ᠬᠤᠶᠢᠲᠤᠬᠢ ᠶᠠᠪᠤᠳᠠᠯ ᠢ ᠰᠢᠢᠳᠪᠦᠷᠢᠯᠡᠬᠦ ᠵᠡᠷᠭᠡ ᠠᠵᠢᠯ ᠶᠠᠭ ᠶᠠᠪᠤᠭᠳᠠᠵᠤ ᠪᠠᠶᠢᠨ᠎ᠠ᠃   ︵ᠰᠢᠨᠬᠤᠸᠠ ᠬᠤᠷᠢᠶ᠎ᠠ ᠶᠢᠨ ᠪᠡᠭᠡᠵᠢᠩ ᠤᠨ 7 ᠰᠠᠷ᠎ᠠ ᠶᠢᠨ 20 ᠤ ᠴᠠᠬᠢᠯᠭᠠᠨ ᠮᠡᠳᠡᠭᠡ︶      
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号