ᠠᠮᠢ ᠠᠬᠤᠢ ᠶᠢ ᠰᠠᠶᠢᠵᠢᠷᠠᠭᠤᠯᠤᠨ ᠤᠷᠤᠨ ᠨᠤᠳᠤᠭ ᠤᠨ ᠬᠦᠭᠵᠢᠯᠲᠡ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2024/7/23
   ᠠᠮᠢ ᠠᠬᠤᠢ ᠶᠢᠨ ᠣᠷᠴᠢᠨ ᠲᠣᠭᠤᠷᠢᠨ ᠢ ᠦᠨᠡᠨᠬᠦ ᠬᠠᠮᠠᠭᠠᠯᠠᠵᠤ᠂ ᠮᠠᠯ ᠪᠡᠯᠴᠢᠭᠡᠷ ᠤᠨ ᠲᠡᠩᠴᠡᠭᠦᠷᠢ ᠶᠢ ᠬᠠᠮᠠᠭᠠᠯᠠᠬᠤ ᠶᠢᠨ ᠲᠥᠯᠥᠭᠡ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ︾ ᠭᠡᠬᠦ ᠬᠥᠭᠵᠢᠯᠲᠡ ᠶᠢᠨ ᠣᠨᠣᠯᠵᠢᠬᠤᠨ ᠢ ᠪᠠᠲᠤ ᠪᠠᠬᠢ ᠪᠣᠢ ᠪᠣᠯᠭᠠᠵᠤ᠂ ᠮᠠᠯᠴᠢᠨ ᠲᠠᠷᠢᠶᠠᠴᠢᠨ ᠲᠦᠮᠡᠨ ᠤ ᠠᠮᠢ ᠠᠬᠤᠢ ᠶᠢᠨ ᠬᠠᠮᠠᠭᠠᠯᠠᠯᠲᠠ ᠶᠢᠨ ᠦᠵᠡᠯ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠨ᠂ ᠰᠣᠯᠪᠢᠴᠠᠨ ᠬᠠᠤᠯᠢ ᠬᠡᠷᠡᠭᠵᠢᠭᠦᠯᠬᠦ ᠪᠠ ︽ᠪᠡᠯᠴᠢᠭᠡᠷᠯᠡᠭᠦᠯᠬᠦ ᠶᠢ ᠴᠠᠭᠠᠵᠠᠯᠠᠬᠤ ᠲᠣᠭᠤᠷᠢᠨ ᠪᠠᠶᠢᠴᠠᠭᠠᠬᠤ ᠤᠬᠠᠭᠤᠯᠭ᠎ᠠ ᠬᠥᠮᠦᠵᠢᠯ︾ ᠤᠨ ᠬᠤᠣᠰ ᠬᠤᠯᠪᠣᠭᠠᠯᠠᠨ ᠬᠥᠳᠡᠯᠦᠯᠴᠡᠬᠦ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠯᠠᠨ ᠠᠷᠭ᠎ᠠ ᠵᠠᠮ᠂ ᠣᠯᠠᠨ ᠬᠠᠷᠠᠭᠠᠰᠤ ᠠᠴᠠ ᠬᠠᠮᠢᠶᠠᠷᠤᠯᠲᠠ ᠶᠢ ᠵᠢᠷᠤᠮᠵᠢᠭᠤᠯᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ︽ᠬᠠᠮ ᠠᠷᠭ᠎ᠠ ᠬᠡᠮᠵᠢᠶ᠎ᠡ︾ ᠭᠠᠷᠭᠠᠵᠤ᠂ ᠪᠣᠳᠠᠲᠤ ᠠᠵᠢᠯᠯᠠᠭ᠎ᠠ ᠪᠠᠷ ᠢᠶᠠᠨ ᠠᠮᠢ ᠠᠬᠤᠢ ᠶᠢᠨ ︽ᠠᠮᠤᠷ ᠲᠦᠪᠰᠢᠨ ᠤ ᠬᠡᠷᠡᠮ︾ ᠢ ᠪᠠᠲᠤ ᠴᠣᠭᠴᠠᠯᠠᠪᠠ᠃    ᠡᠮᠲᠦ ᠶᠢᠨ ᠭᠤᠣᠯ ᠰᠤᠮᠤᠨ ᠤ ᠡᠤ ᠯᠦᠩ ᠪᠦᠦ ᠭᠠᠴᠠᠭ᠎ᠠ ᠳᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠬᠠᠤᠯᠢ ᠬᠡᠷᠡᠭᠵᠢᠭᠦᠯᠬᠦ ᠡᠩᠨᠡᠭᠡ ᠶᠢᠨ ᠤᠬᠠᠭᠤᠯᠤᠭᠴᠢ ᠡᠷᠦᠬᠡ ᠳᠠᠷᠠᠭᠠᠯᠠᠨ ᠪᠡᠯᠴᠢᠭᠡᠷᠯᠡᠭᠦᠯᠬᠦ ᠶᠢ ᠴᠠᠭᠠᠵᠠᠯᠠᠬᠤ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠵᠤ ᠪᠠᠶᠢᠭ᠎ᠠ ᠪᠥᠭᠡᠳ ᠮᠠᠯᠴᠢᠨ ᠲᠠᠷᠢᠶᠠᠴᠢᠨ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠯᠴᠢᠭᠡᠷᠯᠡᠭᠦᠯᠬᠦ ᠶᠢ ᠴᠠᠭᠠᠵᠠᠯᠠᠬᠤ ᠰᠡᠯᠭᠦᠨ ᠮᠠᠯᠵᠢᠬᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠳᠦᠷᠢᠮ︾ ︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠮᠡᠳᠡᠭᠳᠡᠬᠦ ᠪᠢᠴᠢᠭ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠲᠠᠶᠢᠯᠪᠤᠷᠢᠯᠠᠨ ᠤᠬᠠᠭᠤᠯᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠴᠢᠬᠤᠯᠠ ᠶᠡᠭᠡ ᠠᠴᠢ ᠬᠤᠯᠪᠣᠭᠳᠠᠯ᠂ ᠵᠠᠰᠠᠭ ᠵᠠᠬᠢᠷᠭᠠᠨ ᠤ ᠰᠢᠳᠬᠡᠨ ᠲᠣᠷᠭᠠᠬᠤ ᠪᠠᠷᠢᠮᠵᠢᠶ᠎ᠠ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠮᠠᠯᠴᠢᠨ ᠲᠠᠷᠢᠶᠠᠴᠢᠨ ᠳᠤ ᠲᠣᠳᠣᠷᠬᠠᠢ ᠲᠠᠶᠢᠯᠪᠤᠷᠢᠯᠠᠵᠤ ᠥᠭᠪᠡ᠃    ᠣᠶᠢᠯᠠᠭᠠᠭᠰᠠᠨ ᠢᠶᠠᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠡᠯᠴᠢᠭᠡᠷᠯᠡᠭᠦᠯᠬᠦ ᠶᠢ ᠴᠠᠭᠠᠵᠠᠯᠠᠬᠤ ᠬᠠᠤᠯᠢ ᠬᠡᠷᠡᠭᠵᠢᠭᠦᠯᠬᠦ ᠡᠩᠨᠡᠭᠡ ᠨᠢ 55 ᠨᠡᠶᠢᠲᠡ ᠶᠢᠨ ᠠᠰᠠᠷᠠᠮᠵᠢ ᠶᠢᠨ ᠣᠢ ᠰᠢᠭᠤᠢ ᠶᠢᠨ ᠬᠠᠮᠢᠶᠠᠷᠤᠨ ᠬᠠᠮᠠᠭᠠᠯᠠᠬᠤ ᠥᠷᠲᠡᠭᠡ᠂ 731 ᠨᠡᠶᠢᠲᠡ ᠶᠢᠨ ᠠᠰᠠᠷᠠᠮᠵᠢ ᠶᠢᠨ ᠣᠢ ᠰᠢᠭᠤᠢ ᠶᠢᠨ ᠬᠠᠮᠢᠶᠠᠷᠤᠨ ᠬᠠᠮᠠᠭᠠᠯᠠᠭᠴᠢ᠂ 1000 ᠠᠮᠢ ᠠᠬᠤᠢ ᠶᠢᠨ ᠣᠢ ᠰᠢᠭᠤᠢ ᠬᠠᠮᠠᠭᠠᠯᠠᠭᠴᠢ᠂ 76 ᠨᠡᠷᠡᠰ ᠲᠤᠰᠢᠶᠠᠯ ᠬᠠᠪᠰᠤᠷᠭᠠᠭᠰᠠᠨ ᠨᠤᠲᠤᠭ ᠪᠡᠯᠴᠢᠭᠡᠷ ᠤᠨ ᠬᠠᠮᠢᠶᠠᠷᠤᠨ ᠬᠠᠮᠠᠭᠠᠯᠠᠭᠴᠢ ᠠᠴᠠ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠲᠣᠣᠷᠵᠢᠭᠤᠯᠤᠭᠰᠠᠨ ᠬᠢᠨᠠᠯᠲᠠ ᠲᠠᠯᠪᠢᠬᠤ ᠰᠢᠰᠲ᠋ᠧᠮ ᠢ ᠪᠣᠢ ᠪᠣᠯᠭᠠᠪᠠ᠃ ᠡᠨᠡ ᠵᠢᠯ ᠠᠴᠠ ᠨᠠᠰᠢ ᠪᠡᠯᠴᠢᠭᠡᠷᠯᠡᠭᠦᠯᠬᠦ ᠶᠢ ᠴᠠᠭᠠᠵᠠᠯᠠᠬᠤ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠬᠤ ᠤᠬᠠᠭᠤᠯᠭ᠎ᠠ ᠶᠢ 16 ᠬᠤᠭᠤᠴᠠᠭ᠎ᠠ ᠥᠷᠨᠢᠭᠦᠯᠵᠦ᠂ 5000 ᠭᠠᠷᠤᠢ ᠬᠤᠪᠢ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ 300 ᠭᠠᠷᠤᠢ ᠬᠠᠭᠤᠳᠠᠰᠤ ᠵᠠᠷᠯᠠᠯ ᠨᠠᠭᠠᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠰᠡᠯᠭᠦᠨ ᠮᠠᠯᠵᠢᠬᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ᠮᠠᠯᠴᠢᠨ ᠲᠠᠷᠢᠶᠠᠴᠢᠨ ᠤ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ ᠦᠵᠡᠯ ᠤᠬᠠᠮᠰᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠮᠠᠯᠴᠢᠨ ᠲᠠᠷᠢᠶᠠᠴᠢᠨ ᠤ ᠪᠡᠯᠴᠢᠭᠡᠷᠯᠡᠭᠦᠯᠬᠦ ᠶᠢ ᠴᠠᠭᠠᠵᠠᠯᠠᠬᠤ ᠬᠢᠨᠠᠯᠲᠠ ᠲᠠᠯᠪᠢᠬᠤ ᠳᠤ ᠢᠳᠡᠪᠬᠢᠲᠡᠢ ᠣᠷᠣᠯᠴᠠᠬᠤ ᠶᠢ ᠵᠣᠷᠢᠭᠵᠢᠭᠤᠯᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠭᠴᠢ᠂ ᠤᠬᠠᠭᠤᠯᠤᠭᠴᠢ ᠪᠠ ᠬᠢᠨᠠᠯᠲᠠ ᠲᠠᠯᠪᠢᠭᠴᠢ ᠪᠣᠯᠭᠠᠪᠠ᠃    ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠰᠤᠮᠤ ᠪᠠᠯᠭᠠᠰᠤᠨ ᠤ ᠬᠠᠤᠯᠢ ᠬᠡᠷᠡᠭᠵᠢᠭᠦᠯᠬᠦ ᠠᠵᠢᠯᠲᠠᠨ ᠪᠠ ᠨᠡᠶᠢᠲᠡ ᠶᠢᠨ ᠠᠰᠠᠷᠠᠮᠵᠢ ᠶᠢᠨ ᠣᠢ ᠶᠢᠨ ᠬᠠᠮᠢᠶᠠᠷᠤᠨ ᠬᠠᠮᠠᠭᠠᠯᠠᠭᠴᠢ ᠲᠠᠢ ᠬᠠᠮᠲᠤᠷᠠᠨ ᠪᠡᠯᠴᠢᠭᠡᠷᠯᠡᠭᠦᠯᠬᠦ ᠶᠢ ᠴᠠᠭᠠᠵᠠᠯᠠᠬᠤ ᠬᠠᠤᠯᠢ ᠬᠡᠷᠡᠭᠵᠢᠭᠦᠯᠬᠦ ᠡᠩᠨᠡᠭᠡ ᠶᠢ ᠵᠣᠬᠢᠶᠠᠨ ᠪᠠᠶᠢᠭᠤᠯᠵᠤ ᠡᠳᠦᠷ ᠲᠤᠲᠤᠮ ᠤᠨ ᠪᠡᠯᠴᠢᠭᠡᠷᠯᠡᠭᠦᠯᠬᠦ ᠶᠢ ᠴᠠᠭᠠᠵᠠᠯᠠᠬᠤ ᠲᠣᠭᠤᠷᠢᠨ ᠪᠠᠶᠢᠴᠠᠭᠠᠯᠲᠠ ᠬᠢᠪᠡ᠃ ᠣᠶᠢᠷ᠎ᠠ ᠳᠤ᠂ ᠲᠣᠭᠤᠷᠢᠨ ᠪᠠᠶᠢᠴᠠᠭᠠᠬᠤ ᠶᠠᠪᠤᠴᠠ ᠳᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠠᠩᠭᠢ ᠳᠤ ᠨᠢᠭᠡ ᠡᠷᠦᠬᠡ ᠮᠠᠯᠴᠢᠳ ᠶᠠᠭ ᠲᠣᠭᠲᠠᠭᠠᠯ ᠠᠴᠠ ᠵᠥᠷᠢᠴᠡᠨ ᠮᠠᠯ ᠮᠠᠯᠵᠢᠵᠤ ᠪᠠᠶᠢᠬᠤ ᠶᠢ ᠣᠯᠵᠤ ᠮᠡᠳᠡᠪᠡᠯ᠂ ᠠᠵᠢᠯᠲᠠᠳ ᠲᠤᠬᠠᠢ ᠶᠢᠨ ᠲᠠᠯᠠᠪᠤᠷ ᠲᠤ ᠬᠦᠷᠦᠭᠰᠡᠨ ᠤ ᠳᠠᠷᠠᠭ᠎ᠠ ᠬᠠᠮᠢᠶ᠎ᠠ ᠪᠦᠬᠦᠢ ᠦᠨᠡᠮᠯᠡᠯ ᠢᠶᠠᠨ ᠲᠣᠳᠣᠷᠬᠠᠶᠢᠯᠠᠵᠤ᠂ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠨᠠᠷᠢᠨ ᠲᠠᠶᠢᠯᠪᠤᠷᠢᠯᠠᠵᠤ᠂ ᠲᠡᠭᠦᠨ ᠢ ᠰᠢᠭᠦᠮᠵᠢᠯᠡᠨ ᠰᠤᠷᠭᠠᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠲᠥᠷᠥ ᠶᠢᠨ ᠪᠣᠳᠣᠯᠭ᠎ᠠ ᠶᠢ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ᠮᠠᠯᠴᠢᠳ ᠤᠨ ᠨᠤᠲᠤᠭ ᠪᠡᠯᠴᠢᠭᠡᠷ ᠤᠨ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠤᠬᠠᠮᠰᠠᠷ ᠢ ᠴᠢᠩᠭᠠᠷᠠᠭᠤᠯᠤᠨ᠂ ᠨᠤᠲᠤᠭ ᠪᠡᠯᠴᠢᠭᠡᠷ ᠤᠨ ᠠᠮᠢ ᠠᠬᠤᠢ ᠶᠢᠨ ᠲᠡᠩᠴᠡᠭᠦᠷᠢ ᠶᠢ ᠬᠠᠮᠲᠤ ᠪᠠᠷ ᠬᠠᠮᠠᠭᠠᠯᠠᠪᠠ᠃    ᠪᠡᠯᠴᠢᠭᠡᠷᠯᠡᠭᠦᠯᠬᠦ ᠶᠢ ᠴᠠᠭᠠᠵᠠᠯᠠᠬᠤ ᠬᠠᠤᠯᠢ ᠬᠡᠷᠡᠭᠵᠢᠭᠦᠯᠬᠦ ᠡᠩᠨᠡᠭᠡ ᠳᠤ ︽ᠡᠳᠦᠷ ᠪᠦᠷᠢ ᠵᠠᠪᠠᠯ ᠲᠣᠭᠤᠷᠢᠨ ᠪᠠᠶᠢᠴᠠᠭᠠᠵᠤ᠂ ᠡᠷᠲᠡ ᠣᠷᠣᠢ ᠵᠠᠪᠠᠯ ᠰᠢᠪᠲᠤᠯᠬᠤ︾ ᠠᠷᠭ᠎ᠠ ᠬᠡᠯᠪᠡᠷᠢ ᠶᠢ ᠠᠪᠴᠤ ᠪᠠᠶᠢᠭᠠᠳ ᠲᠣᠭᠲᠠᠮᠠᠯ ᠬᠤᠭᠤᠴᠠᠭ᠎ᠠ ᠲᠠᠢ ᠪᠠ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠲᠣᠭᠤᠷᠢᠨ ᠪᠠᠶᠢᠴᠠᠭᠠᠬᠤ ᠬᠡᠷᠡᠭᠲᠡᠢ᠃ ᠡᠨᠡ ᠵᠢᠯ ᠠᠴᠠ ᠨᠠᠰᠢ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠡᠯᠴᠢᠭᠡᠷᠯᠡᠭᠦᠯᠬᠦ ᠶᠢ ᠴᠠᠭᠠᠵᠠᠯᠠᠬᠤ ᠬᠠᠤᠯᠢ ᠬᠡᠷᠡᠭᠵᠢᠭᠦᠯᠦᠯᠲᠡ ᠳᠤ ᠨᠡᠶᠢᠲᠡ 60 ᠪᠡᠯᠴᠢᠭᠡᠷᠯᠡᠭᠦᠯᠬᠦ ᠶᠢ ᠴᠠᠭᠠᠵᠠᠯᠠᠬᠤ ᠲᠡᠷᠭᠡ ᠬᠥᠰᠬᠡ᠂ 110 ᠮᠣᠲ᠋ᠣᠷ ᠲᠡᠷᠭᠡ᠂ 200 ᠭᠠᠷᠤᠢ ᠬᠥᠮᠦᠨ ᠪᠡᠯᠴᠢᠭᠡᠷᠯᠡᠭᠦᠯᠬᠦ ᠶᠢ ᠴᠠᠭᠠᠵᠠᠯᠠᠬᠤ ᠬᠠᠤᠯᠢ ᠬᠡᠷᠡᠭᠵᠢᠭᠦᠯᠦᠯᠲᠡ ᠳᠤ ᠣᠷᠣᠯᠴᠠᠵᠠᠢ᠃    ︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠣᠢ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠶᠢᠨ ᠬᠠᠤᠯᠢ ᠬᠡᠷᠡᠭᠵᠢᠭᠦᠯᠬᠦ ᠠᠵᠢᠯᠲᠠᠨ ᠪᠠ ᠡᠯ᠎ᠡ ᠰᠤᠮᠤ ᠪᠠᠯᠭᠠᠰᠤᠨ ᠤ ᠬᠠᠤᠯᠢ ᠬᠡᠷᠡᠭᠵᠢᠭᠦᠯᠬᠦ ᠠᠵᠢᠯᠲᠠᠨ ᠤ ᠨᠡᠶᠢᠲᠡ ᠶᠢᠨ ᠠᠰᠠᠷᠠᠮᠵᠢ ᠶᠢᠨ ᠣᠢ ᠰᠢᠭᠤᠢ ᠶᠢᠨ ᠬᠠᠮᠢᠶᠠᠷᠤᠨ ᠬᠠᠮᠠᠭᠠᠯᠠᠭᠴᠢ ᠲᠠᠢ ᠬᠠᠮᠲᠤᠷᠠᠨ ᠪᠡᠯᠴᠢᠭᠡᠷᠯᠡᠭᠦᠯᠬᠦ ᠶᠢ ᠴᠠᠭᠠᠵᠠᠯᠠᠬᠤ ᠬᠠᠤᠯᠢ ᠬᠡᠷᠡᠭᠵᠢᠭᠦᠯᠬᠦ ᠡᠩᠨᠡᠭᠡ ᠶᠢ ᠪᠠᠶᠢᠭᠤᠯᠵᠤ᠂ ᠬᠠᠷᠢᠴᠠᠭᠠᠨ ᠤ ᠬᠡᠷᠡᠭ᠂ ᠨᠠᠶᠢᠷ ᠲᠠᠯ᠎ᠠ ᠶᠢᠨ ᠬᠡᠷᠡᠭ ᠢ ᠬᠤᠷᠢᠭᠯᠠᠬᠤ ᠶᠢᠨ ᠲᠥᠯᠥᠭᠡ᠂ ᠡᠩᠨᠡᠭᠡ ᠳᠤ ᠲᠣᠣᠷᠵᠢᠭᠤᠯᠤᠭᠰᠠᠨ ᠬᠠᠮᠢᠶᠠᠷᠤᠯᠲᠠ᠂ ᠰᠣᠯᠪᠢᠴᠠᠨ ᠬᠠᠤᠯᠢ ᠬᠡᠷᠡᠭᠵᠢᠭᠦᠯᠬᠦ᠂ ᠬᠠᠤᠯᠢ ᠬᠡᠷᠡᠭᠵᠢᠭᠦᠯᠬᠦ ᠠᠵᠢᠯᠲᠠᠨ ᠪᠠ ᠬᠠᠤᠯᠢ ᠬᠡᠷᠡᠭᠵᠢᠭᠦᠯᠬᠦ ᠣᠷᠣᠨ ᠪᠦᠰᠡ ᠳᠤ 10 ᠡᠳᠦᠷ ᠪᠦᠷᠢ ᠨᠢᠭᠡ ᠤᠳᠠᠭ᠎ᠠ ᠰᠢᠯᠵᠢᠭᠦᠯᠦᠨ ᠰᠣᠯᠢᠯᠴᠠᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠬᠠᠤᠯᠢ ᠬᠡᠷᠡᠭᠵᠢᠭᠦᠯᠦᠯᠲᠡ ᠶᠢᠨ ᠲᠥᠪ ᠭᠤᠣᠯᠴᠢ ᠴᠢᠨᠠᠷ ᠪᠠ ᠦᠷ᠎ᠡ ᠪᠦᠲᠦᠮᠵᠢ ᠶᠢᠨ ᠴᠢᠨᠠᠷ ᠢ ᠦᠨᠡᠨᠬᠦ ᠳᠡᠭᠡᠭᠰᠢᠯᠡᠭᠦᠯᠵᠦ᠂ ᠬᠤᠯᠠᠭᠠᠶᠢᠯᠠᠨ ᠮᠠᠯᠵᠢᠬᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ︾ ᠬᠡᠵᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠲᠠᠰᠤᠭ ᠤᠨ ᠳᠠᠷᠤᠭ᠎ᠠ ᠵᠣᠣ ᠢᠦᠢ ᠮᠢᠩ ᠬᠡᠯᠡᠪᠡ᠃     ᠪᠦᠬᠦ ᠵᠢᠯ ᠳᠤ ᠪᠦᠬᠦ ᠣᠷᠣᠨ ᠪᠦᠰᠡ ᠶᠢᠨ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠤᠷᠤᠭᠰᠢᠲᠠᠢ ᠥᠷᠨᠢᠭᠦᠯᠦᠭᠰᠡᠨ ᠴᠤ ᠮᠠᠯᠴᠢᠨ ᠲᠠᠷᠢᠶᠠᠴᠢᠨ ᠤ ᠳᠡᠮᠵᠢᠯᠭᠡ ᠠᠴᠠ ᠰᠠᠯᠵᠤ ᠴᠢᠳᠠᠬᠤ ᠦᠭᠡᠢ᠂ ᠲᠦᠯᠢᠶᠡᠮᠤᠳᠤ ᠪᠠᠯᠭᠠᠰᠤᠨ ᠤ ᠪᠦᠸᠧ ᠭᠧᠨ ᠵᠢᠯᠠᠭ᠎ᠠ ᠭᠠᠴᠠᠭ᠎ᠠ ᠳᠤ᠂ ᠲᠡᠵᠢᠭᠡᠨ ᠦᠷᠡᠵᠢᠭᠦᠯᠬᠦ ᠡᠷᠦᠬᠡ ᠳᠠᠯᠠᠨ ᠵᠢᠷᠭᠤᠭᠠᠨ ᠥᠪᠡᠷ ᠤᠨ ᠦᠬᠡᠷ ᠲᠡᠭᠡᠨ ᠬᠤᠭᠤᠯᠠ ᠥᠭᠴᠦ᠂ ᠲᠡᠭᠦᠨ ᠤ ᠭᠡᠷ ᠲᠤ 50 ᠭᠠᠷᠤᠢ ᠦᠬᠡᠷ ᠲᠠᠢ ᠪᠠᠶᠢᠵᠤ᠂ ᠬᠠᠰᠢᠶᠠᠯᠠᠨ ᠲᠡᠵᠢᠭᠡᠵᠦ᠂ ᠰᠢᠨᠵᠢᠯᠡᠬᠦ ᠤᠬᠠᠭᠠᠨᠴᠢ ᠪᠠᠷ ᠲᠡᠵᠢᠭᠡᠨ ᠦᠷᠡᠵᠢᠭᠦᠯᠬᠦ ᠪᠠ ᠨᠠᠷᠢᠨ ᠨᠢᠮᠪᠠᠢ ᠠᠷᠠᠴᠢᠯᠠᠬᠤ ᠪᠠᠷ ᠳᠠᠮᠵᠢᠨ᠂ ᠬᠠᠰᠢᠶᠠᠯᠠᠨ ᠲᠡᠵᠢᠭᠡᠭᠰᠡᠨ ᠠᠴᠠ ᠥᠴᠦᠬᠡᠨ ᠴᠦ ᠲᠡᠵᠢᠭᠡᠯ ᠦᠭᠡᠢ ᠪᠣᠯᠵᠠᠢ᠃    ︽ᠪᠢ ᠬᠠᠰᠢᠶᠠᠯᠠᠨ ᠲᠡᠵᠢᠭᠡᠭᠡᠳ 6 ᠵᠢᠯ ᠪᠣᠯᠵᠤ᠂ ᠭᠡᠷ ᠲᠤ ᠪᠠᠨ ᠮᠠᠰᠢ ᠰᠠᠶᠢᠨ ᠲᠡᠵᠢᠭᠡᠵᠦ᠂ ᠠᠭᠤᠯᠠᠨ ᠳᠤ ᠭᠠᠷᠬᠤ ᠴᠢᠬᠤᠯᠠ ᠦᠭᠡᠢ ᠪᠣᠯᠵᠠᠢ᠂ ᠤᠯᠤᠰ ᠠᠴᠠ ᠨᠥᠬᠦᠪᠥᠷᠢ ᠥᠭᠴᠦ᠂ ᠲᠣᠰᠬᠤᠨ ᠤ ᠠᠮᠢ ᠠᠬᠤᠢ ᠶᠢᠨ ᠣᠷᠴᠢᠨ ᠲᠣᠭᠤᠷᠢᠨ ᠴᠤ ᠤᠯᠠᠮ ᠠᠴᠠ ᠤᠯᠠᠮ ᠰᠠᠶᠢᠨ ᠪᠣᠯᠵᠠᠢ︾ ᠭᠡᠵᠤ ᠲᠦᠯᠢᠶᠡᠮᠤᠳᠤ ᠪᠠᠯᠭᠠᠰᠤᠨ ᠤ  ᠪᠦᠭᠡ ᠶᠢᠨ ᠵᠢᠯᠠᠭ᠎ᠠ ᠭᠠᠴᠠᠭᠠᠨ ᠤ ᠮᠠᠯᠴᠢᠨ ᠲᠠᠷᠢᠶᠠᠴᠢᠨ ᠴᠢ ᠱᠢ ᠯᠢᠦ ᠬᠡᠯᠡᠪᠡ᠃    ᠳᠠᠷᠠᠭᠠᠴᠢ ᠶᠢᠨ ᠠᠯᠬᠤᠮ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠪᠠᠶᠢᠩᠭᠤᠵᠢᠭᠰᠠᠨ ᠤᠬᠠᠭᠤᠯᠭ᠎ᠠ ᠶᠢᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠵᠢᠴᠢ ᠲᠣᠭᠤᠷᠢᠨ ᠪᠠᠶᠢᠴᠠᠭᠠᠵᠤ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠤᠨ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠪᠡᠯᠴᠢᠭᠡᠷᠯᠡᠭᠦᠯᠬᠦ ᠶᠢ ᠴᠠᠭᠠᠵᠠᠯᠠᠬᠤ ᠤᠬᠠᠭᠤᠯᠭ᠎ᠠ ᠪᠠ ᠬᠠᠤᠯᠢ ᠬᠡᠷᠡᠭᠵᠢᠭᠦᠯᠬᠦ ᠠᠵᠢᠯ ᠢ ᠦᠷᠭᠦᠯᠵᠢᠯᠡᠨ ᠥᠷᠨᠢᠭᠦᠯᠵᠦ᠂ ᠪᠦᠬᠦ ᠵᠢᠯ ᠳᠤ ᠪᠦᠬᠦ ᠣᠷᠣᠨ ᠪᠦᠰᠡ ᠶᠢᠨ ᠪᠡᠯᠴᠢᠭᠡᠷᠯᠡᠭᠦᠯᠬᠦ ᠶᠢ ᠴᠠᠭᠠᠵᠠᠯᠠᠬᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ᠮᠠᠯᠴᠢᠨ ᠲᠠᠷᠢᠶᠠᠴᠢᠨ ᠤ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠤᠬᠠᠮᠰᠠᠷ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠮᠠᠯᠴᠢᠨ ᠲᠠᠷᠢᠶᠠᠴᠢᠨ ᠤ ᠪᠡᠯᠴᠢᠭᠡᠷᠯᠡᠭᠦᠯᠬᠦ ᠶᠢ ᠴᠠᠭᠠᠵᠠᠯᠠᠵᠤ ᠬᠢᠨᠠᠯᠲᠠ ᠲᠠᠯᠪᠢᠬᠤ ᠳᠤ ᠢᠳᠡᠪᠬᠢᠲᠡᠢ ᠣᠷᠣᠯᠴᠠᠬᠤ ᠶᠢ ᠵᠣᠷᠢᠭᠵᠢᠭᠤᠯᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠭᠴᠢ᠂ ᠤᠬᠠᠭᠤᠯᠤᠭᠴᠢ ᠪᠠ ᠬᠢᠨᠠᠯᠲᠠ ᠲᠠᠯᠪᠢᠭᠴᠢ ᠪᠣᠯᠵᠣ᠂ ᠪᠣᠬᠢᠷᠲᠤᠯ ᠦᠭᠡᠢ ᠭᠡᠷ ᠣᠷᠣᠨ ᠢᠶᠠᠨ ᠬᠠᠮᠲᠤ ᠪᠠᠷ ᠰᠠᠬᠢᠨ ᠬᠠᠮᠠᠭᠠᠯᠠᠵᠤ᠂ ᠡᠬᠡ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠬᠦᠴᠦᠨ ᠴᠢᠳᠠᠯ ᠢᠶᠠᠨ ᠡᠷᠭᠦᠨ᠎ᠡ ᠭᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号