ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠪᠠᠯᠠ ᠮᠥᠩᠭᠦ ᠶᠢᠨ ᠪᠠᠲᠤᠯᠠᠭ᠎ᠠ ᠶᠢᠨ ᠡᠷᠴᠢᠮ ᠢ | ᠴᠢᠩᠭᠠᠷᠠᠭᠤᠯᠬᠤ᠂ ᠣᠯᠠᠨ ᠡᠰᠢᠲᠦ ᠪᠡᠯᠡ ᠣᠷᠣᠭᠤᠯᠤᠯᠲᠠ ᠶᠢᠨ ᠲᠣᠭᠲᠠᠴᠠ ᠶᠢ ᠪᠠᠶᠢᠭᠤᠯᠬᠤ᠂ ᠪᠠᠯᠠ ᠮᠥᠩᠭᠦ ᠶᠢᠨ | ᠬᠡᠷᠡᠭᠯᠡᠯᠲᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠵᠡᠷᠭᠡ ᠭᠤᠤᠯᠳᠠᠯᠭ᠎ᠠ ᠲᠠᠢ ᠠᠷᠭ᠎ᠠ ᠬᠡᠮᠵᠢᠶ᠎ᠡ ᠪᠠᠷ | ᠳᠠᠮᠵᠢᠭᠤᠯᠤᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠴᠢᠨᠠᠷ | ᠰᠠᠶᠢᠲᠠᠶ ᠪᠡᠶᠡᠯᠡᠭᠦᠯᠬᠦ ᠶᠢ ᠠᠬᠢᠭᠤᠯᠵᠤ ᠪᠠᠶᠢᠨ᠎ᠡ᠃ | ᠮᠠᠨ ᠤ ᠤᠷᠤᠨ ᠪᠠᠷᠢᠮᠵᠢᠶ᠎ᠠ ᠶᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠪᠠᠷ ᠳᠠᠮᠵᠢᠭᠤᠯᠤᠨ᠂ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ᠶᠢᠨ ᠬᠡᠷᠡᠭᠴᠡᠭᠡ | ᠱᠠᠭᠠᠷᠳᠠᠯᠭ᠎ᠠ ᠶᠢ ᠭᠤᠤᠯᠳᠠᠯᠭ᠎ᠠ ᠲᠠᠢ ᠪᠠᠳᠤᠯᠠᠵᠤ᠂ 2019 ᠣᠨ ᠠᠴᠠ ᠨᠠᠭᠠᠰᠢ᠂ ᠪᠥᠬᠦ ᠣᠷᠣᠨ ᠤ ᠰᠢᠨ᠎ᠡ ᠪᠠᠷ | ᠪᠠᠶᠢᠭᠤᠯᠤᠭᠰᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠪᠠᠯᠠ | ᠣᠷᠣᠭᠤᠯᠤᠯᠲᠠ ᠮᠥ ᠨᠢᠬᠡᠴᠢ 1219 ᠲᠥᠭᠦᠷᠢᠭ ᠪᠠᠶᠢᠭᠰᠠᠨ ᠠᠴᠠ ᠪᠠᠨ ᠠᠯᠬᠤᠮ ᠠᠯᠬᠤᠮ ᠢᠶᠠᠷ 2023 ᠣᠨ ᠳᠤ | 1800 ᠲᠥᠭᠦᠷᠢᠭ ᠪᠤᠯᠤᠨ ᠳᠡᠭᠡᠭᠰᠢᠯᠡᠵᠦ᠂ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ 47.6 % ᠪᠠᠷ | ᠳᠡᠭᠡᠭᠰᠢᠯᠡᠵᠦ᠂ ᠲᠠᠷᠢᠶᠠᠨ ᠭᠠᠵᠠᠷ ᠤᠨ ᠰᠠᠭᠤᠷᠢ ᠲᠦᠬᠦᠬᠡᠷᠤᠮᠵᠢ ᠶᠢᠨ ᠳᠤᠲᠠᠭᠤᠳᠠᠯ ᠢ ᠲᠦᠷᠭᠡᠳᠭᠡᠨ ᠨᠥᠬᠦᠪᠥᠷᠢᠯᠡᠵᠦ | ᠂ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠦᠷᠭᠦᠯᠵᠢᠯᠡᠨ ᠲᠡᠭᠡᠭᠰᠢᠯᠡᠪᠡ᠃ ᠡᠭᠦᠨ ᠤ | ᠬᠠᠮᠲᠤ᠂ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠴᠢᠨᠠᠷ ᠰᠠᠶᠢᠲᠠᠶ ᠥᠨᠳᠥᠷ ᠪᠦᠲᠦᠮᠵᠢᠲᠡᠶ ᠪᠡᠶᠡᠯᠡᠭᠦᠯᠬᠦ ᠶᠢ | ᠪᠠᠲᠤᠯᠠᠵᠤ᠂ ᠦᠨᠳᠦᠰᠦᠨ ᠱᠠᠲᠤᠨ ᠤ ᠢᠵᠢ ᠪᠥᠷᠢᠳᠦᠭᠦᠯᠬᠦ ᠪᠠᠯᠠ ᠮᠥᠩᠭᠦ ᠶᠢᠨ ᠲᠠᠷᠤᠭᠠᠰᠤ ᠶᠢ ᠨᠠᠮᠳᠠᠭᠤᠯᠬᠤ ᠶᠢᠨ | ᠲᠥᠯᠥᠭᠡ᠂ ᠲᠥᠪ ᠤᠨ ᠨᠥᠬᠦᠪᠥᠷᠢ ᠪᠠᠯᠠ ᠮᠥᠩᠭᠦ ᠶᠢ ᠭᠠᠷᠭᠠᠪᠠᠯ᠂ ᠣᠷᠣᠨ ᠨᠤᠲᠤᠭ ᠤᠨ ᠡᠳ᠋ ᠤᠨ ᠵᠠᠰᠠᠭ ᠤᠨ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠳᠤ ᠣᠷᠣᠭᠤᠯᠬᠤ ᠵᠠᠷᠤᠯᠭ᠎ᠠ ᠶᠢᠨ | ᠬᠠᠷᠢᠭᠤᠴᠠᠯᠭ᠎ᠠ ᠶᠢ ᠪᠦᠬᠦᠨ ᠢ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠠᠴᠠ | ᠡᠬᠦᠷᠬᠡᠯᠡᠪᠡ᠃ | ᠮᠠᠨ ᠤ ᠤᠷᠤᠨ ᠣᠯᠠᠨ ᠡᠰᠢᠲᠦ ᠪᠡᠯᠡ ᠣᠷᠣᠭᠤᠯᠤᠯᠲᠠ ᠶᠢᠨ ᠵᠠᠭᠪᠤᠷ ᠢ ᠢᠳᠡᠪᠬᠢᠲᠡᠶ ᠰᠦᠪᠡᠭᠴᠢᠯᠡᠵᠦ᠂ ᠡᠳ᠋ ᠤᠨ | ᠵᠠᠰᠠᠭ ᠠᠴᠠ ᠤᠷᠢᠳ ᠢᠶᠠᠷ ᠪᠠᠲᠤᠯᠠᠬᠤ᠂ ᠮᠥᠩᠭᠦᠨ ᠭᠦᠢᠯᠭᠡᠭᠡᠨ ᠢᠶᠠᠷ ᠭᠤᠤᠯᠳᠠᠯᠭ᠎ᠠ ᠲᠠᠢ ᠳᠡᠮᠵᠢᠬᠦ᠂ ᠨᠡᠶᠢᠭᠡᠮ ᠠᠴᠠ | ᠢᠳᠡᠪᠬᠢᠲᠡᠶ ᠣᠷᠣᠯᠴᠠᠬᠤ ᠣᠯᠠᠨ ᠡᠰᠢᠵᠢᠭᠰᠡᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠡᠯᠡ | ᠣᠷᠣᠭᠤᠯᠤᠯᠲᠠ ᠶᠢᠨ ᠪᠠᠶᠢᠷᠢᠰᠢᠯ ᠢ ᠲᠦᠷᠭᠡᠳᠭᠡᠨ ᠪᠦᠷᠢᠯᠳᠦᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠣᠳᠠᠲᠠᠶᠢᠵᠢᠭᠤᠯᠤᠨ ᠬᠡᠷᠡᠭᠵᠢᠭᠦᠯᠬᠦ ᠶᠢ ᠯᠠᠪᠳᠠᠭᠤᠨ ᠪᠠᠲᠤᠲᠠᠶ ᠠᠬᠢᠭᠤᠯᠪᠠ᠃ | 2021 — 2023 ᠣᠨ ᠳᠤ ᠡᠯ᠎ᠡ ᠱᠠᠲᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ | ᠪᠠᠶᠢᠭᠤᠯᠤᠯᠲᠠ ᠳᠤ 182 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠪᠠ᠃ ᠡᠭᠦᠨ ᠳᠤ ᠲᠥᠪ ᠤᠨ ᠡᠳ᠋ ᠤᠨ | ᠵᠠᠰᠠᠭ ᠠᠴᠠ 143.02 ᠳ᠋ᠦᠩᠰᠢᠭᠤᠷ ᠲᠥᠭᠦᠷᠢᠭ ᠣᠷᠣᠭᠤᠯᠪᠠ︔ ᠥᠪᠡᠷᠲᠡᠭᠡᠨ ᠵᠠᠰᠠᠬᠤ ᠣᠷᠣᠨ ᠵᠢᠴᠢ ᠠᠶᠢᠮᠠᠭ | ᠬᠤᠲᠠ ᠬᠤᠰᠢᠭᠤ ᠰᠢᠶᠠᠨ ᠤ ᠡᠩ ᠤᠨ ᠣᠯᠠᠨ ᠨᠡᠶᠢᠲᠡ ᠶᠢᠨ ᠲᠥᠰᠦᠪ ᠲᠤ 31.33 ᠳ᠋ᠦᠩᠰᠢᠭᠤᠷ ᠲᠥᠭᠦᠷᠢᠭ ᠤᠨ | ᠪᠡᠯᠡ ᠮᠥᠩᠭᠦ ᠲᠣᠬᠢᠷᠠᠭᠤᠯᠪᠡ︔ ᠰᠠᠭᠤᠷᠢ ᠮᠥᠩᠭᠦ᠂ ᠠᠵᠤ ᠠᠬᠤᠶᠢᠯᠠᠯ᠂ ᠰᠢᠨ᠎ᠡ ᠬᠡᠯᠪᠡᠷᠢ ᠶᠢᠨ ᠲᠠᠷᠢᠶᠠᠯᠠᠩ ᠤᠨ | ᠡᠵᠡᠩᠨᠡᠯᠲᠡ ᠶᠢᠨ ᠭᠤᠤᠯ ᠴᠣᠭᠴᠠ᠂ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ | ᠪᠠᠶᠢᠭᠤᠯᠤᠯᠲᠠ᠂ ᠲᠠᠷᠢᠶᠠᠯᠠᠬᠤ ᠡᠷᠤᠭᠡ ᠵᠡᠷᠭᠡ ᠶᠢ ᠬᠥᠳᠤᠯᠤᠨ ᠵᠢᠯᠣᠭᠤᠳᠬᠤ ᠪᠡᠯᠡ ᠣᠷᠣᠭᠤᠯᠤᠯᠲᠠ ᠨᠡᠶᠢᠳᠡ 8.55 | ᠳ᠋ᠦᠩᠰᠢᠭᠤᠷ ᠲᠥᠭᠦᠷᠢᠭ ᠲᠤ ᠬᠦᠷᠴᠡᠢ᠃ | 2022 ᠣᠨ ᠠᠴᠠ ᠡᠬᠢᠯᠡᠨ᠂ ᠮᠠᠨ ᠤ ᠤᠷᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ | ᠪᠠᠶᠢᠭᠤᠯᠤᠯᠲᠠ ᠶᠢᠨ ᠪᠠᠯᠠ ᠮᠥᠩᠭᠦ ᠳᠤ ᠲᠤᠰᠬᠠᠶ ᠲᠠᠩᠰᠠ ᠪᠠᠷ ᠬᠠᠮᠢᠶᠠᠷᠬᠤ ᠶᠢ ᠬᠡᠷᠡᠭᠵᠢᠭᠦᠯᠵᠦ᠂ ︽ᠲᠤᠰᠬᠠᠶ | ᠲᠠᠩᠰᠠ ᠪᠠᠷ ᠬᠠᠮᠢᠶᠠᠷᠬᠤ︾᠂ ︽ᠲᠤᠰᠬᠠᠶ ᠲᠠᠩᠰᠠ ᠪᠠᠷ ᠰᠢᠯᠵᠢᠭᠦᠯᠦᠨ ᠥᠭᠬᠦ︾᠂ ︽ᠲᠤᠰᠬᠠᠶ ᠲᠠᠩᠰᠠ ᠪᠠᠷ | ᠳ᠋ᠦᠡᠭᠨᠡᠨ ᠪᠤᠳᠤᠬᠤ︾ ᠬᠠᠮᠢᠶᠠᠷᠤᠯᠲᠠ ᠶᠢᠨ ᠵᠠᠭᠪᠤᠷ ᠤᠨ ᠰᠢᠨ᠎ᠡ ᠶᠢ ᠡᠭᠦᠳᠬᠦ ᠪᠠᠷ ᠳᠠᠮᠵᠢᠭᠤᠯᠤᠨ᠂ ᠪᠠᠯᠠ ᠮᠥᠩᠭᠦ ᠶᠢ | ᠬᠤᠪᠢᠶᠠᠷᠢᠯᠠᠬᠤ᠂ ᠪᠠᠭᠤᠯᠭᠠᠬᠤ᠂ ᠬᠡᠷᠡᠭᠯᠡᠬᠦ ᠵᠡᠷᠭᠡ ᠪᠦᠬᠦ ᠶᠠᠪᠤᠴᠠ ᠶᠢᠨ ᠠᠮᠤᠷ ᠲᠦᠪᠰᠢᠨ ᠢ ᠪᠠᠲᠤᠯᠠᠵᠤ᠂ ᠪᠠᠯᠠ | ᠮᠥᠩᠭᠦ ᠶᠢ ᠴᠢᠬᠤᠯᠠ ᠭᠠᠵᠠᠷ ᠲᠤ ᠬᠡᠷᠡᠭᠯᠡᠬᠦ ᠶᠢ ᠦᠨᠡᠨ ᠬᠦ ᠪᠠᠲᠤᠯᠠᠵᠤ᠂ ᠤᠯᠤᠰ ᠤᠨ ᠠᠮᠤ ᠪᠤᠳᠠᠭᠠᠨ ᠤ ᠠᠮᠤᠷ | ᠲᠦᠪᠰᠢᠨ ᠢ ᠪᠠᠲᠤᠯᠠᠬᠤ ᠪᠠ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ | ᠦᠢᠯᠡᠳᠪᠦᠷᠢᠯᠡᠯ ᠤᠨ ᠰᠠᠭᠤᠷᠢᠨ ᠢ ᠪᠥᠲᠥᠭᠡᠨ ᠪᠠᠶᠢᠭᠤᠯᠬᠤ ᠳᠤ ᠪᠠᠲᠤ ᠪᠠᠬᠢ ᠰᠠᠭᠤᠷᠢ ᠬᠠᠩᠭᠠᠭᠰᠠᠨ ᠪᠠᠶᠢᠨ᠎ᠠ᠃ | |