︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠵᠦ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾ ᠤᠨ ᠲᠤᠬᠠᠢ ᠲᠣᠲᠣᠷᠬᠠᠶᠢᠯᠠᠯᠲᠠ
ᠨᠡᠶᠢᠲᠡᠯᠡᠭᠰᠡᠨ ᠴᠠᠭ᠄
2024/7/22
   ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠵᠦ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾ ᠤᠨ ᠲᠤᠬᠠᠢ ᠲᠣᠲᠣᠷᠬᠠᠶᠢᠯᠠᠯᠲᠠ   ᠰᠢ ᠶᠢᠨ ᠫᠢᠩᠨᠥᠬᠦᠳ ᠡ᠄   ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠨᠠᠶᠢᠳᠠᠯᠭ᠎ᠠ ᠪᠠᠷ ᠪᠢ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾ ᠢ ᠲᠤᠭᠤᠷᠪᠢᠨ ᠪᠢᠴᠢᠭᠰᠡᠨ ᠬᠤᠯᠪᠤᠭᠳᠠᠯ ᠪᠦᠬᠦᠢ ᠪᠠᠶᠢᠳᠠᠯ ᠤᠨ ᠲᠤᠬᠠᠢ ᠪᠦᠭᠦᠳᠡ ᠬᠤᠷᠠᠯ ᠳᠤ ᠲᠣᠲᠤᠷᠬᠠᠶᠢᠯᠠᠯᠲᠠ ᠬᠢᠶ᠎ᠡ᠃ᠨᠢᠭᠡ᠂ ᠪᠦᠬᠦᠳᠡ ᠬᠤᠷᠠᠯ ᠤᠨ ᠵᠥᠪᠯᠡᠬᠦ ᠰᠡᠳᠦᠪ ᠢ ᠲᠣᠭᠲᠠᠭᠠᠭᠰᠠᠨ ᠪᠣᠳᠤᠯᠬᠢᠯᠠᠯ ᠤᠨ ᠲᠤᠬᠠᠢ   ᠨᠠᠮ ᠤᠨ ᠭᠤᠣᠯ ᠡᠭᠦᠷᠭᠡ ᠲᠠᠢ ᠤᠶᠠᠯᠳᠤᠭᠤᠯᠤᠨ ᠥᠭᠡᠷᠡᠴᠢᠯᠡᠯᠲᠡ ᠶᠢ ᠲᠥᠯᠥᠪᠯᠡᠨ ᠪᠠᠶᠢᠷᠢᠯᠠᠭᠤᠯᠬᠤ ᠪᠣᠯ ᠨᠠᠮ ᠤᠨ ᠥᠭᠡᠷᠡᠴᠢᠯᠡᠯᠲᠡ ᠨᠡᠭᠡᠭᠡᠯᠲᠡ ᠶᠢ ᠤᠳᠤᠷᠢᠳᠤᠭᠰᠠᠨ ᠠᠮᠵᠢᠯᠲᠠ ᠲᠠᠢ ᠲᠤᠷᠰᠢᠯᠭ᠎ᠠ ᠮᠥᠨ᠃ ᠦᠢᠯᠡᠳᠦᠯᠭᠡ ᠶᠢᠨ ᠲᠤᠷᠰᠢᠯᠭ᠎ᠠ ᠪᠠ ᠪᠤᠲᠠᠲᠤ ᠬᠡᠷᠡᠭᠴᠡᠭᠡ ᠠᠴᠠ ᠡᠭᠦᠰᠴᠦ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠳᠡᠭᠡᠷ᠎ᠡ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠠᠰᠠᠭᠤᠳᠠᠯ ᠢ ᠰᠤᠳᠤᠯᠤᠨ᠎ᠠ ᠭᠡᠵᠦ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ ᠠᠴᠠ ᠲᠣᠭᠲᠠᠭᠠᠭᠰᠠᠨ ᠨᠢ ᠭᠤᠣᠯᠳᠠᠭᠤ ᠳᠣᠣᠷᠠᠬᠢ ᠬᠡᠳᠦᠨ ᠲᠠᠯ᠎ᠠ ᠠᠴᠠ ᠪᠣᠳᠤᠯᠬᠢᠯᠠᠵᠠᠢ᠃   ᠨᠢᠭᠡᠳᠦᠭᠡᠷ ᠲᠤ᠂ ᠡᠨᠡ ᠪᠣᠯ ᠬᠦᠮᠦᠰ ᠤᠨ ᠰᠡᠳᠭᠢᠯ ᠢ ᠨᠢᠭᠲᠠᠷᠠᠭᠤᠯᠤᠨ᠂ ᠬᠦᠴᠦᠨ ᠴᠢᠳᠠᠯ ᠢ ᠬᠤᠷᠠᠮᠳᠤᠭᠤᠯᠵᠦ᠂ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠠᠬᠢ ᠨᠠᠮ ᠤᠨ ᠭᠤᠣᠯ ᠡᠭᠦᠷᠭᠡ ᠶᠢ ᠪᠡᠶᠡᠯᠡᠭᠦᠯᠬᠦ ᠢᠢᠨ ᠲᠤᠯᠭᠠᠮ ᠱᠠᠭᠠᠷᠳᠠᠯᠭ᠎ᠠ ᠮᠥᠨ᠃ ᠥᠭᠡᠷᠡᠴᠢᠯᠡᠯᠲᠡ ᠨᠡᠭᠡᠭᠡᠯᠲᠡ ᠪᠠ ᠨᠡᠶᠢᠭᠡᠮ ᠵᠢᠷᠤᠮ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠰᠢᠨ᠎ᠡ ᠦᠶ᠎ᠡ ᠳᠤ ᠮᠠᠨ ᠤ ᠤᠯᠤᠰ ᠲᠤᠮᠤ ᠠᠯᠬᠤᠮ ᠢᠶᠠᠷ ᠴᠠᠭ ᠦᠶ᠎ᠡ ᠶᠢ ᠳᠠᠭᠠᠵᠤ ᠠᠮᠵᠢᠭᠰᠠᠨ ᠨᠢ ᠥᠭᠡᠷᠡᠴᠢᠯᠡᠯᠲᠡ ᠨᠡᠭᠡᠭᠡᠯᠲᠡ ᠳᠤ ᠲᠦᠰᠢᠭᠯᠡᠭᠰᠡᠨ ᠶᠤᠮ ᠭᠡᠳᠡᠭ ᠢ ᠦᠢᠯᠡᠳᠦᠯᠭᠡ ᠭᠦᠢᠴᠡᠳ ᠭᠡᠷᠡᠴᠢᠯᠡᠪᠡ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠨᠠᠮ ᠪᠠ ᠤᠯᠤᠰ ᠤᠨ ᠠᠵᠢᠯ ᠦᠢᠯᠡᠰ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠣᠯᠵᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠤᠭᠰᠠᠨ ᠨᠢ ᠮᠥᠨ ᠴᠤ ᠥᠭᠡᠷᠡᠴᠢᠯᠡᠯᠲᠡ ᠨᠡᠭᠡᠭᠡᠯᠲᠡ ᠳᠤ ᠲᠦᠰᠢᠭᠯᠡᠭᠰᠡᠨ ᠶᠤᠮ᠃ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠨᠡᠭᠡᠭᠡᠬᠦ ᠳᠤ ᠮᠥᠨ ᠯᠡ ᠥᠭᠡᠷᠡᠴᠢᠯᠡᠯᠲᠡ ᠨᠡᠭᠡᠭᠡᠯᠲᠡ ᠳᠤ ᠲᠦᠰᠢᠭᠯᠡᠬᠦ ᠬᠡᠷᠡᠭᠲᠡᠢ ᠶᠤᠮ᠃ ᠨᠠᠮ ᠤᠨ ᠬᠤᠷᠢᠳᠤᠭᠠᠷ ᠶᠡᠭᠡ ᠬᠤᠷᠠᠯ ᠠᠴᠠ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠵᠦ ᠬᠤᠶᠠᠳᠤᠭᠠᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ ᠭᠤᠣᠯ ᠡᠭᠦᠷᠭᠡ ᠶᠢ ᠲᠣᠭᠲᠠᠭᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠳᠤᠮᠳᠠᠳᠤ ᠤᠯᠤᠰ ᠤᠨ ᠣᠨᠴᠠᠯᠢᠭ᠂ ᠮᠥᠨ ᠴᠢᠨᠠᠷ ᠤᠨ ᠱᠠᠭᠠᠷᠳᠠᠯᠭ᠎ᠠ᠂ ᠴᠢᠬᠤᠯᠠ ᠶᠡᠭᠡ ᠵᠠᠷᠴᠢᠮ ᠵᠡᠷᠭᠡ ᠶᠢ ᠲᠣᠲᠣᠷᠬᠠᠶᠢᠯᠠᠨ ᠦᠭᠦᠯᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠪᠠᠶᠢᠯᠳᠤᠬᠤ ᠪᠣᠳᠤᠯᠭ᠎ᠠ ᠶᠢᠨ ᠪᠠᠶᠢᠷᠢᠯᠠᠭᠤᠯᠤᠯᠲᠠ ᠬᠢᠪᠡ᠃ ᠡᠳᠡᠭᠡᠷ ᠪᠠᠶᠢᠯᠳᠤᠬᠤ ᠪᠣᠳᠤᠯᠭ᠎ᠠ ᠶᠢᠨ ᠪᠠᠶᠢᠷᠢᠯᠠᠭᠤᠯᠤᠯᠲᠠ ᠶᠢ ᠪᠤᠲᠠᠲᠠᠢ ᠭᠠᠵᠠᠷ ᠲᠤᠨᠢ ᠨᠠᠶᠢᠳᠠᠪᠤᠷᠢᠵᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠵᠢᠷᠤᠭ ᠲᠥᠰᠥᠪ ᠢ ᠪᠤᠲᠠᠲᠤ ᠠᠬᠤᠢ ᠪᠣᠯᠭᠠᠨ ᠬᠤᠪᠢᠷᠠᠭᠤᠯᠬᠤ ᠶᠢᠨ ᠦᠨᠳᠦᠰᠦᠨ ᠵᠦᠢᠯ ᠨᠢ ᠥᠭᠡᠷᠡᠴᠢᠯᠡᠯᠲᠡ ᠢᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠦᠨ᠂ ᠡᠯ᠎ᠡ ᠲᠠᠯ᠎ᠠ ᠶᠢᠨ ᠪᠠᠶᠢᠭᠤᠯᠤᠯ ᠲᠣᠭᠲᠠᠴᠠ ᠢᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠪᠠᠶᠢᠭᠤᠯᠤᠯ ᠤᠨ ᠪᠠᠲᠤᠯᠠᠭ᠎ᠠ ᠬᠠᠩᠭᠠᠬᠤ ᠳᠤ ᠪᠤᠢ᠃   ᠬᠤᠶᠠᠳᠤᠭᠠᠷ ᠲᠤ᠂ ᠡᠨᠡ ᠪᠣᠯ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮᠲᠤ ᠪᠠᠶᠢᠭᠤᠯᠤᠯ ᠢ ᠲᠡᠭᠦᠯᠳᠡᠷᠵᠢᠭᠦᠯᠦᠨ ᠬᠥᠭᠵᠢᠭᠦᠯᠵᠦ᠂ ᠲᠦᠷᠦ ᠶᠢ ᠵᠠᠰᠠᠬᠤ ᠰᠢᠰᠲ᠋ᠧᠮ ᠪᠠ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠢᠢ ᠠᠬᠢᠭᠤᠯᠬᠤ ᠶᠢᠨ ᠲᠤᠯᠭᠠᠮ ᠱᠠᠭᠠᠷᠳᠠᠯᠭ᠎ᠠ ᠮᠥᠨ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠪᠢᠳᠡ ᠪᠠᠶᠢᠭᠤᠯᠤᠯ ᠤᠨ ᠪᠠᠶᠢᠭᠤᠯᠤᠯᠲᠠ ᠭᠡᠬᠦ ᠡᠨᠡ ᠬᠦ ᠭᠤᠣᠯ ᠰᠢᠵᠢᠮ ᠢ ᠲᠣᠪᠤᠶᠢᠯᠭᠠᠵᠤ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠᠷ ᠳᠠᠮᠵᠢᠭᠤᠯᠤᠨ ᠡᠯ᠎ᠡ ᠲᠠᠯ᠎ᠠ ᠶᠢᠨ ᠪᠠᠶᠢᠭᠤᠯᠤᠯ ᠢ ᠲᠡᠭᠦᠯᠳᠡᠷᠵᠢᠭᠦᠯᠵᠦ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠠᠶᠢᠭᠡᠮ ᠵᠢᠷᠤᠮᠲᠤ ᠪᠠᠶᠢᠭᠤᠯᠤᠯ ᠤᠨ ᠨᠡᠩ ᠪᠣᠯᠪᠠᠰᠤᠷᠠᠩᠭᠤᠶ ᠪᠤᠯᠬᠤ ᠨᠡᠩ ᠲᠤᠭᠲᠠᠪᠤᠷᠢᠵᠢᠬᠤ ᠶᠢ ᠠᠬᠢᠭᠤᠯᠤᠭᠰᠠᠨ ᠢᠶᠠᠷ ᠲᠦᠷᠦ ᠶᠢ ᠵᠠᠰᠠᠬᠤ ᠰᠢᠰᠲ᠋ᠧᠮ ᠪᠠ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢᠨ ᠲᠥᠪᠰᠢᠨ ᠢᠯᠡᠳᠲᠡ ᠳᠡᠭᠡᠭᠰᠢᠯᠡᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠳᠤ ᠬᠦᠴᠦᠲᠡᠢ ᠪᠠᠶᠢᠭᠤᠯᠤᠯ ᠤᠨ ᠪᠠᠲᠤᠯᠠᠭ᠎ᠠ ᠬᠠᠩᠭᠠᠭᠰᠠᠨ ᠶᠤᠮ᠃ ᠡᠭᠦᠨ ᠤ ᠬᠠᠮᠲᠤ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮᠲᠤ ᠪᠠᠶᠢᠭᠤᠯᠤᠯ ᠢ ᠲᠡᠭᠦᠯᠳᠡᠷᠵᠢᠭᠦᠯᠬᠦ ᠪᠣᠯ ᠨᠢᠭᠡᠨ ᠬᠥᠳᠡᠯᠦᠩᠭᠦᠢ ᠶᠠᠪᠤᠴᠠ ᠮᠥᠨ᠂ ᠲᠡᠷᠡ ᠨᠢ ᠵᠠᠶᠢᠯᠠᠰᠢ ᠦᠭᠡᠢ ᠦᠢᠯᠡᠳᠦᠯᠭᠡ ᠶᠢᠨ ᠬᠥᠭᠵᠢᠯᠲᠡ ᠶᠢ ᠳᠠᠭᠠᠯᠳᠤᠨ ᠲᠠᠰᠤᠷᠠᠯᠲᠠ ᠦᠭᠡᠢ ᠬᠥᠭᠵᠢᠳᠡᠭ᠂ ᠡᠶᠢᠮᠦ ᠠᠴᠠ ᠣᠳᠣ ᠪᠠᠶᠢᠭ᠎ᠠ ᠪᠠᠶᠢᠭᠤᠯᠤᠯ ᠢ ᠲᠠᠰᠤᠷᠠᠯᠲᠠ ᠦᠭᠡᠢ ᠪᠦᠷᠢᠨᠰᠢᠭᠦᠯᠬᠦ ᠴᠢᠬᠤᠯᠠᠲᠠᠢ᠂ ᠰᠢᠨ᠎ᠡ ᠬᠦᠷᠢᠶ᠎ᠡ ᠰᠢᠨ᠎ᠡ ᠦᠢᠯᠡᠳᠦᠯᠭᠡ ᠨᠢ ᠪᠠᠶᠢᠭᠤᠯᠤᠯ ᠤᠨ ᠰᠢᠨ᠎ᠡ ᠡᠭᠦᠳᠦᠯᠲᠡ ᠶᠢ ᠠᠬᠢᠭᠤᠯᠬᠤ᠂ ᠪᠠᠶᠢᠭᠤᠯᠤᠯ ᠤᠨ ᠬᠤᠭᠤᠰᠤᠨ ᠢ ᠨᠥᠬᠦᠪᠦᠷᠢᠯᠡᠬᠦ ᠶᠢ ᠱᠠᠭᠠᠷᠳᠠᠨ᠎ᠠ ᠭᠡᠳᠡᠭ ᠢ ᠰᠡᠷᠭᠡᠭ ᠢᠶᠠᠷ ᠣᠯᠵᠤ ᠬᠠᠷᠠᠬᠤ ᠬᠡᠷᠡᠭᠲᠡᠢ᠃ ᠰᠢᠨ᠎ᠡ ᠪᠠᠶᠢᠳᠠᠯ ᠪᠠ ᠡᠭᠦᠷᠭᠡ ᠶᠢᠨ ᠡᠮᠦᠨ᠎ᠡ ᠡᠷᠬᠡᠪᠰᠢ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠡᠯ᠎ᠡ ᠲᠠᠯ᠎ᠠ ᠶᠢᠨ ᠪᠠᠶᠢᠭᠤᠯᠤᠯ ᠲᠤᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠰᠠᠭᠤᠷᠢ ᠪᠠᠨ ᠪᠠᠬᠢᠵᠢᠭᠦᠯᠦᠨ᠂ ᠳᠠᠪᠠᠭᠤᠯᠢᠭ ᠢᠶᠠᠨ ᠪᠠᠳᠠᠷᠠᠭᠤᠯᠵᠤ᠂ ᠳᠤᠲᠠᠭᠤᠳᠠᠯ ᠢᠶᠠᠨ ᠨᠥᠬᠦᠪᠥᠷᠢᠯᠡᠨ᠂ ᠪᠠᠭᠤᠷᠠᠶ ᠵᠦᠢᠯ ᠢᠶᠠᠨ ᠴᠢᠩᠭᠠᠳᠬᠠᠵᠤ᠂ ᠮᠠᠨ ᠤ ᠤᠯᠤᠰ ᠤᠨ ᠪᠠᠶᠢᠭᠤᠯᠤᠯ ᠤᠨ ᠳᠠᠪᠠᠭᠤᠯᠢᠭ ᠢ ᠲᠠᠰᠤᠷᠠᠯᠲᠠ ᠦᠭᠡᠢ ᠪᠠᠷ ᠲᠦᠷᠦ ᠶᠢ ᠵᠠᠰᠠᠬᠤ ᠦᠢᠯᠡᠳᠦᠯ ᠴᠢᠳᠠᠪᠤᠷᠢ ᠪᠣᠯᠭᠠᠨ ᠨᠡᠩ ᠰᠠᠶᠢᠳᠤᠷ ᠬᠤᠪᠢᠷᠠᠭᠤᠯᠬᠤ ᠬᠡᠷᠡᠭᠲᠡᠢ᠃   ᠭᠤᠷᠪᠠᠳᠤᠭᠠᠷ ᠲᠤ᠂ ᠡᠨᠡ ᠪᠣᠯ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠮᠠᠨ ᠤ ᠤᠯᠤᠰ ᠤᠨ ᠨᠡᠶᠢᠭᠡᠮ ᠤᠨ ᠭᠤᠤᠯ ᠵᠥᠷᠢᠴᠡᠯ ᠤᠨ ᠬᠤᠪᠢᠷᠠᠯᠲᠠ ᠳᠤ ᠨᠡᠩ ᠰᠠᠶᠢᠨ ᠵᠣᠬᠢᠴᠠᠭᠤᠯᠬᠤ ᠶᠢᠨ ᠲᠤᠯᠭᠠᠮ ᠱᠠᠭᠠᠷᠳᠠᠯᠭ᠎ᠠ ᠮᠥᠨ᠃ ᠣᠳᠣᠬᠠᠨ ᠳᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠲᠤᠯᠭᠠᠷᠠᠵᠤ ᠪᠠᠶᠢᠭ᠎ᠠ ᠳᠣᠪᠤᠶᠢᠮ᠎ᠠ ᠠᠰᠠᠭᠤᠳᠠᠯ ᠪᠣᠯ ᠮᠥᠨ ᠯᠡ ᠬᠥᠭᠵᠢᠯᠲᠡ ᠶᠢᠨ ᠲᠡᠩᠴᠡᠭᠦᠷᠢ ᠦᠭᠡᠢ ᠭᠦᠢᠴᠡᠳ ᠦᠭᠡᠢ ᠪᠠᠶᠢᠬᠤ ᠠᠰᠠᠭᠤᠳᠠᠯ ᠪᠣᠯᠣᠨ᠎ᠠ᠃ ᠵᠢᠱᠢᠶᠡᠯᠡᠪᠡᠯ ᠵᠠᠬ᠎ᠠ ᠲᠡᠯᠭᠡᠬᠦᠷ ᠤᠨ ᠰᠢᠰᠲ᠋ᠧᠮ ᠮᠥᠨ ᠬᠦ ᠪᠦᠷᠢᠨᠰᠢᠭᠡᠳᠦᠢ᠂ ᠵᠠᠬ᠎ᠠ ᠲᠡᠯᠭᠡᠬᠦᠷ ᠤᠨ ᠪᠤᠶᠢᠵᠢᠯᠳᠠ ᠪᠠᠰᠠ ᠭᠦᠢᠴᠡᠳ ᠪᠤᠰᠤ᠂ ᠵᠠᠰᠠᠬ ᠤᠨ ᠤᠷᠳᠤᠨ ᠪᠤᠯᠤᠨ ᠵᠠᠬ᠎ᠠ ᠲᠡᠯᠭᠡᠬᠦᠷ ᠤᠨ ᠬᠠᠷᠢᠴᠠᠭ᠎ᠠ ᠶᠢ ᠬᠠᠷᠠᠬᠠᠨ ᠪᠦᠷᠢᠮᠦᠰᠦᠨ ᠵᠦᠭᠰᠢᠷᠡᠭᠦᠯᠦᠭᠡᠳᠦᠢ᠂ ᠰᠢᠨ᠎ᠡ ᠶᠢ ᠡᠭᠦᠳᠬᠦ ᠴᠢᠳᠠᠪᠤᠷᠢ ᠨᠢ ᠴᠢᠨᠠᠷ ᠰᠠᠶᠢᠲᠠᠶ ᠬᠥᠭᠵᠢᠯᠲᠡ ᠶᠢᠨ ᠱᠠᠭᠠᠷᠳᠠᠯᠭ᠎ᠠ ᠳᠤ ᠵᠣᠬᠢᠴᠠᠬᠤ ᠦᠭᠡᠢ᠂ ᠠᠵᠤ ᠦᠢᠯᠡᠰ ᠤᠨ ᠰᠢᠰᠲ᠋ᠧᠮ ᠨᠡᠶᠢᠳᠡᠮ ᠳᠡᠭᠡᠨ ᠶᠡᠭᠡ ᠪᠣᠯᠪᠠᠴᠤ ᠬᠦᠴᠦᠷᠬᠡᠭ ᠪᠤᠰᠤ᠂ ᠪᠦᠷᠢᠨ ᠪᠣᠯᠪᠠᠴᠤ ᠨᠠᠷᠢᠯᠢᠭ ᠪᠤᠰᠤ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠳᠠᠯ᠎ᠠ ᠪᠠᠷ ᠪᠣᠰᠣᠳ ᠲᠤ ᠬᠢᠵᠠᠭᠠᠷᠯᠠᠭᠳᠠᠵᠤ ᠪᠠᠶᠢᠭ᠎ᠠ ᠪᠠᠶᠢᠳᠠᠯ ᠦᠨᠳᠦᠰᠤᠨ ᠠᠴᠠ ᠪᠠᠨ ᠬᠤᠪᠢᠷᠠᠭᠠᠳᠤᠢ᠂ ᠲᠠᠷᠢᠶᠠᠯᠠᠩ ᠤᠨ ᠰᠠᠭᠤᠷᠢ ᠪᠠᠰᠠ ᠪᠠᠲᠤ ᠪᠠᠬᠢ ᠪᠤᠰᠤ᠂ ᠬᠤᠲᠠ ᠬᠥᠳᠡᠭᠡ ᠣᠷᠣᠨ ᠪᠦᠰᠡ ᠶᠢᠨ ᠬᠥᠭᠵᠢᠯᠲᠡ ᠪᠠ ᠣᠷᠣᠯᠭ᠎ᠠ ᠶᠢᠨ ᠬᠤᠪᠢᠶᠠᠷᠢᠯᠠᠯᠲᠠ ᠶᠢᠨ ᠵᠥᠷᠢᠶ᠎ᠡ ᠮᠥᠨ ᠯᠡ ᠨᠡᠯᠢᠶᠡᠳ ᠶᠡᠭᠡ ᠪᠠᠶᠢᠬᠤ᠂ ᠠᠷᠠᠳ ᠤᠨ ᠠᠮᠢᠳᠤᠷᠠᠯ ᠤᠨ ᠪᠠᠲᠤᠯᠠᠭ᠎ᠠ᠂ ᠠᠮᠢ ᠠᠬᠤᠶ ᠶᠢᠨ ᠣᠷᠴᠢᠨ ᠨᠦᠬᠦᠴᠡᠯ ᠤᠨ ᠬᠠᠮᠠᠭᠠᠯᠠᠯᠲᠠ ᠳᠤ ᠮᠥᠨ ᠯᠡ ᠳᠤᠲᠠᠭᠤᠳᠠᠯ ᠣᠷᠣᠰᠢᠵᠤ ᠪᠠᠶᠢᠬᠤ ᠭᠡᠬᠦ ᠮᠡᠲᠦ᠃ ᠪᠠᠭᠴᠠᠯᠠᠭᠠᠳ ᠬᠡᠯᠡᠪᠡᠯ ᠡᠳᠡᠭᠡᠷ ᠠᠰᠠᠭᠤᠳᠠᠯ ᠪᠣᠯ ᠴᠦᠮ ᠨᠡᠶᠢᠭᠡᠮ ᠤᠨ ᠭᠤᠣᠯ ᠵᠦᠷᠢᠴᠡᠯ ᠤᠨ ᠬᠤᠪᠢᠷᠠᠯᠲᠠ ᠶᠢᠨ ᠲᠤᠰᠬᠠᠯ ᠮᠥᠨ᠂ ᠬᠥᠭᠵᠢᠯᠲᠡ ᠶᠢᠨ ᠳᠤᠮᠳᠠᠬᠢ ᠠᠰᠠᠭᠤᠳᠠᠯ ᠮᠥᠨ᠂ ᠡᠷᠬᠡᠪᠰᠢ ᠦᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠪᠠᠶᠢᠭᠤᠯᠤᠯ ᠲᠣᠭᠲᠠᠴᠠ ᠶᠢᠨ ᠲᠠᠯ᠎ᠠ ᠠᠴᠠ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠢ᠃ᠳᠥᠷᠪᠡᠳᠦᠭᠡᠷ ᠲᠤ᠂ ᠡᠨᠡ ᠪᠣᠯ ᠬᠦᠨᠳᠦ ᠶᠡᠭᠡ ᠲᠦᠭᠰᠢᠭᠦᠷᠢ ᠰᠢᠯᠭᠠᠯᠲᠠ ᠶᠢ ᠠᠷᠭᠠᠴᠠᠵᠤ᠂ ᠨᠠᠮ ᠪᠠ ᠤᠯᠤᠰ ᠤᠨ ᠠᠵᠢᠯ ᠦᠢᠯᠡᠰ ᠤᠨ ᠯᠠᠪᠳᠠᠭᠤᠨ ᠪᠥᠭᠡᠳ ᠥᠨᠢ ᠤᠳᠠᠭᠠᠨ ᠬᠥᠭᠵᠢᠬᠦ ᠶᠢ ᠠᠬᠢᠭᠤᠯᠬᠤ ᠶᠢᠨ ᠲᠤᠯᠭᠠᠮ ᠱᠠᠭᠠᠷᠳᠠᠯᠭ᠎ᠠ ᠮᠥᠨ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠳᠡ ᠶᠢ ᠠᠬᠢᠭᠤᠯᠬᠤ ᠪᠣᠯ ᠨᠢᠬᠡᠨ ᠴᠤ ᠰᠢᠨ᠎ᠠ ᠤᠢᠢᠯᠡᠰ ᠮᠦᠨ᠂ ᠤᠷᠤᠬᠰᠢᠯᠠᠯᠳᠡ ᠶᠢᠨ ᠵᠠᠮ ᠳᠤ ᠡᠯ᠎ᠡ ᠵᠦᠢᠯ ᠤᠨ ᠵᠦᠷᠢᠴᠡᠯ ᠪᠠ ᠲᠦᠭᠰᠢᠬᠦᠷᠢ ᠰᠢᠯᠭᠠᠯᠲᠠ ᠵᠠᠶᠢᠯᠠᠰᠢ ᠦᠭᠡᠢ ᠲᠤᠯᠭᠠᠷᠡᠬᠤ ᠶᠤᠮ᠃ ᠢᠯᠠᠩᠭᠤᠶ᠎ᠠ ᠣᠳᠣᠬᠠᠨ ᠳᠤ ᠳᠡᠯᠡᠬᠡᠢ ᠵᠢᠷᠳᠢᠨᠴᠤ ᠶᠢᠨ ᠵᠠᠭᠤᠨ ᠵᠢᠯ ᠳᠤ ᠭᠠᠷᠤᠭ᠎ᠠ ᠦᠭᠡᠢ ᠶᠡᠭᠡ ᠬᠤᠪᠢᠰᠤᠯᠲᠠ ᠲᠦᠷᠭᠡᠰᠤᠨ ᠤᠯᠠᠷᠢᠵᠤ᠂ ᠬᠡᠰᠡᠭ ᠲᠠᠯ᠎ᠠ ᠶᠢᠨ ᠮᠦᠷᠭᠦᠯᠳᠦᠭᠡᠨ ᠪᠠ ᠥᠢᠮᠡᠭᠡᠨ ᠳᠡᠪᠵᠢᠶᠡᠨ ᠪᠠᠶᠢᠨ ᠳᠠᠬᠢᠨ ᠡᠭᠦᠰᠴᠤ᠂ ᠪᠦᠬᠦ ᠪᠦᠮᠪᠦᠷᠴᠡᠭ ᠤᠨ ᠴᠢᠨᠠᠷᠲᠠᠢ ᠠᠰᠠᠭᠤᠳᠠᠯ ᠰᠢᠷᠦᠭᠦᠰᠴᠦ᠂ ᠭᠠᠳᠠᠨ᠎ᠠ ᠠᠴᠠ ᠢᠷᠡᠬᠦ ᠲᠠᠷᠤᠯᠳᠡ ᠬᠤᠷᠢᠬᠯᠡᠯᠳᠡ ᠲᠠᠰᠤᠷᠠᠯᠲᠠ ᠦᠭᠡᠢ ᠳᠡᠰ ᠳᠡᠪᠰᠢᠵᠦ᠂ ᠮᠠᠨ ᠤ ᠤᠯᠤᠰ ᠤᠨ ᠬᠥᠭᠵᠢᠯᠲᠡ ᠪᠠᠶᠢᠯᠳᠤᠬᠤ ᠪᠣᠳᠣᠯᠭ᠎ᠠ ᠶᠢᠨ ᠲᠣᠬᠢᠶᠠᠯᠳᠦ ᠬᠤᠭᠤᠴᠠᠭ᠎ᠠ ᠪᠠ ᠲᠦᠭᠰᠢᠭᠦᠷᠢ ᠰᠢᠯᠭᠠᠯᠳᠠ ᠵᠡᠷᠭᠡ ᠪᠠᠷ ᠣᠷᠣᠰᠢᠬᠰᠠᠨ᠂ ᠮᠠᠭᠠᠳ ᠪᠤᠰᠤ ᠪᠠ ᠲᠥᠰᠦᠭᠡᠯᠡᠬᠦᠶ᠎ᠡ ᠪᠡᠷᠬᠡ ᠬᠦᠴᠦᠨ ᠵᠦᠢᠯ ᠤᠳ ᠨᠡᠮᠡᠭᠳᠡᠭᠰᠡᠨ ᠴᠠᠭ ᠬᠤᠭᠤᠴᠠᠭ᠎ᠠ ᠳᠤ ᠣᠷᠣᠵᠦ᠂ ᠡᠯ᠎ᠡ ᠵᠦᠢᠯ ᠤᠨ ︽ᠬᠠᠷ᠎ᠠ ᠬᠤᠨ︾᠂ ︽ᠰᠠᠭᠠᠷᠠᠯ ᠬᠡᠷᠢᠰ︾ ᠤᠨ ᠬᠡᠷᠡᠭ ᠬᠡᠵᠢᠶ᠎ᠡ ᠴᠦ ᠭᠠᠷᠴᠤ ᠮᠡᠳᠡᠨ᠎ᠡ᠃ ᠡᠳᠡᠭᠡᠷ ᠲᠦᠭᠰᠢᠭᠦᠷᠢ ᠰᠢᠯᠭᠠᠯᠳᠠ ᠶᠢ ᠪᠦᠲᠦᠮᠵᠢᠲᠡᠢ ᠠᠷᠭᠠᠴᠠᠵᠤ᠂ ᠡᠳᠦᠷ ᠢᠷᠡᠬᠦᠶ᠎ᠠ ᠰᠢᠷᠦᠭᠦᠰᠴᠦ ᠪᠠᠶᠢᠭ᠎ᠠ ᠣᠯᠠᠨ ᠤᠯᠤᠰ ᠤᠨ ᠥᠷᠢᠰᠥᠯᠳᠦᠭᠡᠨ ᠤ ᠳᠤᠮᠳᠠ ᠪᠠᠶᠢᠯᠳᠤᠬᠤ ᠪᠤᠳᠤᠯᠭ᠎ᠠ ᠶᠢᠨ ᠰᠠᠨᠠᠭᠠᠴᠢᠯᠠᠭᠠᠲᠤ ᠡᠷᠬᠡ ᠶᠢ ᠲᠡᠮᠡᠴᠡᠨ ᠣᠯᠬᠤ ᠳᠤ ᠪᠢᠳᠡ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠪᠦᠷᠢᠨ ᠲᠡᠭᠦᠯᠳᠡᠷ ᠪᠠᠶᠢᠭᠤᠯᠤᠯ ᠢᠶᠠᠷ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠰᠢᠯᠭᠠᠯᠳᠠ ᠶᠢ ᠪᠦᠳᠤᠮᠵᠢᠳᠠᠢ ᠠᠷᠭᠠᠴᠠᠨ᠂ ᠬᠢᠮᠤᠷᠠᠯ ᠤᠨ ᠳᠤᠮᠳᠠ ᠰᠢᠨ᠎ᠡ ᠲᠣᠬᠢᠶᠠᠯ ᠢ ᠪᠤᠢ ᠪᠣᠯᠭᠠᠵᠤ᠂ ᠬᠤᠪᠢᠰᠤᠯᠲᠠ ᠶᠢᠨ ᠳᠤᠮᠳᠠ ᠰᠢᠨ᠎ᠡ ᠪᠠᠶᠢᠳᠠᠯ ᠢ ᠨᠡᠭᠡᠭᠡᠬᠦ ᠬᠡᠷᠡᠭᠲᠡᠢ᠃   ᠬᠤᠶᠠᠷ᠂ ᠲᠣᠭᠲᠠᠭᠠᠯ ᠤᠨ ᠨᠤᠤᠷᠠᠭ ᠢ ᠲᠤᠭᠤᠷᠪᠢᠭᠰᠠᠨ ᠶᠠᠪᠤᠴᠠ ᠶᠢᠨ ᠲᠤᠬᠠᠢ   2023 ᠣᠨ ᠤ 11 ᠰᠠᠷ᠎ᠠ ᠳᠤ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶ᠎ᠠ ᠠᠴᠠ ᠨᠠᠮ ᠤᠨ ᠬᠤᠷᠢᠳᠤᠭᠠᠷ ᠬᠤᠭᠤᠴᠠᠭᠠᠨ ᠤ ᠲᠦᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠪᠢᠴᠢᠭ ᠮᠠᠲ᠋ᠧᠷᠢᠶᠠᠯ ᠲᠤᠭᠤᠷᠪᠢᠬᠤ ᠳᠤᠭᠤᠶᠢᠯᠠᠩ ᠪᠠᠶᠢᠭᠤᠯᠤᠨ᠂ ᠨᠠᠳᠠ ᠪᠠᠷ ᠳᠤᠭᠤᠶᠢᠯᠠᠩ ᠤᠨ ᠳᠠᠷᠤᠭ᠎ᠠ ᠶᠢᠨ ᠳᠤᠰᠢᠶᠠᠯ ᠢ ᠡᠬᠦᠷᠬᠡᠯᠡᠬᠦᠯᠵᠦ᠂ ᠸᠠᠩ ᠬᠤ᠋ ᠨᠢᠩ᠂ ᠼᠠᠢ ᠴᠢ᠂ ᠳ᠋ᠢᠩ ᠰᠢᠤᠸᠠᠢ ᠰᠢᠶᠠᠩ ᠨᠥᠬᠦᠷ ᠢᠶᠠᠷ ᠳᠤᠭᠤᠶᠢᠯᠠᠩ ᠤᠨ ᠳᠡᠳ᠋ ᠳᠠᠷᠤᠭ᠎ᠠ ᠶᠢᠨ ᠲᠤᠰᠢᠶᠠᠯ ᠢ ᠡᠬᠦᠷᠬᠡᠯᠡᠬᠦᠯᠦᠨ᠂ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠤᠯᠭ᠎ᠠ ᠳᠣᠤᠷ᠎ᠠ ᠪᠢᠴᠢᠭ ᠮᠠᠲ᠋ᠧᠷᠢᠶᠠᠯ ᠲᠤᠭᠤᠷᠪᠢᠬᠤ ᠠᠵᠢᠯ ᠢ ᠡᠭᠦᠷᠭᠡᠯᠡᠬᠦᠯᠬᠦ ᠪᠠᠷ ᠳᠤᠭᠳᠠᠭᠠᠪᠠ᠃ 12 ᠰᠠᠷ᠎ᠠ ᠢᠢᠨ 8 ᠤ ᠡᠳᠦᠷ ᠪᠢᠴᠢᠭ ᠮᠠᠲ᠋ᠧᠷᠢᠶᠠᠯ ᠳᠤᠭᠤᠷᠪᠢᠬᠤ ᠳᠤᠭᠤᠶᠢᠯᠠᠩ ᠠᠩᠬᠠᠳᠤᠭᠠᠷ ᠪᠦᠭᠦᠳᠡ ᠬᠤᠷᠠᠯ ᠢ ᠬᠤᠷᠠᠯᠳᠤᠭᠤᠯᠵᠦ᠂ ᠪᠢᠴᠢᠭ ᠮᠠᠲ᠋ᠧᠷᠢᠶᠠᠯ ᠳᠤᠭᠤᠷᠪᠢᠬᠤ ᠠᠵᠢᠯ ᠢ ᠵᠢᠩᠭᠢᠨᠢ ᠪᠠᠷ ᠡᠬᠢᠯᠡᠭᠦᠯᠦᠭᠰᠡᠨ ᠪᠠᠶᠢᠨ᠎ᠠ᠃ 7 ᠰᠠᠷ᠎ᠠ ᠭᠠᠷᠤᠢ ᠶᠢᠨ ᠬᠤᠭᠤᠴᠠᠭᠠᠨ ᠳᠤ ᠪᠢᠴᠢᠭ ᠮᠠᠲ᠋ᠧᠷᠢᠶᠠᠯ ᠳᠤᠭᠤᠷᠪᠢᠬᠤ ᠳᠤᠭᠤᠶᠢᠯᠠᠩ ᠭᠦᠨᠵᠡᠭᠡᠶ ᠪᠠᠶᠢᠴᠠᠭᠠᠨ ᠰᠤᠳᠤᠯᠤᠯᠲᠠ ᠬᠢᠵᠦ᠂ ᠦᠷᠭᠡᠨ ᠲᠡᠯᠭᠡᠷᠡᠩᠬᠦᠢ ᠪᠠᠷ ᠰᠠᠨᠠᠯ ᠬᠤᠷᠢᠶᠠᠵᠦ᠂ ᠲᠤᠰᠬᠠᠢ ᠰᠡᠳᠦᠪ ᠢᠶᠠᠷ ᠨᠤᠳᠠᠯᠠᠯᠳᠠ ᠬᠢᠬᠦ ᠠᠵᠢᠯ ᠢ ᠦᠷᠨᠢᠬᠦᠯᠦᠨ᠂ ᠲᠠᠬᠢᠨ ᠲᠠᠪᠳᠠᠨ ᠶᠠᠷᠢᠯᠴᠠᠵᠦ ᠵᠠᠰᠠᠪᠤᠷᠢ ᠤᠷᠤᠭᠤᠯᠪᠠ᠃   ᠲᠣᠭᠲᠠᠭᠠᠯ ᠤᠨ ᠨᠤᠤᠷᠠᠭ ᠢ ᠲᠤᠭᠤᠷᠪᠢᠬᠤ ᠶᠠᠪᠤᠴᠠ ᠳᠤ ᠪᠢᠳᠠ ᠳᠣᠣᠷᠠᠬᠢ ᠬᠡᠳᠦᠨ ᠲᠠᠯ᠎ᠠ ᠶᠢ ᠭᠤᠣᠯᠳᠠᠯᠭ᠎ᠠ ᠲᠠᠢ ᠠᠳᠬᠤᠭᠰᠠᠨ ᠶᠤᠮ᠄ ᠨᠢᠭᠡ ᠳᠤ ᠥᠭᠡᠷᠡᠴᠢᠯᠡᠯᠲᠡ ᠨᠡᠭᠡᠭᠡᠯᠳᠠ ᠬᠢᠭᠰᠡᠨ ᠠᠴᠠ ᠨᠠᠭᠠᠰᠢᠬᠢ ᠢᠯᠠᠩᠭᠤᠶ᠎ᠠ ᠰᠢᠨ᠎ᠡ ᠴᠠᠭ ᠦᠶ᠎ᠡ ᠳᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠭᠰᠡᠨ ᠡᠷᠬᠢᠮ ᠨᠠᠨᠳᠢᠨ ᠲᠤᠷᠰᠢᠯᠭ᠎ᠠ ᠶᠢ ᠳ᠋ᠦᠩᠨᠡᠨ ᠬᠡᠷᠡᠭᠯᠡᠵᠦ᠂ ᠵᠢᠷᠤᠮᠯᠠᠬᠤ ᠵᠠᠷᠴᠢᠮ ᠢ ᠲᠣᠭᠲᠠᠭᠠᠨ᠂ ᠵᠥᠪ ᠤᠯᠤᠰ ᠲᠦᠷᠦ ᠢᠢᠨ ᠴᠢᠭᠯᠡᠯ ᠢ ᠪᠠᠷᠢᠮᠲᠠᠯᠠᠪᠠ᠃ ᠬᠤᠶᠠᠷ ᠲᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠲᠠᠢ ᠨᠢᠭᠲᠠ ᠤᠶᠠᠯᠳᠤᠭᠤᠯᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠤᠬᠠᠭᠠᠯᠠᠨ ᠲᠥᠯᠥᠪᠯᠡᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠪᠠ᠃ ᠭᠤᠷᠪᠠ ᠳᠤ ᠭᠤᠣᠯᠳᠠᠯᠭ᠎ᠠ ᠶᠢ ᠠᠳᠬᠤᠵᠤ᠂ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠢᠢ ᠳᠣᠪᠤᠶᠢᠯᠭᠠᠵᠤ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠶ᠂ ᠪᠦᠬᠦ ᠲᠠᠯ᠎ᠠ ᠶᠢᠨ ᠴᠢᠨᠠᠷᠲᠠᠶ ᠴᠢᠬᠤᠯᠠ ᠶᠡᠭᠡ ᠥᠭᠡᠷᠡᠴᠢᠯᠡᠯᠲᠡ ᠶᠢ ᠳᠣᠪᠤᠶᠢᠯᠭᠠᠨ᠂ ᠠᠵᠤ ᠠᠬᠤᠶ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠬᠥᠲᠥᠯᠥᠮᠵᠢ  ᠶᠢᠨ ᠦᠢᠯᠡᠳᠦᠯ ᠢ ᠲᠤᠪᠤᠶᠢᠯᠭᠠᠵᠤ᠂ ᠥᠭᠡᠷᠡᠴᠢᠯᠡᠯᠲᠡ ᠶᠢᠨ ᠬᠥᠲᠥᠯᠥᠨ ᠳᠠᠭᠠᠭᠤᠯᠬᠤ ᠦᠢᠯᠡᠳᠦᠯ ᠢ ᠲᠤᠪᠤᠶᠢᠯᠭᠠᠨ ᠢᠯᠡᠷᠡᠭᠦᠯᠪᠡ᠃ ᠲᠦᠷᠪᠡ ᠳᠤ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠠᠷᠠᠳ ᠲᠦᠮᠡᠨ ᠤ ᠪᠦᠬᠦᠯᠢ ᠴᠣᠭᠴᠠ ᠶᠢᠨ ᠠᠰᠢᠭ ᠲᠤᠰᠠ᠂ ᠦᠨᠳᠦᠰᠦᠨ ᠠᠰᠢᠭ ᠲᠤᠰᠠ᠂ ᠠᠯᠤᠰ ᠭᠡᠳᠤ ᠶᠢᠨ ᠠᠰᠢᠭ ᠲᠤᠰᠠ ᠠᠴᠠ ᠡᠭᠦᠰᠦᠨ ᠥᠭᠡᠷᠡᠴᠢᠯᠡᠯᠲᠡ ᠶᠢ ᠤᠬᠠᠭᠠᠯᠠᠨ ᠲᠥᠯᠥᠪᠯᠡᠬᠦ ᠪᠠ ᠠᠬᠢᠭᠤᠯᠪᠠ᠃ ᠲᠠᠪᠤ ᠳᠤ ᠰᠢᠰᠲ᠋ᠧᠮᠵᠢᠭᠦᠯᠦᠨ ᠬᠤᠷᠠᠭᠤᠯᠬᠤ ᠶᠢ ᠴᠢᠩᠭᠠᠳᠬᠠᠵᠤ᠂ ᠥᠭᠡᠷᠡᠴᠢᠯᠡᠯᠲᠡ ᠶᠢ ᠪᠦᠬᠦᠯᠢ ᠴᠣᠭᠴᠠ ᠠᠴᠠ ᠨᠢ ᠤᠬᠠᠭᠠᠯᠠᠨ ᠲᠥᠯᠥᠪᠯᠡᠬᠦ᠂ ᠰᠢᠰᠲ᠋ᠧᠮ ᠲᠠᠢ ᠪᠠᠷ ᠪᠠᠶᠢᠷᠢᠯᠠᠭᠤᠯᠬᠤ ᠶᠢ ᠴᠢᠩᠭᠠᠳᠬᠠᠨ᠂ ᠡᠯ᠎ᠡ ᠲᠠᠯ᠎ᠠ ᠶᠢᠨ ᠥᠭᠡᠷᠡᠴᠢᠯᠡᠯᠲᠡ ᠶᠢ ᠬᠠᠷᠢᠯᠴᠠᠨ ᠬᠠᠮᠵᠢᠯᠴᠠᠭᠤᠯᠵᠤ᠂ ᠬᠠᠮᠲᠤᠷᠠᠯᠴᠠᠭᠤᠯᠤᠨ ᠦᠨᠳᠦᠷ ᠪᠦᠲᠦᠮᠵᠢᠲᠡᠢ ᠪᠠᠶᠢᠯᠭᠠᠪᠠ᠃   ᠡᠨᠡ ᠤᠳᠠᠭᠠᠨ ᠤ ᠪᠥᠬᠦᠳᠡ ᠬᠤᠷᠠᠯ ᠤᠨ ᠪᠢᠴᠢᠭ ᠮᠠᠲ᠋ᠧᠷᠢᠶᠠᠯ ᠢ ᠲᠤᠭᠤᠷᠪᠢᠬᠤ ᠳᠠᠭᠠᠨ ᠠᠷᠠᠳᠴᠢᠯᠠᠯ ᠢ ᠪᠠᠳᠠᠷᠠᠭᠤᠯᠬᠤ᠂ ᠤᠯᠠᠨ ᠤ ᠤᠶᠤᠨ ᠤᠬᠠᠭᠠᠨ ᠢ ᠲᠥᠪᠯᠡᠷᠡᠭᠦᠯᠬᠦ ᠶᠢ ᠪᠦᠬᠦ ᠶᠠᠪᠤᠴᠠ ᠳᠤ ᠲᠤᠭᠤᠰᠢᠯᠠᠭᠤᠯᠪᠠ᠃ 2023 ᠣᠨ ᠤ 11 ᠰᠠᠷ᠎ᠠ ᠶᠢᠨ 27 ᠤ ᠡᠳᠦᠷ᠂ ᠨᠠᠮ ᠤᠨ ᠲᠥᠪ ᠬᠤᠷᠢᠶ᠎ᠠ ᠮᠡᠳᠡᠭᠳᠡᠯ ᠪᠠᠭᠤᠯᠭᠠᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠥᠪᠯᠡᠬᠦ ᠰᠡᠳᠦᠪ ᠤᠨ ᠲᠤᠬᠠᠶ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠲᠠᠯ᠎ᠠ ᠶᠢᠨ ᠬᠢᠨ ᠪᠠ ᠬᠡᠰᠡᠭ ᠺᠠᠳ᠋ᠷ ᠣᠯᠠᠨ ᠲᠦᠮᠡᠨ ᠤ ᠰᠠᠨᠠᠯ ᠢ ᠬᠤᠷᠢᠶᠠᠪᠠ᠃ ᠨᠠᠮ ᠤᠨ ᠲᠥᠪ ᠬᠤᠷᠢᠶ᠎ᠠ ᠠᠴᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠳᠡᠭᠡᠷ᠎ᠡ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠠᠰᠠᠭᠤᠳᠠᠯ ᠢ ᠭᠤᠣᠯᠳᠠᠯᠭ᠎ᠠ ᠲᠠᠢ ᠰᠤᠳᠤᠯᠬᠤ ᠪᠠᠷ ᠲᠣᠭᠲᠠᠭᠠᠭᠰᠠᠨ ᠨᠢ ᠥᠭᠡᠷᠡᠴᠢᠯᠡᠯᠲᠡ ᠶᠢ ᠡᠴᠦᠰ ᠲᠤᠨᠢ ᠲᠤᠯᠲᠠᠯ᠎ᠠ ᠬᠢᠬᠦ ᠡᠷᠡᠰ ᠵᠣᠷᠢᠭ ᠪᠠ ᠴᠢᠩᠭ᠎ᠠ ᠬᠠᠷᠢᠭᠤᠴᠠᠯᠭ᠎ᠠ ᠡᠭᠦᠷᠭᠡᠯᠡᠯ ᠢ ᠢᠯᠡ ᠲᠣᠳᠣ ᠢᠯᠡᠷᠡᠭᠦᠯᠵᠦ᠂ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ ᠶᠠᠮᠠᠷ ᠲᠤᠭ ᠢ ᠮᠠᠨᠳᠤᠭᠤᠯᠬᠤ᠂ ᠶᠠᠮᠠᠷ ᠵᠠᠮ ᠢᠶᠠᠷ ᠵᠠᠮᠨᠠᠬᠤ ᠶᠢ ᠳᠠᠬᠢᠨᠲᠠ ᠲᠤᠩᠬᠠᠭᠯᠠᠭᠰᠠᠨ ᠶᠠᠪᠤᠳᠠᠯ ᠪᠣᠯᠣᠨ᠎ᠠ᠂ ᠲᠡᠷᠡ ᠨᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠥᠬᠦ ᠲᠠᠯ᠎ᠠ ᠪᠠᠷ ᠠᠬᠢᠭᠤᠯᠬᠤ ᠳᠤ ᠴᠢᠬᠤᠯᠠ ᠶᠡᠭᠡ ᠮᠥᠷᠲᠡᠭᠡᠨ ᠠᠯᠤᠰ ᠬᠡᠳᠦ ᠶᠢᠨ ᠠᠴᠢ ᠬᠤᠯᠪᠣᠭᠳᠠᠯ ᠲᠠᠢ ᠶᠤᠮ ᠭᠡᠵᠦ ᠣᠯᠠᠨ ᠢᠶᠠᠷ ᠢᠶᠠᠨ ᠰᠠᠨᠠᠯ ᠨᠢᠭᠡᠲᠡᠢ ᠦᠵᠡᠪᠡ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠲᠠᠯ᠎ᠠ ᠶᠢᠨ ᠬᠢᠨ ᠪᠢᠴᠢᠭ ᠮᠠᠲ᠋ᠧᠷᠢᠶᠠᠯ ᠤᠨ ᠭᠤᠣᠯ ᠰᠡᠳᠦᠪ᠂ ᠪᠣᠷᠣ ᠲᠥᠯᠥᠪ᠂ ᠴᠢᠬᠤᠯᠠ ᠠᠷᠭ᠎ᠠ ᠬᠡᠮᠵᠢᠶ᠎ᠡ ᠵᠡᠷᠭᠡ ᠶᠢᠨ ᠲᠤᠬᠠᠢ ᠮᠠᠰᠢ ᠣᠯᠠᠨ ᠦᠨ᠎ᠡ ᠥᠷᠲᠡᠭ ᠪᠦᠬᠦᠶ ᠰᠠᠨᠠᠭᠤᠯᠭ᠎ᠠ ᠳᠤᠷᠠᠳᠴᠤ᠂ ᠲᠣᠭᠲᠠᠭᠠᠯ ᠤᠨ ᠨᠣᠣᠷᠠᠭ ᠢ ᠲᠤᠭᠤᠷᠪᠢᠬᠤ ᠳᠤ ᠴᠢᠬᠤᠯᠠ ᠯᠠᠪᠯᠠᠯᠲᠠ ᠬᠠᠩᠭᠠᠵᠠᠢ᠃   2024 ᠣᠨ ᠤ 5 ᠰᠠᠷ᠎ᠠ ᠶᠢᠨ 7 ᠤ ᠡᠳᠦᠷ ᠲᠣᠭᠲᠠᠭᠠᠯ ᠤᠨ ᠨᠣᠣᠷᠠᠭ ᠢ ᠨᠠᠮ ᠤᠨ ᠳᠣᠲᠣᠭᠠᠳᠤ ᠶᠢᠨ ᠵᠣᠬᠢᠬᠤ ᠬᠡᠪᠴᠢᠶᠡᠨ ᠳᠤ ᠲᠠᠷᠬᠠᠭᠠᠨ ᠰᠠᠨᠠᠯ ᠬᠤᠷᠢᠶᠠᠵᠤ᠂ ᠨᠠᠮ ᠤᠨ ᠳᠣᠲᠣᠭᠠᠳᠤ ᠶᠢᠨ ᠠᠬᠠᠮᠠᠳ ᠨᠥᠬᠦᠳ ᠤᠨ ᠰᠠᠨᠠᠯ ᠢ ᠬᠤᠷᠢᠶᠠᠵᠤ᠂ ᠡᠯ᠎ᠡ ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ᠂ ᠪᠦᠬᠦ ᠤᠯᠤᠰ ᠤᠨ ᠦᠢᠯᠡᠳᠪᠦᠷᠢ ᠬᠤᠳᠠᠯᠳᠤᠭᠠᠴᠢᠳ ᠤᠨ ᠬᠤᠯᠪᠣᠭᠠᠲᠤ ᠬᠤᠷᠠᠯ ᠤᠨ ᠬᠠᠷᠢᠭᠤᠴᠠᠯᠭᠠᠲᠠᠨ ᠪᠠ ᠨᠠᠮ ᠪᠦᠯᠦᠭ ᠤᠨ ᠪᠤᠰᠤ ᠬᠥᠮᠦᠰ ᠤᠨ ᠲᠥᠯᠥᠭᠡᠯᠡᠭᠴᠢᠳ ᠤᠨ ᠰᠠᠨᠠᠯ ᠢ ᠲᠤᠰᠬᠠᠶᠢᠯᠠᠨ ᠰᠣᠨᠣᠰᠴᠤ᠂ ᠬᠤᠯᠪᠣᠭᠳᠠᠯ ᠪᠦᠬᠦᠢ ᠠᠵᠤ ᠠᠬᠤᠶᠢᠯᠠᠯ ᠪᠠ ᠲᠤᠰᠬᠠᠶ ᠮᠡᠷᠭᠡᠵᠢᠯᠲᠡᠨ ᠡᠷᠳᠡᠮᠲᠡᠳ ᠤᠨ ᠰᠠᠨᠠᠯ ᠢ ᠰᠣᠨᠣᠰᠪᠠ᠃ ᠬᠠᠷᠢᠭᠤ ᠲᠤᠰᠬᠠᠭᠰᠠᠨ ᠪᠠᠶᠢᠳᠠᠯ ᠠᠴᠠ ᠦᠵᠡᠪᠡᠯ ᠲᠣᠭᠲᠠᠭᠠᠯ ᠤᠨ ᠨᠤᠤᠷᠠᠭ ᠨᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠡᠨᠡ ᠬᠦ ᠭᠤᠣᠯ ᠰᠡᠳᠦᠪ ᠲᠠᠢ ᠨᠢᠭᠲᠠ ᠤᠶᠠᠯᠳᠤᠭᠤᠯᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠᠶᠢᠯᠳᠤᠬᠤ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠢᠷᠤᠭᠯᠠᠵᠤ᠂ ᠵᠥᠪ ᠤᠯᠤᠰ ᠲᠥᠷᠥ ᠶᠢᠨ ᠴᠢᠭᠯᠡᠯ ᠢ ᠪᠠᠷᠢᠮᠲᠠᠯᠠᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠰᠢᠢᠳᠪᠦᠷᠢᠯᠡᠬᠦ ᠴᠢᠬᠤᠯᠠᠲᠠᠶ ᠴᠢᠬᠤᠯᠠ ᠶᠡᠭᠡ ᠪᠠᠶᠢᠭᠤᠯᠤᠯ ᠲᠣᠭᠲᠠᠴᠠ ᠶᠢᠨ ᠠᠰᠠᠭᠤᠳᠠᠯ ᠢ ᠬᠦᠴᠦᠯᠡᠨ ᠠᠳᠬᠤᠵᠤ ᠥᠭᠡᠷᠡᠴᠢᠯᠡᠯᠲᠡ ᠶᠢ ᠤᠬᠠᠭᠠᠯᠠᠨ ᠲᠥᠯᠥᠪᠯᠡᠵᠤ᠂ ᠭᠤᠣᠯ ᠰᠡᠳᠦᠪ ᠨᠢ ᠢᠯᠡ ᠲᠣᠳᠣ᠂ ᠭᠤᠣᠯᠳᠠᠯᠭ᠎ᠠ ᠨᠢ ᠳᠣᠪᠤᠶᠢᠮ᠎ᠠ᠂ ᠠᠷᠭ᠎ᠠ ᠬᠡᠮᠵᠢᠶ᠎ᠡ ᠨᠢ ᠪᠣᠳᠠᠲᠠᠢ ᠶᠢ ᠡᠷᠬᠢᠮᠯᠡᠭᠰᠡᠨ ᠪᠥᠭᠡᠳ ᠬᠡᠷᠡᠭᠵᠢᠭᠦᠯᠵᠦ ᠪᠣᠯᠬᠤᠶᠢᠴᠠ ᠪᠠᠶᠢᠵᠤ᠂ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠡᠭᠡᠷ᠎ᠡ ᠥᠭᠡᠷᠡᠴᠢᠯᠡᠯᠲᠡ ᠢᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠠᠬᠢᠭᠤᠯᠵᠤ ᠥᠷᠭᠡᠴᠡ ᠪᠠ ᠭᠦᠨᠴᠡ ᠲᠠᠢ ᠪᠣᠯᠭᠠᠬᠤ ᠶᠡᠷᠦᠩᠬᠡᠢ ᠳᠠᠶᠢᠴᠢᠯᠠᠯᠲᠠ᠂ ᠶᠡᠷᠦᠩᠬᠡᠢ ᠪᠠᠶᠢᠷᠢᠯᠠᠭᠤᠯᠤᠯᠲᠠ ᠮᠥᠨ᠂ ᠲᠡᠷᠡ ᠨᠢ ᠳᠤᠮᠳᠠᠳᠤ ᠤᠯᠤᠰ ᠤᠨ ᠣᠨᠴᠠᠯᠢᠭ ᠪᠥᠬᠦᠢ ᠨᠡᠶᠢᠭᠡᠮ ᠵᠢᠷᠤᠮᠲᠤ ᠪᠠᠶᠢᠭᠤᠯᠤᠯ ᠢ ᠲᠡᠭᠦᠯᠳᠡᠷᠵᠢᠭᠦᠯᠦᠨ ᠬᠥᠭᠵᠢᠭᠦᠯᠵᠦ᠂ ᠲᠦᠷᠦ ᠶᠢ ᠵᠠᠰᠠᠬᠤ ᠰᠢᠰᠲ᠋ᠧᠮ ᠪᠠ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠲᠡᠦᠬᠡᠨ ᠰᠠᠨᠠᠭᠠᠴᠢᠯᠠᠭᠠᠲᠤ ᠡᠷᠬᠡ ᠶᠢ ᠭᠦᠢᠴᠡᠳ ᠢᠯᠡᠷᠡᠭᠦᠯᠦᠭᠰᠡᠨ ᠠᠴᠠ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠬᠦᠴᠦᠷᠬᠡᠭ ᠶᠡᠭᠡ ᠬᠥᠳᠡᠯᠭᠡᠭᠴᠢ ᠬᠦᠴᠦᠨ ᠪᠠ ᠪᠠᠶᠢᠭᠤᠯᠤᠯ ᠤᠨ ᠪᠠᠲᠤᠯᠠᠭ᠎ᠠ ᠬᠠᠩᠭᠠᠬᠤ ᠨᠢ ᠯᠠᠪᠲᠠᠶ ᠶᠤᠮ ᠭᠡᠵᠦ ᠣᠯᠠᠨ ᠢᠶᠠᠷ ᠢᠶᠠᠨ ᠰᠠᠨᠠᠯ ᠨᠢᠭᠡᠲᠡᠢ ᠦᠵᠡᠪᠡ᠃ ᠡᠭᠦᠨ ᠤ ᠬᠠᠮᠲᠤ ᠡᠯ᠎ᠡ ᠲᠠᠯ᠎ᠠ ᠢᠢᠨ ᠬᠢᠨ 1911 ᠵᠤᠷᠪᠤᠰ ᠵᠠᠰᠠᠪᠤᠷᠢ ᠣᠷᠣᠭᠤᠯᠬᠤ ᠰᠠᠨᠠᠯ ᠪᠠ ᠰᠠᠨᠠᠭᠤᠯᠭ᠎ᠠ ᠳᠤᠷᠠᠳᠪᠠ᠃ ᠪᠢᠴᠢᠭ ᠮᠠᠲ᠋ᠧᠷᠢᠶᠠᠯ ᠲᠤᠭᠤᠷᠪᠢᠬᠤ ᠳᠤᠭᠤᠶᠢᠯᠠᠩ ᠡᠳᠡᠭᠡᠷ ᠰᠠᠨᠠᠯ ᠪᠠ ᠰᠠᠨᠠᠭᠤᠯᠭ᠎ᠠ ᠶᠢ ᠬᠢᠨᠠᠮᠠᠭᠠᠶ ᠰᠤᠳᠤᠯᠵᠤ᠂ ᠰᠢᠩᠭᠡᠭᠡᠨ ᠠᠪᠴᠤ ᠪᠣᠯᠬᠤ ᠶᠢ ᠨᠢ ᠠᠯᠢ ᠴᠢᠳᠠᠬᠤ ᠪᠠᠷ ᠰᠢᠩᠭᠡᠭᠡᠨ ᠠᠪᠴᠤ᠂ 221 ᠭᠠᠵᠠᠷ ᠵᠠᠰᠠᠪᠤᠷᠢ ᠣᠷᠣᠭᠤᠯᠪᠠ᠃   ᠲᠤᠭᠤᠷᠪᠢᠨ ᠪᠢᠴᠢᠬᠦ ᠠᠵᠢᠯ ᠤᠨ ᠶᠠᠪᠤᠴᠠ ᠳᠤ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠬᠤᠷᠢᠶ᠎ᠠ 3 ᠤᠳᠠᠭ᠎ᠠ ᠬᠤᠷᠠᠯ ᠬᠤᠷᠠᠯᠳᠤᠭᠤᠯᠵᠤ᠂ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ 2 ᠤᠳᠠᠭ᠎ᠠ ᠬᠤᠷᠠᠯ ᠬᠤᠷᠠᠯᠳᠤᠭᠤᠯᠤᠨ ᠬᠢᠨᠠᠨ ᠶᠠᠷᠢᠯᠴᠠᠵᠤ᠂ ᠵᠠᠰᠠᠪᠤᠷᠢ ᠣᠷᠣᠭᠤᠯᠤᠭᠠᠳ᠂ ᠲᠤᠰ ᠤᠳᠠᠭᠠᠨ ᠤ ᠪᠥᠬᠦᠳᠡ ᠬᠤᠷᠠᠯ ᠳᠤ ᠳᠡᠪᠰᠢᠭᠦᠯᠵᠦ ᠬᠢᠨᠠᠨ ᠶᠠᠷᠢᠯᠴᠠᠭᠤᠯᠬᠤ ᠲᠣᠭᠲᠠᠭᠠᠯ ᠤᠨ ᠨᠤᠤᠷᠠᠭ ᠢ ᠪᠦᠷᠢᠯᠳᠦᠭᠦᠯᠪᠡ᠃   ᠭᠤᠷᠪᠠ᠂ ᠲᠣᠭᠲᠠᠭᠠᠯ ᠤᠨ ᠨᠤᠤᠷᠠᠭ ᠤᠨ ᠦᠨᠳᠦᠰᠦᠨ ᠪᠣᠷᠣ ᠲᠥᠯᠥᠪ ᠪᠠ ᠭᠤᠣᠯ ᠠᠭᠤᠯᠭ᠎ᠠ ᠶᠢᠨ ᠲᠤᠬᠠᠶ   ᠲᠣᠭᠲᠠᠭᠠᠯ ᠤᠨ ᠨᠣᠣᠷᠠᠭ ᠲᠤ ᠤᠳᠤᠷᠢᠳᠬᠠᠯ ᠪᠠ ᠲᠡᠭᠦᠰᠭᠡᠯ ᠤᠨ ᠦᠭᠡ ᠠᠴᠠ ᠭᠠᠳᠠᠨ᠎ᠠ 15 ᠬᠡᠰᠡᠭ ᠢᠶᠠᠷ ᠪᠦᠷᠢᠯᠳᠦᠵᠦ᠂ ᠭᠤᠷᠪᠠᠨ ᠲᠤᠮᠤ ᠬᠡᠰᠡᠭ ᠲᠤ ᠬᠤᠪᠢᠶᠠᠪᠠ᠃ ᠨᠢᠭᠡᠳᠦᠭᠡᠷ ᠬᠡᠰᠡᠭ ᠨᠢ ᠨᠢᠭᠡᠳᠦᠭᠡᠷ ᠲᠤᠮᠤ ᠬᠡᠰᠡᠭ᠂ ᠶᠡᠷᠦᠩᠬᠡᠶ ᠥᠭᠦᠯᠡᠯᠲᠡ ᠪᠣᠯᠤᠨ᠎ᠠ᠂ ᠭᠤᠣᠯᠳᠠᠭᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠶᠢᠨ ᠴᠢᠬᠤᠯᠠ ᠶᠡᠭᠡ ᠠᠴᠢ ᠬᠤᠯᠪᠣᠭᠳᠠᠯ ᠪᠠ ᠶᠡᠷᠦᠩᠬᠡᠶ ᠱᠠᠭᠠᠷᠳᠠᠯᠭ᠎ᠠ ᠶᠢ ᠲᠣᠳᠣᠷᠬᠠᠶᠢᠯᠠᠨ ᠥᠭᠦᠯᠡᠪᠡ᠃ ᠬᠤᠶᠠᠳᠤᠭᠠᠷ ᠬᠡᠰᠡᠭ ᠠᠴᠠ ᠠᠷᠪᠠᠨ ᠳᠥᠷᠪᠡᠳᠦᠭᠡᠷ ᠬᠡᠰᠡᠭ ᠬᠦᠷᠲᠡᠯᠡᠬᠢ ᠬᠤᠪᠢᠶᠠᠷᠢ ᠦᠭᠦᠯᠡᠯᠲᠡ ᠨᠢ ᠬᠤᠶᠠᠳᠤᠭᠠᠷ ᠲᠤᠮᠤ ᠬᠡᠰᠡᠭ ᠪᠣᠯᠣᠨ᠎ᠠ᠂ ᠭᠤᠣᠯᠳᠠᠭᠤ ᠠᠵᠤ ᠠᠬᠤᠶ᠂ ᠤᠯᠤᠰ ᠲᠦᠷᠦ᠂ ᠰᠣᠶᠣᠯ᠂ ᠨᠡᠶᠢᠭᠡᠮ᠂ ᠠᠮᠢ ᠠᠬᠤᠶ ᠶᠢᠨ ᠪᠣᠯᠪᠠᠰᠤᠨ᠂ ᠤᠯᠤᠰ ᠤᠨ ᠠᠮᠤᠷ ᠲᠦᠪᠰᠢᠨ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠵᠡᠷᠭᠡ ᠲᠠᠯ᠎ᠠ ᠠᠴᠠ ᠥᠭᠡᠷᠡᠴᠢᠯᠡᠯᠲᠡ ᠶᠢ ᠪᠠᠶᠢᠷᠢᠯᠠᠭᠤᠯᠪᠠ᠃ ᠠᠷᠪᠠᠨ ᠲᠠᠪᠤᠳᠤᠭᠠᠷ ᠬᠡᠰᠡᠭ ᠨᠢ ᠭᠤᠷᠪᠠᠳᠤᠭᠠᠷ ᠲᠤᠮᠤ ᠬᠡᠰᠡᠭ ᠪᠣᠯᠤᠨ᠎ᠠ᠂ ᠭᠤᠣᠯᠳᠠᠭᠤ ᠥᠭᠡᠷᠡᠴᠢᠯᠡᠯᠲᠡ ᠳᠠᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠬᠤ᠂ ᠨᠠᠮ ᠤᠨ ᠪᠠᠶᠢᠭᠤᠯᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠢᠷᠠᠯ ᠢ ᠡᠰᠡᠷᠭᠦᠴᠡᠬᠦ ᠲᠡᠮᠡᠴᠡᠯ ᠤᠨ ᠲᠤᠬᠠᠶ ᠦᠭᠦᠯᠡᠪᠠ᠃ ᠠᠭᠤᠯᠭ᠎ᠠ ᠶᠢ ᠪᠥᠬᠦ ᠵᠣᠬᠢᠶᠠᠯ ᠳᠤ ᠵᠦᠢᠯ ᠵᠣᠷᠪᠣᠰ ᠳᠠᠷᠠᠭᠠᠯᠠᠭᠤᠯᠵᠤ᠂ 60 ᠵᠣᠷᠪᠣᠰ ᠵᠢᠭᠰᠠᠭᠠᠪᠠ᠃   ᠲᠣᠭᠲᠠᠭᠠᠯ ᠤᠨ ᠨᠣᠣᠷᠠᠭ ᠨᠢ 2035 ᠣᠨ ᠳᠤ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠬᠦ ᠬᠠᠷᠠᠯᠲᠠ ᠶᠢ ᠪᠠᠲᠤ ᠲᠣᠭᠲᠠᠭᠠᠵᠤ᠂ ᠢᠷᠡᠭᠡᠳᠦᠢ ᠶᠢᠨ ᠲᠠᠪᠤᠨ ᠵᠢᠯ ᠤᠨ ᠴᠢᠬᠤᠯᠠ ᠶᠡᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠭᠤᠣᠯᠳᠠᠯᠭ᠎ᠠ ᠲᠠᠢ ᠪᠠᠶᠢᠷᠢᠯᠠᠭᠤᠯᠪᠠ᠂ ᠠᠭᠤᠯᠭ᠎ᠠ ᠶᠢᠨ ᠪᠠᠶᠢᠷᠢᠯᠠᠭᠤᠯᠤᠯᠲᠠ ᠶᠢᠨ ᠲᠠᠯ᠎ᠠ ᠪᠠᠷ ᠳᠣᠣᠷᠠᠬᠢ ᠬᠡᠳᠦᠨ ᠣᠨᠴᠠᠯᠢᠭ ᠲᠠᠢ᠃   ᠨᠢᠭᠡᠳᠦᠭᠡᠷ ᠲᠤ᠂ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠬᠥᠲᠥᠯᠥᠮᠵᠢ ᠶᠢᠨ ᠦᠢᠯᠡᠳᠦᠯ ᠢ ᠪᠠᠳᠠᠷᠠᠭᠤᠯᠬᠤ ᠶᠢ ᠴᠢᠬᠤᠯᠠᠴᠢᠯᠠᠪᠠ᠃ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠢᠢ ᠭᠦᠨᠵᠡᠭᠡᠶᠢᠷᠡᠭᠦᠯᠬᠦ ᠪᠣᠯ ᠮᠥᠨ ᠯᠠ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠭᠤᠣᠯᠳᠠᠯᠭ᠎ᠠ ᠪᠣᠯᠣᠨ᠎ᠠ᠂ ᠲᠡᠭᠦᠨ ᠤ ᠭᠤᠣᠯ ᠡᠭᠦᠷᠭᠡ ᠪᠣᠯ ᠴᠢᠨᠠᠷ ᠰᠠᠶᠢᠲᠠᠢ ᠬᠥᠭᠵᠢᠯᠲᠡ ᠢᠢ ᠠᠬᠢᠭᠤᠯᠬᠤ ᠳᠤ ᠠᠰᠢᠭᠲᠠᠢ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠵᠦ᠂ ᠬᠥᠭᠵᠢᠯᠲᠡ ᠶᠢᠨ ᠰᠢᠨ᠎ᠡ ᠬᠥᠳᠡᠯᠭᠡᠭᠴᠢ ᠡᠨᠧᠷᠭᠢ ᠰᠢᠨ᠎ᠡ ᠳᠠᠪᠠᠭᠤᠯᠢᠭ ᠢ ᠪᠣᠢ ᠪᠣᠯᠭᠠᠵᠤ᠂ ︽ᠬᠤᠶᠠᠷ ᠦᠴᠦᠭᠡᠨ ᠴᠦ ᠭᠤᠶᠢᠪᠢᠰᠢ ᠦᠭᠡᠢ︾ ᠶᠢ ᠪᠠᠷᠢᠮᠲᠠᠯᠠᠨ ᠨᠠᠶᠢᠳᠠᠪᠤᠷᠢᠵᠢᠭᠤᠯᠵᠤ᠂ ᠪᠦᠬᠦ ᠤᠯᠤᠰ ᠤᠨ ᠨᠢᠭᠡᠳᠦᠯᠲᠡᠶ ᠲᠤᠮᠤ ᠵᠠᠬ᠎ᠠ ᠳᠡᠯᠭᠡᠭᠦᠷ ᠢ ᠪᠠᠶᠢᠭᠤᠯᠵᠤ᠂ ᠵᠠᠬ᠎ᠠ ᠳᠡᠯᠭᠡᠭᠦᠷ ᠤᠨ ᠠᠵᠤ ᠠᠬᠤᠶ ᠶᠢᠨ ᠰᠠᠭᠤᠷᠢ ᠳᠦᠷᠢᠮ ᠢ ᠲᠡᠭᠦᠯᠳᠡᠷᠵᠢᠭᠦᠯᠬᠦ ᠶᠠᠪᠤᠳᠠᠯ ᠪᠣᠯᠦᠨ᠎ᠡ᠃   ᠲᠣᠭᠲᠠᠭᠠᠯ ᠤᠨ ᠨᠣᠣᠷᠠᠭ ᠲᠤ᠂ ᠵᠠᠰᠠᠭ ᠤᠨ ᠤᠷᠳᠤᠨ ᠪᠠ ᠵᠠᠬ᠎ᠠ ᠳᠡᠯᠭᠡᠭᠦᠷ ᠤᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠬᠦ ᠡᠨᠡ ᠬᠦ ᠭᠤᠣᠯ ᠠᠰᠠᠭᠤᠳᠠᠯ ᠲᠠᠢ ᠤᠶᠠᠯᠳᠤᠭᠤᠯᠤᠨ᠂ ᠥᠨᠳᠥᠷ ᠲᠦᠪᠰᠢᠨ ᠪᠦᠬᠦᠢ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠯ ᠢ ᠪᠠᠶᠢᠭᠤᠯᠬᠤ ᠶᠢ ᠲᠣᠪᠤᠶᠢᠮ᠎ᠠ ᠪᠠᠶᠢᠷᠢᠨ ᠳᠤ ᠲᠠᠯᠪᠢᠵᠤ᠂ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠭᠤᠣᠯᠳᠠᠯᠭ᠎ᠠ ᠲᠠᠢ ᠬᠦᠷᠢᠶ᠎ᠡ ᠪᠠ ᠵᠠᠩᠭᠢᠯᠠᠭ᠎ᠠ ᠶᠢᠨ ᠭᠤᠭᠴᠤᠭ᠎ᠠ ᠶᠢᠨ ᠲᠤᠬᠠᠢ ᠪᠠᠶᠢᠷᠢᠯᠠᠭᠤᠯᠤᠯᠲᠠ ᠬᠢᠪᠡ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠭᠤᠤᠯᠯᠠᠬᠤ ᠴᠢᠳᠠᠮᠵᠢ ᠶᠢ ᠴᠢᠩᠭᠠᠷᠠᠭᠤᠯᠬᠤ᠂ ᠭᠤᠤᠯᠯᠠᠬᠤ ᠥᠷᠢᠰᠥᠯᠳᠦᠬᠦ ᠬᠦᠴᠦᠨ ᠢ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠦᠨ᠂ ᠡᠯ᠎ᠡ ᠬᠤᠯᠪᠣᠭᠳᠠᠯ ᠪᠦᠬᠦᠢ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭ᠎ᠠ ᠶᠢ ᠴᠢᠩᠭᠠᠳᠬᠠᠵᠤ᠂ ᠤᠯᠤᠰ ᠤᠨ ᠥᠮᠴᠢᠯᠡᠯ ᠤᠨ ᠠᠵᠤ ᠠᠬᠤᠶ ᠶᠢᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠬᠦ ᠪᠠ ᠪᠦᠲᠦᠴᠡ ᠶᠢ ᠲᠣᠬᠢᠷᠠᠭᠤᠯᠬᠤ ᠶᠢ ᠠᠭᠢᠭᠤᠯᠵᠦ᠂ ᠤᠯᠤᠰ ᠤᠨ ᠥᠮᠴᠢᠯᠡᠯ ᠤᠨ ᠬᠥᠷᠥᠩᠭᠡ ᠪᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠦᠴᠦᠷᠬᠡᠭᠵᠢᠨ ᠰᠢᠯᠢᠳᠡᠭᠵᠢᠵᠥ ᠪᠤᠵᠠᠭᠠᠶᠢᠷᠠᠬᠤ ᠶᠢ ᠠᠬᠢᠭᠤᠯᠦᠨ᠎ᠡ ᠭᠡᠵᠦ ᠳᠤᠷᠠᠳᠪᠠ︔ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠦᠨ᠂ ᠠᠷᠠᠳ ᠠᠴᠠ ᠡᠵᠡᠩᠨᠡᠭᠰᠡᠨ ᠠᠵᠤ ᠠᠬᠤᠶ ᠶᠢ ᠠᠬᠢᠭᠤᠯᠬᠤ ᠬᠠᠤᠯᠢ ᠶᠢ ᠲᠣᠭᠲᠠᠭᠠᠵᠤ᠂ ᠥᠮᠴᠢᠯᠡᠬᠦ ᠡᠷᠬᠡ ᠶᠢᠨ ᠲᠤᠬᠠᠢ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠬᠠᠮᠠᠭᠠᠯᠠᠯᠲᠠ ᠶᠢ ᠴᠢᠩᠭᠠᠳᠬᠠᠵᠤ᠂ ᠵᠠᠰᠠᠭ ᠵᠠᠬᠢᠷᠭᠠᠨ ᠤ᠂ ᠡᠷᠡᠭᠦᠦ ᠶᠢᠨ ᠬᠡᠷᠡᠭ ᠤᠨ ᠠᠷᠭ᠎ᠠ ᠪᠠᠷᠢᠯ ᠢ ᠠᠰᠢᠭᠯᠠᠨ ᠠᠵᠤ ᠠᠬᠤᠶ ᠶᠢᠨ ᠵᠠᠭᠤᠷᠠᠯᠳᠤᠭᠠᠨ ᠳᠤ ᠭᠠᠷ ᠲᠦᠷᠦᠭᠦ ᠶᠢ ᠰᠡᠷᠭᠡᠶᠢᠯᠡᠬᠦ ᠪᠠ ᠵᠠᠯᠠᠷᠠᠭᠤᠯᠤᠨ᠎ᠠ ᠭᠡᠵᠦ ᠳᠤᠷᠠᠳᠪᠠ᠃ ᠭᠤᠤᠯᠴᠢ ᠥᠷᠢᠰᠥᠯᠳᠦᠭᠡᠨ ᠢ ᠬᠢᠨᠠᠨ ᠪᠠᠶᠢᠴᠠᠭᠠᠬᠤ ᠬᠠᠲᠠᠭᠤ ᠴᠢᠩᠭ᠎ᠠ ᠬᠢᠵᠠᠭᠠᠷᠯᠠᠯ ᠢ ᠴᠢᠩᠭᠠᠳᠬᠠᠵᠤ᠂ ᠪᠦᠬᠦ ᠤᠯᠤᠰ ᠤᠨ ᠨᠢᠭᠡᠳᠦᠯᠲᠡᠶ ᠵᠠᠬ᠎ᠠ ᠳᠡᠯᠭᠡᠭᠦᠷ ᠪᠠ ᠭᠤᠤᠯᠴᠢ ᠥᠷᠢᠰᠥᠯᠳᠦᠭᠡᠨ ᠢ ᠬᠠᠷᠰᠢᠯᠠᠬᠤ ᠡᠯ᠎ᠡ ᠵᠦᠢᠯ ᠤᠨ ᠲᠣᠭᠲᠠᠭᠠᠯ ᠪᠠ ᠠᠷᠭ᠎ᠠ ᠪᠠᠷᠢᠯ ᠢ ᠢᠯᠭᠠᠷᠠᠭᠤᠯᠬᠤ ᠪᠠ ᠬᠦᠴᠦᠨ ᠦᠭᠡᠢ ᠪᠣᠯᠭᠠᠵᠤ᠂ ᠡᠯᠧᠮᠧᠨ᠋ᠲ ᠤᠨ ᠵᠠᠬ᠎ᠠ ᠳᠡᠯᠭᠡᠭᠦᠷ ᠤᠨ ᠲᠦᠷᠢᠮ ᠪᠠ ᠲᠦᠷᠢᠮᠯᠡᠯ ᠢ ᠲᠡᠭᠦᠯᠳᠡᠷᠵᠢᠭᠦᠯᠬᠦ ᠵᠡᠷᠭᠡ ᠶᠢ ᠳᠤᠷᠠᠳᠪᠠ᠃ ᠡᠳᠡᠭᠡᠷ ᠠᠷᠭ᠎ᠠ ᠬᠡᠮᠵᠢᠶ᠎ᠡ ᠨᠢ ᠪᠦᠬᠦ ᠨᠡᠶᠢᠭᠡᠮ ᠤᠨ ᠳᠣᠲᠣᠭᠠᠳᠤ ᠬᠥᠳᠡᠯᠭᠡᠭᠴᠢ ᠬᠦᠴᠦᠨ ᠪᠠ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠨᠡᠩ ᠰᠠᠶᠢᠨ ᠬᠥᠭᠵᠢᠭᠡᠬᠦ ᠪᠣᠯᠣᠨ᠎ᠠ᠃   ᠲᠣᠭᠲᠠᠭᠠᠯ ᠤᠨ ᠨᠣᠣᠷᠠᠭ ᠲᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠶᠢᠭᠤᠯᠤᠯ ᠲᠣᠭᠲᠠᠴᠠ ᠶᠢ ᠪᠦᠷᠢᠨᠰᠢᠭᠦᠯᠬᠦ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠬᠦᠭᠵᠢᠯᠲᠡ ᠢᠢ ᠠᠬᠢᠭᠤᠯᠬᠤ ᠲᠤᠬᠠᠢ ᠪᠠᠶᠢᠷᠢᠯᠠᠭᠤᠯᠤᠯᠲᠠ ᠬᠢᠪᠠ᠃ ᠳᠡᠭᠡᠳᠦ ᠮᠡᠷᠭᠡᠵᠢᠯ ᠤᠨ᠂ ᠦᠢᠯᠡᠳᠦᠯ ᠴᠢᠳᠠᠪᠤᠷᠢ ᠰᠠᠶᠢᠲᠠᠢ᠂ ᠴᠢᠨᠠᠷ ᠰᠠᠶᠢᠲᠠᠶ ᠪᠠᠶᠢᠬᠤ ᠪᠠᠷ ᠣᠨᠴᠠᠯᠢᠭ ᠪᠣᠯᠭᠠᠭᠰᠠᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠲᠠᠢ ᠤᠶᠠᠯᠳᠤᠭᠤᠯᠤᠨ᠂ ᠰᠢᠨ᠎ᠡ ᠬᠦᠷᠢᠶ᠎ᠡ ᠰᠢᠨ᠎ᠡ ᠤᠷᠤᠯᠳᠤᠭᠠᠨ ᠤ ᠵᠠᠮ ᠤᠨ ᠳᠦᠷᠢᠮ ᠤᠨ ᠬᠠᠩᠭᠠᠯᠭ᠎ᠠ ᠶᠢ ᠴᠢᠩᠭᠠᠳᠬᠠᠨ᠂ ᠢᠷᠡᠭᠡᠳᠦᠶ ᠶᠢᠨ ᠠᠵᠤ ᠦᠢᠯᠡᠰ ᠤᠨ ᠣᠷᠣᠭᠤᠯᠤᠯᠲᠠ ᠶᠢᠨ ᠨᠡᠮᠡᠭᠳᠡᠯ ᠤᠨ ᠲᠣᠭᠲᠠᠴᠠ ᠶᠢ ᠪᠠᠶᠢᠭᠤᠯᠵᠤ᠂ ᠤᠯᠤᠰ ᠤᠨ ᠪᠠᠷᠢᠮᠵᠢᠶ᠎ᠠ ᠶᠢᠨ ᠳᠡᠭᠡᠭᠰᠢᠯᠡᠯᠲᠡ ᠪᠠᠷ ᠤᠯᠠᠮᠵᠢᠯᠠᠯᠲᠤ ᠠᠵᠤ ᠦᠢᠯᠡᠰ ᠤᠨ ᠰᠢᠯᠢᠳᠡᠭᠵᠢᠨ ᠳᠡᠰ ᠳᠡᠪᠰᠢᠬᠦ ᠶᠢ ᠬᠥᠲᠥᠯᠥᠨ ᠳᠠᠭᠠᠭᠤᠯᠵᠤ᠂ ᠡᠯ᠎ᠡ ᠲᠥᠷᠥᠯ ᠤᠨ ᠲᠡᠷᠢᠭᠦᠨ ᠤ ᠦᠢᠯᠡᠳᠪᠦᠷᠢᠯᠡᠯ ᠤᠨ ᠡᠯᠧᠮᠧᠨ᠋ᠲ ᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠦᠭᠵᠢᠭᠦᠯᠬᠦ ᠲᠡᠶᠢᠰᠢ ᠲᠥᠪᠯᠡᠷᠡᠬᠦ ᠶᠢ ᠠᠬᠢᠭᠤᠯᠤᠨ᠎ᠠ ᠭᠡᠵᠦ ᠳᠤᠷᠠᠳᠪᠠ᠃   ᠲᠣᠭᠲᠠᠭᠠᠯ ᠤᠨ ᠨᠣᠣᠷᠠᠭ ᠲᠤ᠂ ᠬᠤᠷᠸ᠎ᠠ ᠠᠵᠤ ᠠᠬᠤᠢ ᠶᠢᠨ ᠵᠠᠰᠠᠯᠲᠠ ᠶᠢᠨ ᠰᠢᠰᠲ᠋ᠧᠮ ᠢ ᠪᠦᠷᠢᠨᠰᠢᠭᠦᠯᠬᠦ ᠲᠤᠬᠠᠢ ᠪᠠᠶᠢᠷᠢᠯᠠᠭᠤᠯᠤᠯᠲᠠ ᠬᠢᠪᠡ᠃ ᠤᠯᠤᠰ ᠤᠨ ᠪᠠᠶᠢᠯᠳᠤᠬᠤ ᠪᠤᠳᠤᠯᠭ᠎ᠠ ᠲᠥᠯᠥᠪᠵᠢᠭᠦᠯᠭᠡ ᠶᠢᠨ ᠰᠢᠰᠲ᠋ᠧᠮ ᠪᠠ ᠲᠦᠷᠦ ᠶᠢᠨ ᠪᠤᠳᠤᠯᠭ᠎ᠠ ᠶᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠲᠣᠭᠲᠠᠴᠠ ᠢᠢ ᠲᠡᠭᠦᠯᠳᠡᠷᠵᠢᠭᠦᠯᠦᠨ᠎ᠡ︔ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠯ ᠤᠨ ᠥᠭᠡᠷᠡᠴᠢᠯᠡᠯᠲᠡ ᠢᠢ ᠭᠦᠨᠵᠡᠭᠡᠶᠢᠷᠡᠭᠦᠯᠵᠦ᠂ ᠣᠷᠣᠨ ᠨᠤᠲᠤᠭ ᠤᠨ ᠡᠵᠡᠨ ᠮᠡᠳᠡᠬᠦ ᠡᠳ᠋ ᠤᠨ ᠬᠦᠴᠦᠨ ᠢ ᠨᠡᠮᠡᠭᠳᠡᠭᠦᠯᠵᠦ᠂ ᠣᠷᠣᠨ ᠨᠤᠲᠤᠭ ᠤᠨ ᠭᠠᠶᠢᠯᠢ ᠶᠢᠨ ᠢᠷᠡᠯᠳᠡ ᠢᠢ ᠥᠷᠭᠡᠳᠭᠡᠵᠦ᠂ ᠣᠷᠣᠨ ᠨᠤᠲᠤᠭ ᠤᠨ ᠵᠠᠰᠠᠭ ᠤᠨ ᠤᠷᠳᠤᠨ ᠤ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ ᠳᠡᠮᠵᠢᠬᠦ ᠬᠡᠪᠴᠢᠶ᠎ᠡ ᠶᠢ ᠵᠣᠬᠢᠰᠲᠠᠶ ᠪᠠᠷ ᠥᠷᠭᠡᠳᠭᠡᠨ᠂ ᠲᠥᠪ ᠤᠨ ᠠᠵᠢᠯ ᠶᠠᠪᠤᠳᠠᠯ ᠤᠨ ᠡᠷᠬᠡ ᠶᠢ ᠵᠣᠬᠢᠰᠲᠠᠶ ᠪᠠᠷ ᠴᠢᠩᠭᠠᠳᠬᠠᠵᠤ᠂ ᠲᠥᠪ ᠤᠨ ᠡᠳ᠋ ᠤᠨ ᠵᠠᠰᠠᠭ ᠤᠨ ᠵᠠᠷᠤᠯᠭ᠎ᠠ ᠶᠢᠨ ᠬᠠᠷᠢᠴᠠᠯ ᠢ ᠵᠣᠬᠢᠰᠲᠠᠢ ᠪᠠᠷ ᠳᠡᠭᠡᠭᠰᠢᠯᠡᠭᠦᠯᠦᠨ᠎ᠡ︔ ᠮᠥᠩᠭᠦᠨ ᠭᠦᠢᠯᠭᠡᠭᠡᠨ ᠤ ᠪᠠᠶᠢᠭᠤᠯᠤᠮᠵᠢ ᠢᠢᠨ ᠪᠠᠶᠢᠷᠢ ᠲᠣᠭᠲᠠᠭᠠᠯᠲᠠ ᠪᠠ ᠵᠠᠰᠠᠯᠲᠠ ᠶᠢ ᠲᠡᠭᠦᠯᠳᠡᠷᠵᠢᠭᠦᠯᠵᠦ᠂ ᠪᠡᠯᠡ ᠣᠷᠣᠭᠤᠯᠤᠯᠲᠠ ᠪᠠ ᠪᠡᠯᠡ ᠲᠣᠬᠢᠷᠠᠭᠤᠯᠭ᠎ᠠ ᠬᠠᠷᠢᠯᠴᠠᠨ ᠵᠣᠬᠢᠴᠠᠯᠳᠤᠭᠰᠠᠨ ᠬᠥᠷᠥᠩᠭᠡ ᠶᠢᠨ ᠵᠠᠬ᠎ᠠ ᠳᠡᠯᠭᠡᠭᠦᠷ ᠤᠨ ᠴᠢᠳᠠᠮᠵᠢ ᠶᠢ ᠪᠦᠷᠢᠨᠰᠢᠭᠦᠯᠵᠦ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ ᠭᠡᠵᠦ ᠳᠤᠷᠠᠳᠪᠠ᠃ᠲᠣᠭᠲᠠᠭᠠᠯ ᠤᠨ ᠨᠣᠣᠷᠠᠭ ᠲᠤ᠂ ᠬᠤᠳᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠬᠦ ᠲᠤᠬᠠᠢ ᠪᠠᠶᠢᠷᠢᠯᠠᠭᠤᠯᠤᠯᠲᠠ ᠬᠢᠪᠡ᠃ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠢᠢ ᠠᠬᠢᠭᠤᠯᠬᠤ ᠪᠠᠶᠢᠭᠤᠯᠤᠯ ᠲᠣᠭᠲᠠᠴᠠ ᠶᠢ ᠪᠦᠷᠢᠨᠰᠢᠭᠦᠯᠦᠨ᠎ᠡ︔ ᠬᠥᠳᠡᠭᠡ ᠲᠣᠰᠬᠤᠨ ᠤ ᠦᠨᠳᠦᠰᠦᠨ ᠡᠵᠡᠩᠨᠡᠯᠲᠡ ᠶᠢᠨ ᠲᠦᠷᠢᠮ ᠢ ᠪᠠᠬᠢᠵᠢᠭᠦᠯᠦᠨ ᠲᠡᠭᠦᠯᠳᠡᠷᠵᠢᠭᠦᠯᠦᠨ᠎ᠡ︔ ᠲᠠᠷᠢᠶᠠᠯᠠᠩ ᠢ ᠬᠦᠴᠦᠷᠬᠡᠭᠵᠢᠭᠦᠯᠬᠦ᠂ ᠲᠠᠷᠢᠶᠠᠴᠢᠳ ᠲᠤ ᠠᠰᠢᠭ ᠬᠦᠷᠳᠡᠭᠡᠬᠦ᠂ ᠲᠠᠷᠢᠶᠠᠴᠢᠳ ᠢ ᠪᠠᠶᠠᠵᠢᠭᠤᠯᠬᠤ ᠶᠢ ᠳᠡᠮᠵᠢᠬᠦ ᠲᠦᠷᠢᠮ ᠢ ᠲᠡᠭᠦᠯᠳᠡᠷᠵᠢᠭᠦᠯᠦᠨ᠎ᠡ︔ ᠭᠠᠵᠠᠷ ᠰᠢᠷᠣᠶ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ ᠭᠡᠵᠦ ᠳᠤᠷᠠᠳᠪᠠ᠃   ᠲᠣᠭᠲᠠᠭᠠᠯ ᠤᠨ ᠨᠣᠣᠷᠠᠭ ᠲᠤ᠂ ᠦᠨᠳᠦᠷ ᠲᠥᠪᠰᠢᠨ ᠪᠦᠬᠦᠢ ᠭᠠᠳᠠᠭᠠᠲᠤ ᠨᠡᠭᠡᠭᠡᠯᠲᠡ ᠶᠢᠨ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠬᠦ ᠲᠤᠬᠠᠢ ᠪᠠᠶᠢᠷᠢᠯᠠᠭᠤᠯᠤᠯᠲᠠ ᠬᠢᠪᠡ᠃ ᠲᠦᠷᠢᠮ ᠤᠨ ᠬᠡᠯᠪᠡᠷᠢ ᠶᠢᠨ ᠨᠡᠭᠡᠭᠡᠯᠳᠡ ᠢᠢ ᠯᠠᠪᠳᠠᠭᠤᠨ ᠢᠶᠠᠷ ᠥᠷᠭᠡᠳᠭᠡᠨ᠎ᠡ︔ ᠭᠠᠳᠠᠭᠠᠳᠤ ᠠᠷᠠᠯᠵᠢᠶᠠᠨ ᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ︔ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠬᠤ ᠪᠠ ᠭᠠᠳᠠᠭᠠᠳᠤ ᠳᠤ ᠪᠡᠯᠡ ᠣᠷᠣᠭᠤᠯᠬᠤ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ︔ ᠣᠷᠣᠨ ᠪᠦᠰᠡ ᠶᠢᠨ ᠨᠡᠭᠡᠭᠡᠯᠳᠡ ᠶᠢᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠦᠨ᠎ᠡ︔ ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠲᠠᠶ ᠪᠠᠷ ᠬᠠᠮᠲᠤ ᠪᠠᠷ ᠪᠠᠶᠢᠭᠤᠯᠬᠤ ᠶᠢ ᠠᠬᠢᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ ᠭᠡᠵᠦ ᠳᠤᠷᠠᠳᠪᠠ᠃   ᠬᠤᠶᠠᠳᠤᠭᠠᠷ ᠲᠤ᠂ ᠪᠦᠬᠦ ᠲᠠᠯ᠎ᠠ ᠪᠠᠷ ᠰᠢᠨ᠎ᠡ ᠶᠢ ᠡᠭᠦᠳᠬᠦ ᠶᠢ ᠳᠡᠮᠵᠢᠬᠦ ᠪᠠᠶᠢᠭᠤᠯᠤᠯ ᠲᠣᠭᠲᠠᠴᠠ ᠶᠢ ᠪᠠᠶᠢᠭᠤᠯᠬᠤ ᠶᠢ ᠴᠢᠬᠤᠯᠠᠴᠢᠯᠠᠪᠠ᠃ ᠲᠣᠭᠲᠠᠭᠠᠯ ᠤᠨ ᠨᠣᠣᠷᠠᠭ ᠲᠤ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠴᠢᠳᠠᠪᠤᠷᠢᠲᠠᠨ ᠤ ᠪᠠᠶᠢᠭᠤᠯᠤᠯ ᠲᠣᠭᠲᠠᠴᠠ ᠶᠢᠨ ᠨᠢᠭᠡ ᠴᠣᠭᠴᠠᠵᠢᠠᠠᠰᠠᠨ ᠥᠭᠡᠷᠡᠴᠢᠯᠡᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠰᠤᠷᠭᠠᠨ ᠬᠥᠮᠦᠵᠢᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠴᠢᠳᠠᠪᠤᠷᠢᠲᠠᠨ ᠤ ᠬᠥᠭᠵᠢᠯᠲᠡ ᠶᠢᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠯᠤᠰ ᠤᠨ ᠰᠢᠨ᠎ᠡ ᠶᠢ ᠡᠭᠦᠳᠬᠦ ᠰᠢᠰᠲ᠋ᠧᠮ ᠤᠨ ᠪᠦᠬᠦᠯᠢ ᠴᠣᠭᠴᠠ ᠶᠢᠨ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠎ᠡ ᠭᠡᠵᠦ ᠴᠢᠬᠤᠯᠠᠴᠢᠯᠠᠪᠠ᠃   ᠰᠤᠷᠭᠠᠨ ᠬᠥᠮᠦᠵᠢᠯ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠲᠠᠯ᠎ᠠ ᠪᠠᠷ᠂ ᠶᠡᠭᠡ ᠳᠡᠭᠡᠳᠦ ᠰᠤᠷᠭᠠᠭᠤᠯᠢ ᠶᠢᠨ ᠥᠭᠡᠷᠡᠴᠢᠯᠡᠯᠲᠡ ᠶᠢ ᠲᠥᠷᠥᠯ ᠬᠤᠪᠢᠶᠠᠨ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ᠂ ᠤᠯᠤᠰ ᠤᠨ ᠪᠠᠶᠢᠯᠳᠤᠬᠤ ᠪᠣᠳᠣᠯᠭ᠎ᠠ ᠶᠢᠨ ᠬᠡᠷᠡᠭᠴᠡᠭᠡ ᠪᠠᠷ ᠬᠥᠲᠥᠯᠥᠭᠦᠯᠦᠭᠰᠡᠨ ᠰᠢᠨᠵᠢᠯᠡᠭᠡᠨ ᠤ ᠰᠠᠯᠠᠭ᠎ᠠ ᠶᠢ ᠪᠠᠶᠢᠭᠤᠯᠵᠤ ᠲᠤᠬᠢᠷᠠᠭᠤᠯᠬᠤ ᠲᠣᠭᠲᠠᠴᠠ ᠪᠠ ᠴᠢᠳᠠᠪᠤᠷᠢᠲᠠᠨ ᠬᠥᠮᠦᠵᠢᠭᠦᠯᠬᠦ ᠵᠠᠭᠪᠤᠷ ᠢ ᠪᠠᠶᠢᠭᠤᠯᠵᠤ᠂ ᠪᠠᠴᠢᠮ ᠬᠡᠷᠡᠭᠰᠡᠬᠦ ᠰᠢᠨᠵᠢᠯᠡᠭᠡᠨ ᠤ ᠰᠠᠯᠠᠭ᠎ᠠ ᠲᠤᠰᠬᠠᠶ ᠮᠡᠷᠭᠡᠵᠢᠯ ᠢ ᠬᠡᠪ ᠠᠴᠠ ᠬᠡᠲᠦᠷᠡᠭᠦᠯᠦᠨ ᠪᠠᠶᠢᠷᠢᠯᠠᠭᠤᠯᠤᠨ᠎ᠠ︔ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠣᠭᠲᠠᠴᠠ ᠶᠢ ᠲᠡᠭᠦᠯᠳᠡᠷᠵᠢᠭᠦᠯᠵᠦ᠂ ᠦᠷ᠎ᠡ ᠪᠦᠲᠦᠭᠡᠯ ᠢ ᠬᠤᠪᠢᠷᠠᠭᠤᠯᠬᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠎ᠡ ᠭᠡᠵᠦ ᠳᠤᠷᠠᠳᠪᠠ᠃   ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠲᠠᠯ᠎ᠠ ᠪᠠᠷ᠂ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠨ ᠤ ᠪᠠᠶᠢᠭᠤᠯᠤᠯᠲᠠ ᠶᠢ ᠴᠢᠩᠭᠠᠳᠬᠠᠵᠤ᠂ ᠤᠯᠤᠰ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ᠂ ᠥᠨᠳᠥᠷ ᠲᠦᠪᠰᠢᠨ ᠪᠦᠬᠦᠢ ᠰᠤᠳᠤᠯᠭᠠᠨ ᠤ ᠬᠡᠯᠪᠡᠷᠢ ᠶᠢᠨ ᠶᠡᠭᠡ ᠰᠤᠷᠭᠠᠭᠤᠯᠢ᠂ ᠰᠢᠨᠵᠢᠯᠡᠭᠦ ᠤᠬᠠᠭᠠᠨ ᠲᠧᠭᠨᠢᠭ ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ ᠤᠨ ᠪᠠᠶᠢᠷᠢ ᠲᠣᠭᠲᠠᠭᠠᠯᠲᠠ ᠪᠠ ᠪᠠᠶᠢᠷᠢᠯᠠᠭᠤᠯᠤᠯᠲᠠ ᠶᠢ ᠰᠢᠯᠢᠳᠡᠭᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠯᠥᠪᠯᠡᠭᠡ ᠶᠢᠨ ᠬᠠᠮᠢᠶᠠᠷᠤᠯᠲᠠ ᠶᠢ ᠰᠠᠶᠢᠵᠢᠷᠠᠭᠤᠯᠵᠤ᠂ ᠰᠠᠭᠤᠷᠢ ᠰᠤᠳᠤᠯᠭᠠᠨ ᠤ ᠬᠦᠷᠢᠶ᠎ᠡ᠂ ᠰᠣᠯᠪᠢᠴᠠᠯ ᠬᠤᠰᠢᠭᠤᠷᠠᠯ ᠬᠦᠷᠢᠶ᠎ᠡ᠂ ᠭᠤᠤᠯᠳᠠᠯᠭ᠎ᠠ ᠲᠠᠢ ᠬᠦᠷᠢᠶᠡᠨ ᠤ ᠪᠠᠷᠠᠯᠠᠬᠢᠯᠠᠯᠲᠤ ᠴᠢᠨᠠᠷᠲᠠᠶ᠂ ᠬᠥᠲᠥᠯᠥᠨ ᠳᠠᠭᠠᠭᠤᠯᠬᠤ ᠴᠢᠨᠠᠷᠲᠠᠶ ᠪᠠᠶᠢᠷᠢᠯᠠᠭᠤᠯᠤᠯᠲᠠ ᠶᠢ ᠴᠢᠩᠭᠠᠳᠬᠠᠨ᠎ᠠ︔ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠡᠶᠡᠴᠢ ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ ᠢ ᠪᠤᠶᠢᠵᠢᠭᠤᠯᠤᠨ ᠪᠤᠵᠠᠭᠠᠶᠢᠷᠠᠭᠤᠯᠬᠤ ᠲᠣᠭᠲᠠᠴᠠ  ᠶᠢ ᠪᠠᠶᠢᠭᠤᠯᠤᠨ᠎ᠠ︔ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠤᠨ ᠠᠵᠢᠯ ᠦᠢᠯᠡᠰ ᠤᠨ ᠨᠢᠭᠡᠴᠢ ᠶᠢᠨ ᠡᠩ ᠤᠨ ᠠᠵᠢᠯ ᠦᠢᠯᠡᠰ ᠤᠨ ᠨᠢᠭᠡᠴᠢ ᠠᠴᠠ ᠨᠡᠩ ᠠᠮᠢᠳᠤᠯᠢᠭ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠵᠦ᠂ ᠠᠵᠤ ᠠᠬᠤᠶᠢᠯᠠᠯᠴᠢᠯᠠᠭᠰᠠᠨ ᠬᠠᠮᠢᠶᠠᠷᠤᠯᠲᠠ ᠶᠢ ᠰᠦᠪᠡᠭᠴᠢᠯᠡᠨ ᠬᠡᠷᠡᠭᠵᠢᠭᠦᠯᠬᠦ ᠶᠢ ᠵᠦᠪᠰᠢᠶᠡᠷᠡᠨ᠎ᠡ︔ ᠲᠤᠰᠢᠶᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠳᠤ ᠡᠷᠬᠡ ᠣᠯᠭᠤᠬᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ ᠭᠡᠵᠦ ᠳᠤᠷᠠᠳᠪᠠ᠃   ᠴᠢᠳᠠᠪᠤᠷᠢᠲᠠᠨ ᠤ ᠬᠥᠭᠵᠢᠯᠲᠡ ᠶᠢᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢᠨ ᠲᠠᠯ᠎ᠠ ᠪᠠᠷ᠂ ᠤᠯᠤᠰ ᠤᠨ ᠪᠠᠶᠢᠯᠳᠤᠬᠤ ᠪᠣᠳᠣᠯᠭ᠎ᠠ ᠶᠢᠨ ᠴᠢᠳᠠᠪᠤᠷᠢᠲᠠᠨ ᠤ ᠬᠦᠴᠦᠨ ᠢ ᠲᠦᠷᠭᠡᠯᠡᠨ ᠪᠠᠶᠢᠭᠤᠯᠵᠤ᠂ ᠡᠯ᠎ᠡ ᠲᠦᠷᠦᠯ ᠤᠨ ᠴᠢᠳᠠᠪᠤᠷᠢᠲᠠᠨ ᠤ ᠬᠡᠪ ᠴᠢᠨᠠᠷ ᠢ ᠳᠡᠭᠡᠭᠰᠢᠯᠡᠭᠦᠯᠦᠨ᠎ᠡ︔ ᠵᠠᠯᠠᠭᠤ ᠰᠢᠨ᠎ᠡ ᠶᠢ ᠡᠭᠦᠳᠬᠦ ᠴᠢᠳᠠᠪᠤᠷᠢᠲᠠᠨ ᠢ ᠢᠯᠡᠷᠡᠭᠦᠯᠬᠦ᠂ ᠰᠢᠯᠭᠠᠷᠠᠭᠤᠯᠬᠤ᠂ ᠬᠥᠮᠦᠵᠢᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ ᠵᠠᠯᠠᠭᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠨ ᠤ ᠬᠠᠷᠠᠭᠠᠯᠵᠠᠯ ᠢ ᠨᠡᠩ ᠰᠠᠶᠢᠲᠤᠷ ᠪᠠᠲᠤᠯᠠᠨ᠎ᠠ︔ ᠴᠢᠳᠠᠪᠤᠷᠢᠲᠠᠨ ᠢ ᠤᠷᠮᠠᠰᠢᠭᠤᠯᠬᠤ ᠲᠣᠭᠲᠠᠴᠠ ᠶᠢ ᠴᠢᠩᠭᠠᠳᠬᠠᠵᠤ᠂ ᠬᠥᠮᠦᠨ ᠬᠡᠷᠡᠭᠯᠡᠬᠦ ᠪᠡᠶᠡᠴᠢ ᠴᠣᠭᠴᠠ ᠳᠤ ᠡᠷᠬᠡ ᠣᠯᠭᠤᠬᠤ᠂ ᠴᠢᠳᠠᠪᠤᠷᠢᠲᠠᠨ ᠤ ᠬᠦᠯᠢᠶᠡᠰᠦ ᠶᠢ ᠰᠤᠯᠠᠯᠠᠬᠤ ᠶᠢ ᠪᠠᠷᠢᠮᠲᠠᠯᠠᠨ᠎ᠠ︔ ᠭᠠᠳᠠᠭᠠᠳᠤ ᠠᠴᠠ ᠴᠢᠳᠠᠪᠤᠷᠢᠲᠠᠨ ᠣᠷᠣᠭᠤᠯᠤᠨ ᠠᠪᠴᠢᠷᠠᠬᠤ ᠶᠢ ᠳᠡᠮᠵᠢᠬᠦ ᠪᠠ ᠪᠠᠲᠤᠯᠠᠬᠤ ᠲᠣᠭᠲᠠᠴᠠ ᠶᠢ ᠲᠡᠭᠦᠯᠳᠡᠷᠵᠢᠭᠦᠯᠤᠨ᠎ᠠ ᠭᠡᠵᠦ ᠳᠤᠷᠠᠳᠪᠠ᠃   ᠭᠤᠷᠪᠠᠳᠤᠭᠠᠷ ᠲᠤ᠂ ᠪᠦᠬᠦ ᠲᠠᠯ᠎ᠠ ᠶᠢᠨ ᠥᠭᠡᠷᠡᠴᠢᠯᠡᠯᠲᠡ ᠶᠢ ᠴᠢᠬᠤᠯᠠᠴᠢᠯᠠᠪᠠ᠃ ᠲᠣᠭᠲᠠᠭᠠᠯ ᠤᠨ ᠨᠣᠣᠷᠠᠭ ᠲᠤ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠶ ᠪᠠᠶᠢᠷᠢᠯᠠᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠵᠣᠬᠢᠴᠠᠩᠭᠤᠢ ᠪᠠᠷ ᠠᠬᠢᠭᠤᠯᠬᠤ ᠪᠣᠷᠣ ᠲᠥᠯᠥᠪ ᠤᠨ ᠳᠣᠤᠷ᠎ᠠ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠤᠬᠠᠭᠠᠯᠠᠨ ᠲᠥᠯᠥᠪᠯᠡᠵᠦ᠂ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠪᠠ ᠪᠤᠰᠤᠳ ᠡᠯ᠎ᠡ ᠬᠦᠷᠢᠶ᠎ᠡ ᠶᠢᠨ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠯᠡᠨ ᠪᠠᠶᠢᠷᠢᠯᠠᠭᠤᠯᠪᠠ᠃   ᠠᠷᠠᠳᠴᠢᠯᠠᠯ ᠪᠠ ᠬᠠᠤᠯᠢ ᠪᠠᠷ ᠵᠠᠰᠠᠬᠤ ᠬᠦᠷᠢᠶ᠎ᠡ ᠶᠢᠨ ᠥᠭᠡᠷᠡᠴᠢᠯᠡᠯᠲᠡ ᠶᠢᠨ ᠲᠠᠯ᠎ᠠ ᠪᠠᠷ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠤᠨ ᠳᠦᠷᠢᠮ ᠤᠨ ᠰᠢᠰᠲ᠋ᠧᠮ ᠢ ᠪᠦᠷᠢᠨᠰᠢᠭᠦᠯᠬᠦ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠰᠢᠰᠲ᠋ᠧᠮ ᠢ ᠲᠡᠭᠦᠯᠳᠡᠷᠵᠢᠭᠦᠯᠬᠦ ᠲᠤᠬᠠᠢ ᠲᠤᠰ ᠲᠤᠰ ᠪᠠᠶᠢᠷᠢᠯᠠᠭᠤᠯᠤᠯᠲᠠ ᠬᠢᠪᠡ᠃ ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ ᠪᠠᠶᠢᠭᠤᠯᠤᠯ ᠤᠨ ᠪᠠᠶᠢᠭᠤᠯᠤᠯᠲᠠ ᠶᠢ ᠴᠢᠩᠭᠠᠳᠬᠠᠨ᠎ᠠ︔ ᠵᠥᠪᠯᠡᠬᠦ ᠠᠷᠠᠳᠴᠢᠯᠠᠯ ᠤᠨ ᠲᠣᠭᠲᠠᠴᠠ ᠶᠢ ᠪᠦᠷᠢᠨᠰᠢᠭᠦᠯᠦᠨ᠎ᠡ︔ ᠦᠨᠳᠦᠰᠦᠨ ᠱᠠᠲᠤᠨ ᠤ ᠠᠷᠠᠳᠴᠢᠯᠠᠯ ᠤᠨ ᠲᠦᠷᠢᠮ ᠢ ᠪᠦᠷᠢᠨᠰᠢᠭᠦᠯᠦᠨ᠎ᠡ︔ ᠶᠡᠭᠡ ᠨᠢᠭᠡᠳᠦᠮᠡᠯ ᠹᠷᠣᠨᠲ ᠤᠨ ᠠᠵᠢᠯ ᠤᠨ ᠪᠠᠶᠢᠷᠢᠰᠢᠯ ᠢ ᠲᠡᠭᠦᠯᠳᠡᠷᠵᠢᠭᠦᠯᠦᠨ᠎ᠡ ᠭᠡᠵᠦ ᠳᠤᠷᠠᠳᠪᠠ᠃ ᠭᠤᠣᠯᠳᠠᠯᠭ᠎ᠠ ᠲᠠᠢ ᠬᠦᠷᠢᠶ᠎ᠡ᠂ ᠰᠢᠨ᠎ᠡ ᠪᠠᠷ ᠬᠥᠭᠵᠢᠭᠰᠡᠨ ᠬᠦᠷᠢᠶ᠎ᠡ᠂ ᠭᠠᠳᠠᠭᠠᠳᠤ ᠳᠤ ᠬᠤᠯᠪᠣᠭᠳᠠᠬᠤ ᠬᠦᠷᠢᠶᠡᠨ ᠳᠠᠬᠢ ᠬᠠᠤᠯᠢ ᠲᠣᠭᠲᠠᠭᠠᠯᠲᠠ ᠶᠢ ᠴᠢᠩᠭᠠᠳᠬᠠᠨ᠎ᠠ︔ ᠬᠢᠨᠠᠨ ᠪᠠᠶᠢᠴᠠᠭᠠᠬᠤ ᠪᠠᠶᠢᠭᠤᠯᠭ᠎ᠠ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ᠂ ᠪᠠᠶᠢᠴᠠᠭᠠᠬᠤ ᠪᠠᠶᠢᠭᠤᠯᠭ᠎ᠠ᠂ ᠰᠢᠭᠦᠨ ᠲᠠᠰᠤᠯᠬᠤ ᠪᠠᠶᠢᠭᠤᠯᠭ᠎ᠠ᠂ ᠬᠠᠣᠯᠢ ᠪᠠᠷᠢᠬᠤ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠲᠣᠰ ᠲᠣᠰ ᠤᠨ ᠲᠣᠰᠢᠶᠠᠯ ᠬᠠᠷᠢᠭᠤᠴᠠᠯᠭ᠎ᠠ ᠪᠠᠨ ᠬᠥᠢᠴᠡᠳᠭᠡᠬᠦ᠂ ᠬᠢᠨᠠᠨ ᠪᠠᠶᠢᠴᠠᠭᠠᠬᠤ ᠡᠷᠬᠡ᠂ ᠲᠤᠷᠰᠢᠨ ᠪᠠᠶᠢᠴᠠᠭᠠᠬᠤ ᠡᠷᠬᠡ᠂ ᠪᠠᠶᠢᠴᠠᠭᠠᠬᠤ ᠡᠷᠬᠡ᠂ ᠰᠢᠭᠦᠨ ᠲᠠᠰᠤᠯᠬᠤ ᠡᠷᠬᠡ᠂ ᠭᠦᠢᠴᠡᠳᠭᠡᠬᠦ ᠡᠷᠬᠡ ᠬᠠᠷᠢᠯᠴᠠᠨ ᠬᠠᠮᠵᠢᠯᠴᠠᠵᠤ ᠬᠠᠷᠢᠯᠴᠠᠨ ᠬᠢᠵᠠᠭᠠᠷᠯᠠᠬᠤ ᠪᠠᠶᠢᠭᠤᠯᠤᠯ ᠲᠣᠭᠲᠠᠴᠠ ᠶᠢ ᠪᠦᠷᠢᠨᠰᠢᠭᠦᠯᠦᠨ᠎ᠡ︔ ᠬᠠᠤᠯᠢ ᠪᠠᠷ ᠵᠠᠰᠠᠬᠤ ᠨᠡᠶᠢᠭᠡᠮ ᠤᠨ ᠪᠠᠶᠢᠭᠤᠯᠤᠯᠲᠠ ᠶᠢ ᠠᠬᠢᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ ᠭᠡᠵᠦ ᠳᠤᠷᠠᠳᠪᠠ᠃   ᠰᠤᠶᠤᠯ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠲᠠᠯ᠎ᠠ ᠪᠠᠷ᠂ ᠪᠣᠳᠠᠰ ᠤᠨ ᠪᠣᠯᠪᠠᠰᠤᠨ ᠪᠠ ᠤᠶᠤᠨ ᠤ ᠪᠣᠯᠪᠠᠰᠤᠨ ᠬᠠᠷᠢᠯᠴᠠᠨ ᠵᠣᠬᠢᠴᠠᠯᠳᠤᠭᠰᠠᠨ ᠣᠳᠣᠬᠢᠴᠢᠯᠠᠯᠲᠠ ᠶᠢ ᠠᠬᠢᠭᠤᠯᠬᠤ ᠳᠤ ᠠᠩᠬᠠᠷᠤᠯ ᠢᠶᠠᠨ ᠬᠠᠨᠳᠤᠭᠤᠯᠤᠨ᠂ ᠬᠦᠰᠡᠯᠡᠩ ᠢᠲᠡᠭᠡᠯ ᠵᠣᠷᠢᠭ ᠤᠨ ᠬᠥᠮᠦᠵᠢᠯ ᠢ ᠪᠠᠶᠢᠩᠭᠤᠵᠢᠭᠤᠯᠬᠤ ᠳᠦᠷᠢᠮᠵᠢᠭᠦᠯᠬᠦ ᠶᠢ ᠠᠬᠢᠭᠤᠯᠵᠤ᠂ ᠪᠣᠯᠪᠠᠰᠤᠨ ᠢ ᠪᠤᠶᠢᠵᠢᠭᠤᠯᠬᠤ᠂ ᠪᠣᠯᠪᠠᠰᠤᠨ ᠢ ᠦᠢᠯᠡᠳᠦᠯᠭᠡᠵᠢᠭᠦᠯᠬᠦ᠂ ᠪᠣᠯᠪᠠᠰᠤᠨ ᠢ ᠡᠭᠦᠳᠦᠨ ᠪᠠᠶᠢᠭᠤᠯᠬᠤ ᠠᠵᠢᠯ ᠤᠨ ᠲᠣᠭᠲᠠᠴᠠ ᠶᠢ ᠥᠭᠡᠷᠡᠴᠢᠯᠡᠨ ᠰᠠᠶᠢᠵᠢᠷᠠᠭᠤᠯᠵᠤ ᠡᠨᠡ ᠲᠠᠯ᠎ᠠ ᠪᠠᠷ ᠰᠢᠨ᠎ᠡ ᠶᠢ ᠡᠭᠦᠳᠤᠨ᠎ᠠ︔ ᠰᠣᠶᠣᠯ ᠤᠨ ᠦᠢᠯᠡᠴᠢᠯᠡᠭᠡ ᠪᠠ ᠰᠣᠶᠣᠯ ᠤᠨ ᠦᠢᠯᠡᠳᠬᠦᠨ ᠤ ᠬᠠᠩᠭᠠᠯᠭ᠎ᠠ ᠶᠢᠨ ᠲᠣᠭᠲᠠᠴᠠ ᠶᠢ ᠰᠢᠯᠢᠳᠡᠭᠵᠢᠭᠦᠯᠵᠦ᠂ ᠴᠢᠨᠠᠷ ᠰᠠᠶᠢᠲᠠᠢ ᠰᠣᠶᠣᠯ ᠤᠨ ᠡᠬᠢ ᠪᠠᠶᠠᠯᠢᠭ ᠢ ᠦᠨᠳᠦᠰᠦᠨ ᠱᠠᠲᠤᠨ ᠳᠤ ᠰᠢᠭᠤᠳ ᠬᠦᠷᠭᠡᠬᠦ ᠲᠣᠭᠲᠠᠴᠠ ᠶᠢ ᠪᠠᠶᠢᠭᠤᠯᠤᠨ᠎ᠠ︔ ᠰᠦᠯᠵᠢᠶᠡᠨ ᠤ ᠶᠡᠷᠦᠩᠬᠡᠶᠢᠯᠡᠭᠰᠡᠨ ᠵᠠᠰᠠᠯᠲᠠ ᠶᠢᠨ ᠰᠢᠰᠲ᠋ᠧᠮ ᠢ ᠪᠦᠷᠢᠨᠰᠢᠭᠦᠯᠦᠨ᠎ᠡ︔ ᠣᠯᠠᠨ ᠤᠯᠤᠰ ᠲᠤ ᠤᠯᠠᠮᠵᠢᠯᠠᠨ ᠲᠠᠷᠬᠠᠭᠠᠬᠤ ᠪᠠᠶᠢᠷᠢᠰᠢᠯ ᠢ ᠳᠠᠬᠢᠨ ᠪᠠᠶᠢᠭᠤᠯᠬᠤ ᠶᠢ ᠠᠬᠢᠭᠤᠯᠵᠤ᠂ ᠨᠡᠩ ᠪᠦᠲᠦᠮᠵᠢᠲᠡᠶ ᠤᠯᠠᠨ ᠤᠯᠤᠰ ᠲᠤ ᠤᠯᠠᠮᠵᠢᠯᠠᠨ ᠲᠠᠷᠬᠠᠭᠠᠬᠤ ᠰᠢᠰᠲ᠋ᠧᠮ ᠢ ᠪᠠᠶᠢᠭᠤᠯᠤᠨ᠎ᠠ ᠭᠡᠵᠦ ᠳᠤᠷᠠᠳᠪᠠ᠃   ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠳᠦᠷᠢᠮ ᠤᠨ ᠰᠢᠰᠲ᠋ᠧᠮ ᠢ ᠪᠦᠷᠢᠨᠰᠢᠭᠦᠯᠬᠦ ᠲᠠᠯ᠎ᠠ ᠪᠠᠷ᠂ ᠣᠷᠣᠯᠭ᠎ᠠ ᠶᠢᠨ ᠬᠤᠪᠢᠶᠠᠷᠢᠯᠠᠯᠲᠠ ᠶᠢᠨ ᠲᠦᠷᠢᠮ ᠢ ᠲᠡᠭᠦᠯᠳᠡᠷᠵᠢᠭᠦᠯᠵᠦ᠂ ᠣᠷᠣᠯᠭ᠎ᠠ ᠶᠢᠨ ᠬᠤᠪᠢᠶᠠᠷᠢᠯᠠᠯᠲᠠ ᠶᠢᠨ ᠡᠮᠬᠢ ᠵᠢᠷᠤᠮ ᠢ ᠵᠢᠷᠤᠮᠵᠢᠭᠤᠯᠦᠨ᠎ᠡ︔ ᠦᠢᠯᠡᠰ ᠪᠣᠰᠬᠠᠬᠤ ᠪᠠᠷ ᠠᠵᠢᠯ ᠣᠯᠭᠤᠯᠲᠠ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠦᠨ᠂ ᠠᠵᠢᠯ ᠣᠯᠭᠤᠯᠲᠠ ᠢᠢᠨ ᠰᠢᠨ᠎ᠡ ᠬᠡᠯᠪᠡᠷᠢ ᠪᠠᠶᠢᠳᠠᠯ ᠢ ᠳᠡᠮᠵᠢᠬᠦ ᠪᠠ ᠵᠢᠷᠤᠮᠵᠢᠭᠤᠯᠤᠨ ᠭᠦᠭᠵᠢᠭᠦᠯᠦᠨ᠎ᠡ︔ ᠠᠮᠢᠳᠤᠯᠢᠭ ᠢᠶᠠᠷ ᠠᠵᠢᠯ ᠣᠯᠤᠭᠰᠠᠳ᠂ ᠬᠥᠯᠥᠰᠥᠨ ᠠᠵᠢᠯᠴᠢᠳ᠂ ᠰᠢᠨ᠎ᠡ ᠬᠡᠯᠪᠡᠷᠢ ᠪᠠᠶᠢᠳᠠᠯ ᠢᠶᠠᠷ ᠠᠵᠢᠯ ᠣᠯᠣᠭᠰᠠᠳ ᠤᠨ ᠨᠡᠶᠢᠭᠡᠮ ᠤᠨ ᠪᠠᠲᠤᠯᠠᠭ᠎ᠠ ᠶᠢᠨ ᠳᠦᠷᠢᠮ ᠢ ᠪᠦᠷᠢᠨᠰᠢᠭᠦᠯᠵᠦ᠂ ᠠᠵᠢᠯ ᠣᠯᠤᠭᠰᠠᠨ ᠭᠠᠵᠠᠷ ᠲᠠᠭᠠᠨ ᠳᠠᠭᠠᠳᠬᠠᠯ ᠳᠤ ᠣᠷᠣᠯᠴᠠᠬᠤ ᠳᠤ ᠡᠷᠦᠬᠡ ᠠᠮᠠ ᠪᠠᠷ ᠬᠢᠵᠠᠭᠠᠷᠯᠠᠬᠤ ᠶᠢ ᠪᠦᠬᠦ ᠲᠠᠯ᠎ᠠ ᠪᠠᠷ ᠬᠦᠴᠦᠨ ᠦᠭᠡᠢ ᠪᠣᠯᠭᠠᠨ᠎ᠡ ᠭᠡᠵᠦ ᠳᠤᠷᠠᠳᠪᠠ︔ ᠭᠡᠷ ᠪᠠᠶᠢᠰᠢᠩ ᠭᠠᠵᠠᠷ ᠰᠢᠷᠣᠶ ᠶᠢᠨ ᠬᠦᠷᠦᠩᠭᠡ ᠶᠢᠨ ᠬᠥᠭᠵᠢᠯᠲᠡ ᠶᠢᠨ ᠰᠢᠨ᠎ᠡ ᠵᠠᠭᠪᠤᠷ ᠢ ᠲᠦᠷᠭᠡᠯᠡᠨ ᠪᠠᠶᠢᠭᠤᠯᠵᠤ᠂ ᠡᠯ᠎ᠡ ᠬᠤᠲᠠ ᠶᠢᠨ ᠵᠠᠰᠠᠭ ᠤᠨ ᠣᠷᠳᠣᠨ ᠳᠤ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠬᠢᠷᠠᠭᠤᠯᠤᠯ ᠡᠵᠡᠮᠳᠡᠯ ᠤᠨ ᠡᠵᠡᠨ ᠮᠡᠳᠡᠬᠦ ᠡᠷᠬᠡ ᠶᠢ ᠭᠦᠢᠴᠡᠳ ᠣᠯᠭᠤᠨ᠎ᠠ ᠭᠡᠵᠦ ᠳᠤᠷᠠᠳᠪᠠ︔ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠷᠡᠭᠦᠯ ᠮᠡᠨᠳᠦ ᠶᠢ ᠤᠷᠢᠳ ᠢᠶᠠᠷ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠨ᠎ᠡ ᠭᠡᠵᠦ ᠳᠤᠷᠠᠳᠪᠠ︔ ᠬᠥᠮᠦᠨ ᠠᠮᠠ ᠶᠢᠨ ᠬᠥᠭᠵᠢᠯᠲᠡ ᠶᠢ ᠳᠡᠮᠵᠢᠬᠦ ᠪᠠ ᠲᠡᠭᠦᠨ ᠳᠤ ᠦᠢᠯᠡᠴᠢᠯᠡᠬᠦ ᠰᠢᠰᠲ᠋ᠧᠮ ᠢ ᠪᠦᠷᠢᠨᠰᠢᠭᠦᠯᠵᠦ᠂ ᠦᠷᠡᠵᠢᠯ ᠢ ᠳᠡᠮᠵᠢᠬᠦ ᠲᠦᠷᠦ ᠶᠢᠨ ᠪᠤᠳᠤᠯᠭ᠎ᠠ ᠶᠢᠨ ᠰᠢᠰᠲ᠋ᠧᠮ ᠪᠠ ᠤᠷᠮᠠᠰᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠨᠠᠰᠤᠵᠢᠯ ᠤᠨ ᠠᠰᠠᠷᠠᠮᠵᠢ ᠶᠢᠨ ᠠᠵᠢᠯ ᠦᠢᠯᠡᠰ ᠪᠠ ᠨᠠᠰᠤᠵᠢᠯ ᠤᠨ ᠠᠰᠠᠷᠠᠮᠵᠢ ᠶᠢᠨ ᠠᠵᠤ ᠦᠢᠯᠡᠰ ᠢ ᠬᠥᠭᠵᠢᠭᠦᠯᠬᠦ ᠲᠦᠷᠦ ᠶᠢᠨ ᠪᠤᠳᠤᠯᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠦᠨ᠂ ᠰᠠᠶᠢᠨ ᠳᠤᠷ᠎ᠠ ᠶᠢᠨ᠂ ᠠᠮᠢᠳᠤᠯᠢᠭ ᠪᠠᠶᠢᠯᠭᠠᠬᠤ ᠵᠠᠷᠴᠢᠮ ᠶᠣᠰᠣᠭᠠᠷ᠂ ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠭᠤᠵᠤ ᠠᠮᠠᠷᠠᠬᠤ ᠨᠠᠰᠤ ᠶᠢ ᠠᠭᠠᠵᠢᠮ ᠢᠶᠠᠷ ᠱᠠᠲᠤᠯᠠᠨ ᠬᠤᠶᠢᠰᠢᠯᠠᠭᠤᠯᠬᠤ ᠥᠭᠡᠷᠡᠴᠢᠯᠡᠯᠲᠡ ᠶᠢ ᠯᠠᠪᠳᠠᠭᠤᠨ ᠪᠥᠭᠡᠳ ᠡᠮᠬᠢ ᠵᠢᠷᠤᠮ ᠲᠠᠢ ᠪᠠᠷ ᠠᠬᠢᠭᠤᠯᠤᠨ᠎ᠠ ᠭᠡᠵᠦ ᠳᠤᠷᠠᠳᠪᠠ᠃   ᠠᠮᠢ ᠠᠬᠤᠶ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢᠨ ᠲᠠᠯ᠎ᠠ ᠪᠠᠷ᠂ ᠠᠮᠢ ᠠᠬᠤᠶ ᠶᠢᠨ ᠪᠣᠯᠪᠠᠰᠤᠨ ᠤ ᠰᠠᠭᠤᠷᠢ ᠪᠠᠶᠢᠭᠤᠯᠤᠯ ᠢ ᠲᠡᠭᠦᠯᠳᠡᠷᠵᠢᠭᠦᠯᠵᠦ᠂ ᠠᠮᠢ ᠠᠬᠤᠶ ᠶᠢᠨ ᠣᠷᠴᠢᠨ ᠨᠥᠬᠦᠴᠡᠯ ᠢ ᠵᠠᠰᠠᠬᠤ ᠰᠢᠰᠲ᠋ᠧᠮ ᠢ ᠪᠦᠷᠢᠨᠰᠢᠭᠦᠯᠦᠨ᠂ ᠨᠤᠭᠤᠭᠠᠨ ᠪᠦᠭᠡᠳ ᠨᠡᠭᠦᠷᠡᠰᠦᠲᠥ᠋ᠷᠥᠭᠴᠢ ᠪᠠᠭᠠᠳᠠᠢ ᠬᠥᠭᠵᠢᠯᠲᠡ ᠶᠢᠨ ᠲᠣᠭᠲᠠᠴᠠ ᠶᠢ ᠪᠦᠷᠢᠨᠰᠢᠭᠦᠯᠦᠨ᠎ᠠ ᠭᠡᠵᠦ ᠳᠤᠷᠠᠳᠪᠠ︔ ᠣᠷᠣᠨ ᠪᠦᠰᠡ ᠬᠤᠪᠢᠶᠠᠭᠰᠠᠨ᠂ ᠢᠯᠭᠠᠭᠠᠵᠢᠭᠤᠯᠤᠭᠰᠠᠨ᠂ ᠨᠠᠷᠢᠯᠢᠭ ᠣᠨᠣᠴᠠᠲᠠᠶ ᠪᠠᠷ ᠬᠠᠮᠢᠶᠠᠷᠤᠨ ᠡᠵᠡᠮᠳᠡᠭᠦ ᠠᠮᠢ ᠠᠬᠤᠶ ᠶᠢᠨ ᠣᠷᠴᠢᠨ ᠨᠦᠭᠦᠴᠡᠯ ᠤᠨ ᠬᠠᠮᠢᠶᠠᠷᠤᠯᠲᠠ ᠶᠢᠨ ᠲᠦᠷᠢᠮ ᠢ ᠬᠡᠷᠡᠭᠵᠢᠭᠦᠯᠵᠦ᠂ ᠬᠥᠨᠳᠡᠯᠡᠨ ᠴᠢᠭᠯᠡᠯ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠥᠷᠢ ᠦᠭᠭᠦ ᠲᠣᠭᠲᠠᠴᠠ ᠶᠢ ᠪᠦᠷᠢᠨᠰᠢᠬᠦᠯᠵᠤ᠂ ᠨᠤᠭᠤᠭᠠᠨ ᠪᠦᠭᠡᠳ ᠨᠡᠭᠦᠷᠡᠰᠦᠲᠥ᠋ᠷᠥᠭᠴᠢ ᠪᠠᠭᠠᠳᠠᠢ ᠬᠥᠭᠵᠢᠯᠲᠡ ᠶᠢ ᠳᠡᠮᠵᠢᠬᠦ ᠡᠳ᠋ ᠤᠨ ᠵᠠᠰᠠᠭ ᠭᠠᠶᠢᠯᠢ᠂ ᠮᠥᠩᠭᠦᠨ ᠭᠦᠢᠯᠭᠡᠭᠡ᠂ ᠪᠡᠯᠡ ᠣᠷᠣᠭᠤᠯᠤᠯᠲᠠ᠂ ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠪᠠ ᠪᠠᠷᠢᠮᠵᠢᠶ᠎ᠠ ᠶᠢᠨ ᠰᠢᠰᠲ᠋ᠧᠮ ᠢ ᠬᠡᠷᠡᠭᠵᠢᠭᠦᠯᠵᠦ᠂ ᠰᠢᠨ᠎ᠡ ᠬᠡᠯᠪᠡᠷᠢ ᠶᠢᠨ ᠡᠨᠧᠷᠭᠢ ᠶᠢᠨ ᠰᠤᠷᠪᠤᠯᠵᠢ ᠶᠢᠨ ᠰᠢᠰᠲ᠋ᠧᠮ ᠢ ᠲᠦᠷᠭᠡᠯᠡᠨ ᠲᠥᠯᠥᠪᠵᠢᠭᠦᠯᠦᠨ ᠪᠠᠶᠢᠭᠤᠯᠤᠨ᠎ᠠ ᠭᠡᠵᠦ ᠳᠤᠷᠠᠳᠪᠠ᠃   ᠳᠥᠷᠪᠡᠳᠦᠭᠡᠷ ᠲᠤ᠂ ᠭᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠯᠡᠭᠦ ᠶᠢ ᠴᠢᠬᠤᠯᠠᠴᠢᠯᠠᠪᠠ᠃ ᠤᠯᠤᠰ ᠤᠨ ᠠᠮᠤᠷ ᠲᠦᠪᠰᠢᠨ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠯᠠᠪᠳᠠᠭᠤᠨ ᠢᠶᠠᠷ ᠠᠯᠤᠰ ᠢ ᠵᠤᠷᠢᠬᠤ ᠶᠢᠨ ᠴᠢᠬᠤᠯᠠ ᠰᠠᠭᠤᠷᠢ ᠮᠥᠨ᠃ ᠲᠣᠭᠲᠠᠭᠠᠯ ᠤᠨ ᠨᠣᠣᠷᠠᠭ ᠲᠤ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠶᠢ ᠨᠡᠩ ᠲᠣᠪᠤᠶᠢᠮ᠎ᠠ ᠪᠠᠶᠢᠷᠢᠨ ᠳᠤ ᠲᠠᠯᠪᠢᠵᠤ᠂ ᠤᠯᠤᠰ ᠤᠨ ᠠᠮᠤᠷ ᠲᠦᠪᠰᠢᠨ ᠤ ᠰᠢᠰᠲ᠋ᠧᠮ ᠪᠠ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠲᠠᠢ ᠤᠶᠠᠯᠳᠤᠭᠤᠯᠤᠨ᠂ ᠬᠤᠯᠪᠣᠯᠳᠤᠨ ᠬᠥᠳᠡᠯᠦᠯᠴᠡᠭᠰᠡᠨ ᠥᠨᠳᠥᠷ ᠪᠦᠲᠦᠮᠵᠢᠲᠡᠶ ᠤᠯᠤᠰ ᠤᠨ ᠠᠮᠤᠷ ᠲᠦᠪᠰᠢᠨ ᠤ ᠬᠠᠮᠠᠭᠠᠯᠠᠯᠲᠠ ᠶᠢᠨ ᠰᠢᠰᠲ᠋ᠧᠮ ᠢ ᠪᠠᠶᠢᠭᠤᠯᠵᠤ᠂ ᠤᠯᠤᠰ ᠤᠨ ᠠᠮᠤᠷ ᠲᠦᠪᠰᠢᠨ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠡᠨᠧᠷᠭᠢ ᠣᠯᠭᠤᠬᠤ ᠶᠢ ᠠᠬᠢᠭᠤᠯᠤᠨ᠎ᠠ︔ ᠬᠦᠨᠳᠦ ᠶᠡᠭᠡ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠬᠡᠷᠡᠭ ᠢ ᠰᠢᠢᠳᠪᠦᠷᠢᠯᠡᠬᠦ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠭᠦᠯᠦᠨ᠎ᠡ︔ ᠵᠣᠬᠢᠶᠠᠮᠠᠯ ᠣᠶᠤᠯᠢᠭ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ᠎ᠠ︔ ᠪᠦᠬᠦ ᠤᠯᠤᠰ ᠤᠨ ᠨᠢᠭᠡᠳᠦᠯᠲᠡᠶ ᠬᠥᠮᠦᠨ ᠠᠮᠠ ᠶᠢᠨ ᠬᠠᠮᠢᠶᠠᠷᠤᠯᠲᠠ ᠶᠢᠨ ᠳᠦᠷᠢᠮ ᠢ ᠰᠦᠪᠡᠭᠴᠢᠯᠡᠨ ᠪᠠᠶᠢᠭᠤᠯᠤᠨ᠎ᠠ︔ ᠨᠡᠶᠢᠭᠡᠮ ᠤᠨ ᠠᠮᠤᠷ ᠲᠦᠪᠰᠢᠨ ᠢ ᠪᠦᠬᠦᠯᠢ ᠴᠣᠭᠴᠠ ᠪᠠᠷ ᠨᠢ ᠰᠡᠷᠭᠡᠶᠢᠯᠡᠨ ᠡᠵᠡᠮᠳᠡᠬᠦ ᠰᠢᠰᠲ᠋ᠧᠮ ᠢ ᠲᠡᠭᠦᠯᠳᠡᠷᠵᠢᠭᠦᠯᠵᠦ᠂ ᠤᠯᠠᠨ ᠲᠦᠮᠡᠨ ᠤ ᠲᠤᠰᠬᠠᠯ ᠶᠡᠭᠡᠳᠡᠢ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠢᠢ ᠬᠠᠤᠯᠢ ᠶᠣᠰᠣᠭᠠᠷ ᠴᠢᠩᠭ᠎ᠠ ᠰᠢᠢᠳᠭᠡᠨ᠎ᠡ ᠭᠡᠵᠦ ᠳᠤᠷᠠᠳᠪᠠ᠃ ᠡᠷᠬᠢᠨ ᠲᠣᠭᠤᠷᠢᠨ ᠤ ᠠᠮᠤᠷ ᠲᠦᠪᠰᠢᠨ ᠤ ᠠᠵᠢᠯ ᠤᠨ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ︔ ᠵᠠᠯᠬᠠᠭᠠᠯ ᠢ ᠡᠰᠡᠷᠭᠦᠴᠡᠬᠦ᠂ ᠭᠠᠷ ᠲᠦᠷᠦᠭᠦ ᠶᠢ ᠡᠰᠡᠷᠭᠦᠴᠡᠬᠦ᠂ ︽ᠤᠷᠲᠤ ᠴᠠᠷᠪᠠᠭᠤᠲᠤ ᠬᠠᠷᠢᠶᠠᠯᠠᠯ︾ ᠢ ᠡᠰᠡᠷᠭᠦᠴᠡᠬᠦ ᠲᠣᠭᠲᠠᠴᠠ ᠶᠢ ᠪᠦᠷᠢᠨᠰᠢᠭᠦᠯᠦᠨ᠎ᠡ︔ ᠠᠷᠠᠯᠵᠢᠶᠠᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠲᠣᠭᠲᠠᠴᠠ ᠶᠢ ᠪᠦᠷᠢᠨᠰᠢᠭᠦᠯᠵᠦ᠂ ᠭᠠᠳᠠᠭᠠᠳᠤ ᠳᠤ ᠬᠤᠯᠪᠣᠭᠳᠠᠬᠤ ᠬᠠᠤᠯᠢ ᠴᠠᠭᠠᠵᠠ ᠬᠠᠤᠯᠢ ᠲᠣᠭᠲᠠᠭᠠᠯ ᠤᠨ ᠰᠢᠰᠲ᠋ᠧᠮ ᠪᠠ ᠬᠠᠤᠯᠢ ᠪᠠᠷ ᠵᠠᠰᠠᠬᠤ ᠶᠢ ᠬᠡᠷᠡᠭᠵᠢᠭᠦᠯᠬᠦ ᠰᠢᠰᠲ᠋ᠧᠮ ᠢ ᠲᠡᠭᠦᠯᠳᠡᠷᠵᠢᠭᠦᠯᠵᠦ᠂ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠤᠯᠠᠨ ᠤᠯᠤᠰ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ ᠭᠡᠵᠦ ᠳᠤᠷᠠᠳᠪᠠ᠃ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠬᠦ ᠲᠠᠢ ᠤᠶᠠᠯᠳᠤᠭᠤᠯᠤᠨ᠂ ᠠᠷᠠᠳ ᠤᠨ ᠴᠡᠷᠢᠭ ᠠᠩᠭᠢ ᠶᠢᠨ ᠤᠳᠤᠷᠢᠳᠤᠨ ᠬᠠᠮᠢᠶᠠᠷᠬᠤ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠵᠦ᠂ ᠬᠠᠮᠲᠤᠷᠠᠭᠰᠠᠨ ᠪᠠᠶᠢᠯᠳᠤᠭᠠᠨ ᠬᠢᠬᠦ ᠰᠢᠰᠲ᠋ᠧᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠴᠡᠷᠢᠭ ᠠᠩᠬᠢ ᠪᠠ ᠣᠷᠣᠨ ᠨᠤᠲᠤᠭ ᠠᠯᠤᠰᠯᠠᠭᠰᠠᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ ᠭᠡᠵᠦ ᠳᠤᠷᠠᠳᠪᠠ᠃   ᠲᠠᠪᠤᠳᠤᠭᠠᠷ ᠲᠤ᠂ ᠥᠭᠡᠷᠡᠴᠢᠯᠡᠯᠲᠡ ᠳᠠᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠬᠤ ᠶᠢ ᠴᠢᠬᠤᠯᠠᠴᠢᠯᠠᠪᠠ᠃ ᠨᠠᠮ ᠤᠨ ᠤᠳᠤᠷᠢᠳᠤᠯᠭ᠎ᠠ ᠪᠣᠯ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠶᠢᠨ ᠦᠨᠳᠦᠰᠦᠨ ᠪᠠᠲᠤᠯᠠᠭ᠎ᠠ ᠮᠥᠨ᠃ ᠲᠣᠭᠲᠠᠭᠠᠯ ᠤᠨ ᠨᠣᠣᠷᠠᠭ ᠲᠤ᠂ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠲᠣᠭᠲᠠᠴᠠ ᠢᠢ ᠲᠡᠭᠦᠯᠳᠡᠷᠵᠢᠭᠦᠯᠦᠨ᠎ᠡ︔ ᠺᠠᠳ᠋ᠷ ᠠᠵᠢᠯᠲᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠥᠮᠦᠨ ᠰᠣᠩᠭᠤᠬᠤ ᠬᠦᠮᠦᠨ ᠬᠡᠷᠡᠭᠯᠡᠬᠦ ᠵᠥᠪ ᠤᠳᠤᠷᠢᠳᠤᠮᠵᠢ ᠶᠢ ᠲᠣᠳᠣᠷᠬᠠᠶ ᠪᠣᠢ ᠪᠣᠯᠭᠠᠵᠤ᠂ ᠤᠯᠤᠰ ᠲᠦᠷᠦ ᠶᠢᠨ ᠲᠠᠯ᠎ᠠ ᠪᠠᠷ ᠪᠠᠲᠤ ᠴᠢᠩᠭ᠎ᠠ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠳᠡᠭ᠂ ᠢᠷᠮᠡᠭᠦᠨ ᠵᠣᠷᠢᠭᠲᠠᠶ ᠪᠠᠷ ᠥᠭᠡᠷᠡᠴᠢᠯᠡᠯᠲᠡ ᠬᠢᠳᠡᠭ᠂ ᠪᠣᠳᠠᠲᠤ ᠠᠮᠵᠢᠯᠲᠠ ᠪᠠᠷ ᠲᠤᠪᠤᠶᠢᠮ᠎ᠠ᠂ ᠲᠥᠪ ᠰᠢᠳᠤᠷᠭᠤ ᠠᠷᠢᠭᠤᠨ ᠴᠢᠬᠡᠴᠢ ᠺᠠᠳ᠋ᠷ ᠢ ᠶᠡᠭᠡ ᠪᠠᠷ ᠬᠦᠴᠦ ᠲᠠᠯᠪᠢᠨ ᠰᠢᠯᠢᠨ ᠳᠡᠪᠰᠢᠭᠦᠯᠵᠦ᠂ ᠺᠠᠳ᠋ᠷ ᠤᠨ ᠳᠤᠷᠠᠪᠠᠷ ᠦᠢᠯᠡᠳᠭᠦᠢ᠂ ᠥᠯᠥ ᠦᠢᠯᠡᠳᠭᠦᠢ᠂ ᠦᠢᠯᠡᠳᠭᠦᠢ ᠵᠣᠷᠢᠭ ᠦᠭᠡᠢ᠂ ᠦᠢᠯᠡᠳᠭᠦᠢ ᠳᠤᠷ ᠴᠢᠳᠠᠮᠠᠭᠠᠢ ᠪᠤᠰᠤ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ︔ ᠵᠠᠰᠠᠭ ᠤᠨ ᠠᠵᠢᠯ ᠤᠨ ᠠᠮᠵᠢᠯᠳᠠ ᠶᠢᠨ ᠲᠤᠬᠠᠢ ᠵᠥᠪ ᠦᠵᠡᠯᠲᠡ ᠶᠢ ᠪᠤᠢ ᠪᠣᠯᠭᠠᠨ ᠦᠢᠯᠡᠳᠦᠯᠭᠡᠵᠢᠭᠦᠯᠵᠦ᠂ ︽ᠭᠤᠷᠪᠠ ᠶᠢ ᠢᠯᠭᠠᠵᠦ ᠦᠵᠡᠭᠦ︾ ᠶᠢ ᠨᠠᠶᠢᠳᠠᠪᠤᠷᠢᠵᠢᠭᠤᠯᠵᠦ᠂ ᠺᠠᠳ᠋ᠷᠴᠤᠳ ᠤᠨ ᠵᠠᠮ ᠨᠡᠭᠡᠭᠡᠨ ᠤᠷᠤᠭᠰᠢᠯᠠᠬᠤ᠂ ᠠᠵᠢᠯ ᠬᠢᠵᠦ ᠦᠢᠯᠡᠰ ᠪᠦᠲᠦᠭᠡᠭᠦ ᠶᠢ ᠤᠷᠮᠠᠰᠢᠭᠤᠯᠤᠨ ᠵᠣᠷᠢᠬᠵᠢᠭᠤᠯᠤᠨ᠎ᠠ︔ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ ᠴᠢᠳᠠᠮᠵᠢ ᠪᠠ ᠵᠣᠬᠢᠶᠠᠨ ᠪᠠᠶᠢᠭᠤᠯᠤᠯᠲᠠ ᠶᠢᠨ ᠴᠢᠳᠠᠮᠵᠢ ᠶᠢ ᠴᠢᠩᠭᠠᠳᠬᠠᠨ᠎ᠠ︔ ᠬᠡᠯᠪᠡᠷᠢ ᠶᠢᠨ ᠦᠵᠡᠯ᠂ ᠨᠣᠶᠠᠨᠴᠢ ᠰᠤᠷᠲᠠᠯ ᠢ ᠰᠡᠷᠭᠡᠶᠢᠯᠡᠨ ᠵᠠᠰᠠᠬᠤ ᠲᠦᠷᠢᠮ ᠲᠣᠭᠲᠠᠴᠠ ᠶᠢ ᠪᠦᠷᠢᠨᠰᠢᠭᠦᠯᠵᠦ᠂ ᠲᠥᠪ ᠪᠤᠰᠤ ᠰᠤᠷᠲᠠᠯ ᠤᠨ ᠪᠠ ᠢᠯᠵᠢᠷᠠᠯ ᠤᠨ ᠠᠰᠠᠭᠤᠳᠠᠯ ᠢ ᠬᠠᠮᠲᠤ ᠳᠤᠨᠢ ᠪᠠᠶᠢᠴᠠᠭᠠᠵᠤ ᠬᠠᠮᠲᠤ ᠳᠤᠨᠢ ᠵᠠᠰᠠᠬᠤ ᠲᠣᠭᠲᠠᠴᠠ ᠶᠢ ᠪᠦᠷᠢᠨᠰᠢᠭᠦᠯᠵᠦ᠂ ᠰᠢᠨ᠎ᠡ ᠬᠡᠯᠪᠡᠷᠢ ᠶᠢᠨ ᠢᠯᠵᠢᠷᠠᠯ ᠪᠠ ᠲᠠᠯᠳᠠ ᠢᠯᠵᠢᠷᠠᠯ ᠢ ᠰᠡᠷᠭᠡᠶᠢᠯᠡᠨ ᠵᠠᠰᠠᠬᠤ ᠪᠦᠲᠦᠮᠵᠢᠲᠡᠶ ᠠᠷᠭ᠎ᠠ ᠶᠢ ᠪᠠᠶᠠᠯᠢᠬᠵᠢᠭᠤᠯᠤᠨ᠎ᠠ ᠭᠡᠵᠦ ᠳᠤᠷᠠᠳᠪᠠ᠃   ᠨᠠᠮ ᠤᠨ ᠲᠦᠪ ᠬᠤᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠤᠢᠢᠯᠠᠭᠠᠵᠤ᠂ ᠪᠦᠭᠦᠳᠡ ᠬᠤᠷᠠᠯ ᠤᠨ ᠭᠤᠣᠯ ᠰᠡᠳᠦᠪ ᠲᠠᠢ ᠨᠢᠭᠲᠠ ᠤᠶᠠᠯᠳᠤᠭᠤᠯᠤᠨ ᠶᠠᠷᠢᠯᠴᠠᠭ᠎ᠠ ᠥᠷᠨᠢᠭᠦᠯᠵᠤ᠂ ᠵᠠᠰᠠᠪᠤᠷᠢ ᠣᠷᠣᠭᠤᠯᠬᠤ ᠪᠦᠲᠦᠭᠡᠯᠴᠢ ᠴᠢᠨᠠᠷᠲᠠᠢ ᠰᠠᠨᠠᠯ ᠰᠠᠨᠠᠭᠤᠯᠭ᠎ᠠ ᠳᠤᠷᠠᠳᠤᠨ᠂ ᠬᠠᠮᠲᠤ ᠪᠠᠷ ᠡᠨᠡ ᠤᠳᠠᠭᠠᠨ ᠤ ᠬᠤᠷᠠᠯ ᠢ ᠰᠠᠶᠢᠲᠤᠷ ᠬᠤᠷᠠᠯᠳᠤᠭᠤᠯᠵᠤ᠂ ᠲᠣᠭᠲᠠᠭᠠᠯ ᠤᠨ ᠨᠣᠣᠷᠠᠭ ᠢ ᠰᠠᠶᠢᠲᠤᠷ ᠵᠠᠰᠠᠬᠤ ᠶᠢ ᠨᠥᠬᠦᠳ ᠨᠠᠷ ᠲᠤ ᠬᠦᠰᠡᠵᠦ ᠪᠠᠶᠢᠨ᠎ᠠ᠃   ᠪᠦᠬᠦ ᠨᠠᠮ ᠪᠦᠬᠦ ᠴᠡᠷᠢᠭ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠠᠩ ᠢᠯᠡᠭᠦᠦ ᠨᠢᠭᠲᠠᠷᠠᠨ ᠪᠦᠯᠬᠦᠮᠳᠡᠵᠦ᠂ ᠥᠭᠡᠷᠡᠴᠢᠯᠡᠯᠲᠡ ᠨᠡᠭᠡᠭᠡᠯᠲᠡ ᠶᠢᠨ ᠲᠤᠭ ᠢ ᠥᠨᠳᠥᠷ ᠮᠠᠨᠳᠤᠭᠤᠯᠤᠨ᠂ ᠰᠡᠳᠭᠢᠯ ᠢᠶᠠᠨ ᠨᠢᠭᠲᠠᠷᠠᠭᠤᠯᠤᠨ ᠬᠦᠴᠦᠨ ᠢᠶᠠᠨ ᠲᠦᠪᠯᠡᠷᠡᠭᠦᠯᠵᠦ᠂ ᠡᠷᠴᠢ ᠵᠤᠷᠢᠭ ᠢᠶᠠᠨ ᠬᠥᠪᠴᠢᠯᠡᠨ ᠤᠷᠤᠭᠰᠢᠯᠠᠵᠤ᠂ ᠨᠡᠶᠢᠭᠡᠮ ᠵᠢᠷᠤᠮᠳᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠵᠦ ᠬᠤᠶᠠᠳᠤᠭᠠᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ ᠶᠢᠨ ᠲᠥᠯᠥᠭᠡ ᠴᠢᠷᠮᠠᠶᠢᠨ ᠲᠡᠮᠡᠴᠡᠵᠡᠭᠡᠶ᠎ᠡ︕   ︵ᠰᠢᠨᠬᠤᠤᠨ ᠬᠤᠷᠢᠶᠠᠨ ᠤ ᠪᠡᠭᠡᠵᠢᠩ ᠤᠨ 7 ᠰᠠᠷ᠎ᠠ ᠶᠢᠨ 21 ᠤ ᠴᠠᠭᠢᠯᠭᠠᠨ ᠮᠡᠳᠡᠭᠡ︶
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号