ᠯᠢ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ ᠲᠤ ᠭᠠᠷ ᠤᠨ ᠦᠰᠦᠭ ᠵᠢᠷᠤᠪᠠ
ᠨᠡᠶᠢᠲᠡᠯᠡᠭᠰᠡᠨ ᠴᠠᠭ᠄
2024/7/23
   ᠰᠢᠨᠬᠤᠸᠠ ᠬᠤᠷᠢᠶᠠᠨ ᠤ ᠪᠡᠭᠡᠵᠢᠩ ᠤᠨ 7 ᠰᠠᠷ᠎ᠠ ᠶᠢᠨ 22 ᠤᠨ ᠴᠠᠬᠢᠯᠭᠠᠨ ᠮᠡᠳᠡᠭᠡ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ ᠲᠦᠷᠦᠭᠦᠬᠡᠨ ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ ᠲᠤ ᠭᠠᠷ ᠤᠨ ᠦᠰᠦᠭ ᠵᠢᠷᠤᠵᠤ᠂ ᠵᠠᠰᠠᠪᠤᠷᠢ ᠣᠷᠣᠭᠤᠯᠤᠭᠰᠠᠨ ᠤ ᠳᠠᠷᠠᠭᠠᠬᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠢᠭᠤᠴᠠ ᠶᠢ ᠬᠠᠮᠠᠭᠠᠯᠠᠬᠤ ᠬᠠᠤᠯᠢ ᠶᠢ ᠬᠡᠷᠡᠭᠵᠢᠭᠦᠯᠬᠦ ᠳᠦᠷᠢᠮ︾ ︵ᠳᠣᠷᠣᠭᠰᠢ ︽ᠳᠦᠷᠢᠮ︾ ᠭᠡᠵᠦ ᠲᠣᠪᠴᠢᠯᠠᠨ᠎ᠠ︶ ᠢ ᠨᠡᠶᠢᠲᠡᠯᠡᠵᠦ᠂ 2024 ᠣᠨ ᠤ 9 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃    ︽ᠲᠦᠷᠢᠮ︾ ᠳᠤ ᠨᠢᠭᠤᠴᠠ ᠶᠢ ᠬᠠᠮᠠᠭᠠᠯᠠᠬᠤ ᠠᠵᠢᠯ ᠤᠨ ᠲᠤᠬᠠᠢ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠵᠤ᠂ 2024 ᠣᠨ ᠤ 2 ᠰᠠᠷ᠎ᠠ ᠳᠤ ᠵᠠᠰᠠᠪᠤᠷᠢ ᠣᠷᠣᠭᠤᠯᠵᠤ ᠨᠡᠶᠢᠲᠡᠯᠡᠭᠰᠡᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠢᠭᠤᠴᠠ ᠶᠢ ᠬᠠᠮᠠᠭᠠᠯᠠᠬᠤ ᠬᠠᠤᠯᠢ︾ ᠶᠢᠨ ᠬᠤᠯᠪᠣᠭᠳᠠᠯ ᠪᠦᠬᠦᠢ ᠲᠣᠭᠲᠠᠭᠠᠯ ᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠨᠡᠶᠢᠲᠡ 6 ᠪᠦᠯᠦᠭ 74 ᠵᠤᠷᠪᠤᠰ ᠢ ᠭᠤᠣᠯᠳᠠᠯᠭ᠎ᠠ ᠲᠠᠢ ᠲᠣᠭᠲᠠᠭᠠᠪᠠ᠃    ᠨᠢᠭᠡ ᠳᠤ ᠤᠳᠤᠷᠢᠳᠤᠯᠭ᠎ᠠ ᠬᠠᠮᠢᠶᠠᠷᠤᠯᠲᠠ ᠶᠢᠨ ᠪᠠᠶᠢᠭᠤᠯᠤᠯ ᠢ ᠲᠡᠭᠦᠯᠳᠡᠷᠵᠢᠭᠦᠯᠬᠦ ᠬᠡᠷᠡᠭᠲᠡᠢ᠃ ᠨᠠᠮ ᠠᠴᠠ ᠨᠢᠭᠤᠴᠠ ᠶᠢ ᠬᠠᠮᠠᠭᠠᠯᠠᠬᠤ ᠪᠠᠶᠢᠭᠤᠯᠤᠯ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠭᠦᠯᠵᠦ᠂ ᠲᠥᠪ ᠤᠨ ᠨᠢᠭᠤᠴᠠ ᠶᠢ ᠬᠠᠮᠠᠭᠠᠯᠠᠬᠤ ᠠᠵᠢᠯ ᠤᠨ ᠤᠳᠤᠷᠢᠳᠬᠤ ᠪᠠᠶᠢᠭᠤᠯᠤᠮᠵᠢ ᠪᠠ ᠣᠷᠣᠨ ᠨᠤᠲᠤᠭ ᠤᠨ ᠡᠯ᠎ᠡ ᠱᠠᠲᠤᠨ ᠤ ᠨᠢᠭᠤᠴᠠ ᠶᠢ ᠬᠠᠮᠠᠭᠠᠯᠠᠬᠤ ᠠᠵᠢᠯ ᠤᠨ ᠤᠳᠤᠷᠢᠳᠬᠤ ᠪᠠᠶᠢᠭᠤᠯᠤᠮᠵᠢ ᠶᠢᠨ ᠪᠣᠳᠠᠲᠠᠢ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ᠎ᠠ᠃ ᠨᠢᠭᠤᠴᠠ ᠶᠢ ᠬᠠᠮᠠᠭᠠᠯᠠᠬᠤ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠨᠠᠷᠢᠯᠢᠭᠵᠢᠭᠤᠯᠵᠤ᠂ ᠪᠠᠶᠢᠭᠤᠯᠭ᠎ᠠ᠂ ᠨᠢᠭᠡᠴᠡ ᠶᠢᠨ ᠨᠢᠭᠤᠴᠠ ᠶᠢ ᠬᠠᠮᠠᠭᠠᠯᠠᠬᠤ ᠠᠵᠢᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠴᠢᠬᠤᠯᠠᠴᠢᠯᠠᠬᠤ ᠬᠡᠷᠡᠭᠲᠡᠢ᠃ ᠨᠢᠭᠤᠴᠠ ᠶᠢ ᠬᠠᠮᠠᠭᠠᠯᠠᠬᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠨ ᠬᠠᠮᠢᠶ᠎ᠠ ᠪᠦᠬᠦᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠨᠢᠭᠤᠴᠠ ᠶᠢ ᠬᠠᠮᠠᠭᠠᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠬᠤ᠂ ᠨᠢᠭᠤᠴᠠ ᠶᠢ ᠬᠠᠮᠠᠭᠠᠯᠠᠬᠤ ᠤᠬᠠᠭᠤᠯᠭ᠎ᠠ ᠬᠥᠮᠦᠵᠢᠯ ᠢ ᠥᠷᠨᠢᠭᠦᠯᠬᠦ᠂ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠵᠡᠷᠭᠡ ᠲᠠᠯ᠎ᠠ ᠪᠠᠷ ᠬᠢ ᠠᠵᠢᠯ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ᠎ᠠ᠃    ᠬᠤᠶᠠᠷ ᠲᠤ᠂ ᠨᠢᠭᠤᠴᠠ ᠶᠢ ᠲᠣᠭᠲᠠᠭᠠᠬᠤ ᠬᠠᠮᠢᠶᠠᠷᠤᠯᠲᠠ ᠶᠢ ᠴᠢᠩᠭᠠᠳᠬᠠᠨ᠎ᠠ᠃ ᠨᠢᠭᠤᠴᠠ ᠶᠢ ᠬᠠᠮᠠᠭᠠᠯᠠᠬᠤ ᠵᠦᠢᠯᠡᠰ ᠤᠨ ᠬᠦᠷᠢᠶ᠎ᠡ ᠬᠡᠪᠴᠢᠶ᠎ᠡ ᠶᠢ ᠲᠣᠭᠲᠠᠭᠠᠬᠤ᠂ ᠵᠠᠰᠠᠪᠤᠷᠢ ᠣᠷᠣᠭᠤᠯᠬᠤ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠨᠢᠭᠤᠴᠠ ᠶᠢ ᠬᠠᠮᠠᠭᠠᠯᠠᠬᠤ ᠵᠦᠢᠯᠡᠰ ᠤᠨ ᠬᠦᠷᠢᠶ᠎ᠡ ᠬᠡᠪᠴᠢᠶ᠎ᠡ ᠳᠤ ᠲᠣᠭᠲᠠᠭᠠᠭᠰᠠᠨ ᠭᠤᠣᠯ ᠠᠭᠤᠯᠭ᠎ᠠ ᠶᠢ ᠲᠣᠳᠣᠷᠬᠠᠶᠢᠯᠠᠨ᠎ᠠ᠃ ᠨᠢᠭᠤᠴᠠ ᠲᠣᠭᠲᠠᠭᠰᠠᠨ ᠡᠷᠬᠡ ᠮᠡᠳᠡᠯ ᠲᠠᠢ ᠪᠠᠶᠢᠭᠤᠯᠤᠯᠭ᠎ᠠ ᠨᠢᠭᠡᠴᠡ ᠨᠢ ᠤᠯᠤᠰ ᠤᠨ ᠨᠢᠭᠤᠴᠠ ᠵᠦᠢᠯᠡᠰ ᠤᠨ ᠨᠠᠷᠢᠨ ᠬᠦᠰᠦᠨᠦᠭᠲᠦ ᠲᠣᠭᠲᠠᠭᠠᠬᠤ ᠶᠢᠨ ᠬᠠᠮᠲᠤ ᠴᠠᠭ ᠲᠤᠬᠠᠢ ᠳᠤᠨᠢ ᠵᠠᠰᠠᠪᠤᠷᠢ ᠣᠷᠣᠭᠤᠯᠬᠤ ᠬᠡᠷᠡᠭᠲᠡᠢ᠃ ᠬᠠᠤᠯᠢ ᠳᠤ ᠲᠣᠭᠲᠠᠭᠠᠭᠰᠠᠨ ᠨᠢᠭᠤᠴᠠ ᠶᠢ ᠲᠣᠭᠲᠠᠭᠠᠬᠤ ᠬᠠᠷᠢᠭᠤᠴᠠᠯᠭᠠᠲᠠᠨ ᠪᠠ ᠨᠢᠭᠤᠴᠠ ᠶᠢ ᠲᠣᠭᠲᠠᠭᠠᠬᠤ ᠬᠠᠷᠢᠭᠤᠴᠠᠯᠭᠠᠲᠠᠨ ᠢ ᠢᠯᠭᠠᠨ ᠲᠣᠭᠲᠠᠭᠠᠵᠤ᠂ ᠨᠢᠭᠤᠴᠠ ᠶᠢ ᠲᠣᠭᠲᠠᠭᠠᠬᠤ ᠬᠠᠷᠢᠭᠤᠴᠠᠯᠭᠠᠲᠠᠨ ᠤ ᠬᠡᠪᠴᠢᠶ᠎ᠡ ᠪᠠ ᠪᠣᠳᠠᠲᠠᠢ ᠡᠭᠦᠷᠭᠡ ᠬᠠᠷᠢᠭᠤᠴᠠᠯᠭ᠎ᠠ ᠶᠢ ᠲᠣᠭᠲᠠᠭᠠᠨ᠎ᠠ᠃ ᠨᠢᠭᠤᠴᠠ ᠶᠢ ᠲᠣᠭᠲᠠᠭᠠᠬᠤ ᠶᠣᠰᠣᠲᠠᠢ ᠪᠣᠯᠪᠠᠴᠤ ᠨᠢᠭᠤᠴᠠ ᠶᠢ ᠲᠣᠭᠲᠠᠭᠠᠬᠤ ᠡᠷᠬᠡ ᠮᠡᠳᠡᠯ ᠦᠭᠡᠢ ᠵᠦᠢᠯᠡᠰ ᠲᠤ ᠤᠷᠢᠳᠠᠪᠠᠷ ᠨᠢᠭᠤᠴᠠ ᠶᠢ ᠬᠠᠮᠠᠭᠠᠯᠠᠬᠤ ᠠᠷᠭ᠎ᠠ ᠬᠡᠮᠵᠢᠶ᠎ᠡ ᠠᠪᠴᠤ᠂ ᠬᠠᠤᠯᠢ ᠶᠣᠰᠣᠭᠠᠷ ᠡᠷᠬᠡ ᠲᠠᠢ ᠪᠠᠶᠢᠭᠤᠯᠭ᠎ᠠ ᠳᠤ ᠮᠡᠳᠡᠭᠦᠯᠦᠨ ᠲᠣᠭᠲᠠᠭᠠᠬᠤ ᠶᠢᠨ ᠬᠠᠮᠲᠤ ᠨᠢᠭᠤᠴᠠ ᠶᠢ ᠲᠣᠭᠲᠠᠭᠠᠬᠤ ᠡᠷᠬᠡ ᠣᠯᠭᠤᠬᠤ ᠳᠤ ᠨᠥᠬᠦᠪᠥᠷᠢ ᠲᠣᠭᠲᠠᠭᠠᠯ ᠭᠠᠷᠭᠠᠨ᠎ᠠ᠃ ᠨᠢᠭᠲᠠ ᠴᠡᠭ ᠢ ᠲᠣᠳᠣᠷᠬᠠᠶᠢᠯᠠᠬᠤ ᠪᠠ ᠡᠭᠦᠰᠦᠮᠡᠯ ᠨᠢᠭᠤᠴᠠ ᠶᠢ ᠲᠣᠭᠲᠠᠭᠠᠬᠤ ᠳᠦᠷᠢᠮ ᠢ ᠤᠯᠠᠮ ᠨᠢᠭᠡ ᠠᠯᠬᠤᠮ ᠨᠠᠷᠢᠯᠢᠭᠵᠢᠭᠤᠯᠵᠤ᠂ ᠬᠡᠷᠡᠭᠯᠡᠬᠦ ᠪᠣᠳᠠᠲᠠᠢ ᠪᠠᠶᠢᠳᠠᠯ ᠢ ᠲᠣᠳᠣᠷᠬᠠᠶᠢᠯᠠᠬᠤ ᠬᠡᠷᠡᠭᠲᠡᠢ᠃         ᠭᠤᠷᠪᠠ ᠳᠤ᠂ ᠨᠢᠭᠤᠴᠠ ᠶᠢ ᠬᠠᠮᠠᠭᠠᠯᠠᠬᠤ ᠬᠠᠮᠢᠶᠠᠷᠤᠯᠲᠠ ᠶᠢ ᠨᠠᠷᠢᠯᠢᠭᠵᠢᠭᠤᠯᠤᠨ᠎ᠠ᠃ ᠲᠠᠰᠤ ᠨᠢᠭᠤᠴᠠ ᠶᠢᠨ ᠲᠠᠰ ᠤᠨ ᠤᠯᠤᠰ ᠤᠨ ᠨᠢᠭᠤᠴᠠ ᠶᠢᠨ ᠠᠴᠢᠶᠠᠯᠠᠪᠤᠷᠢ᠂ ᠨᠢᠭᠤᠴᠠ ᠪᠣᠳᠠᠰ᠂ ᠨᠢᠭᠤᠴᠠ ᠶᠢ ᠬᠠᠮᠠᠭᠠᠯᠠᠬᠤ ᠴᠢᠬᠤᠯᠠ ᠰᠠᠯᠠᠭ᠎ᠠ ᠮᠥᠴᠢᠷ ᠤᠨ ᠣᠷᠣᠨ ᠪᠠᠶᠢᠷᠢ ᠶᠢᠨ ᠬᠠᠮᠢᠶᠠᠷᠤᠯᠲᠠ ᠶᠢᠨ ᠱᠠᠭᠠᠷᠳᠠᠯᠭ᠎ᠠ ᠶᠢ ᠲᠣᠳᠣᠷᠬᠠᠶᠢᠯᠠᠨ᠎ᠠ᠃ ᠪᠠᠶᠢᠭᠤᠯᠭ᠎ᠠ᠂ ᠨᠢᠭᠡᠴᠡ ᠶᠢᠨ ᠮᠡᠳᠡᠭᠡ ᠵᠠᠩᠭᠢ ᠶᠢᠨ ᠰᠢᠰᠲ᠋ᠧᠮ᠂ ᠮᠡᠳᠡᠭᠡ ᠵᠠᠩᠭᠢ ᠶᠢᠨ ᠲᠥᠬᠦᠭᠡᠷᠦᠮᠵᠢ ᠶᠢᠨ ᠡᠳᠦᠷ ᠲᠤᠲᠤᠮ ᠤᠨ ᠨᠢᠭᠤᠴᠠ ᠶᠢ ᠬᠠᠮᠠᠭᠠᠯᠠᠬᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠬᠡᠷᠡᠭᠲᠡᠢ᠃ ᠠᠮᠤᠷ ᠲᠦᠪᠰᠢᠨ ᠤ ᠨᠢᠭᠤᠴᠠ ᠶᠢ ᠬᠠᠮᠠᠭᠠᠯᠠᠬᠤ ᠦᠢᠯᠡᠳᠬᠦᠨ ᠪᠠ ᠨᠢᠭᠤᠴᠠ ᠶᠢ ᠬᠠᠮᠠᠭᠠᠯᠠᠬᠤ ᠮᠡᠷᠭᠡᠵᠢᠯ ᠲᠣᠨᠣᠭᠯᠠᠯ ᠤᠨ ᠨᠢᠭᠤᠴᠠ ᠶᠢ ᠬᠠᠮᠠᠭᠠᠯᠠᠬᠤ ᠬᠠᠮᠢᠶᠠᠷᠤᠯᠲᠠ ᠶᠢᠨ ᠱᠠᠭᠠᠷᠳᠠᠯᠭ᠎ᠠ ᠶᠢ ᠲᠣᠭᠲᠠᠭᠠᠵᠤ᠂ ᠰᠤᠳᠤᠯᠤᠨ ᠦᠢᠯᠡᠳᠴᠦ ᠦᠢᠯᠡᠳᠪᠦᠷᠢᠯᠡᠬᠦ ᠨᠢᠭᠡᠴᠢ ᠶᠢᠨ ᠪᠣᠳᠠᠲᠠᠢ ᠡᠭᠦᠷᠭᠡ ᠶᠢ ᠲᠣᠳᠣᠷᠬᠠᠶᠢᠯᠠᠨ᠎ᠠ᠃ ᠮᠡᠳᠡᠭᠡ ᠵᠠᠩᠭᠢ ᠶᠢ ᠢᠯᠡ ᠪᠣᠯᠭᠠᠬᠤ ᠨᠢᠭᠤᠴᠠ ᠶᠢ ᠬᠠᠮᠠᠭᠠᠯᠠᠬᠤ ᠶᠢᠨ ᠬᠢᠨᠠᠨ ᠪᠠᠶᠢᠴᠠᠭᠠᠬᠤ ᠱᠠᠭᠠᠷᠳᠠᠯᠭ᠎ᠠ ᠶᠢ ᠨᠠᠷᠢᠯᠢᠬᠵᠢᠭᠤᠯᠵᠤ᠂ ᠨᠢᠭᠤᠴᠠ ᠳᠤ ᠬᠤᠯᠪᠣᠭᠳᠠᠬᠤ ᠬᠤᠷᠠᠯ ᠤᠨ ᠠᠵᠢᠯᠯᠠᠭ᠎ᠠ ᠶᠢᠨ ᠨᠢᠭᠤᠴᠠ ᠶᠢ ᠬᠠᠮᠠᠭᠠᠯᠠᠬᠤ ᠬᠠᠮᠢᠶᠠᠷᠤᠯᠲᠠ ᠶᠢ ᠲᠡᠭᠦᠯᠳᠡᠷᠵᠢᠭᠦᠯᠦᠨ᠂ ᠨᠢᠭᠤᠴᠠ ᠳᠤ ᠬᠤᠯᠪᠣᠭᠳᠠᠬᠤ ᠲᠤᠭ᠎ᠠ ᠪᠠᠷᠢᠮᠲᠠ ᠶᠢᠨ ᠨᠢᠭᠤᠴᠠ ᠶᠢ ᠬᠠᠮᠠᠭᠠᠯᠠᠬᠤ ᠬᠠᠮᠢᠶᠠᠷᠤᠯᠲᠠ ᠶᠢᠨ ᠳᠦᠷᠢᠮ ᠪᠠ ᠲᠦᠭᠰᠢᠭᠦᠷᠢ ᠶᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠲᠣᠳᠣᠷᠬᠠᠶᠢᠯᠠᠨ᠎ᠠ᠃ ᠨᠢᠭᠤᠴᠠ ᠳᠤ ᠬᠤᠯᠪᠣᠭᠳᠠᠬᠤ ᠬᠥᠮᠦᠰ ᠤᠨ ᠠᠵᠢᠯ ᠤᠨ ᠪᠠᠶᠢᠷᠢ ᠳᠤ ᠭᠠᠷᠬᠤ ᠠᠴᠠ ᠡᠮᠦᠨ᠎ᠡ᠂ ᠠᠵᠢᠯ ᠤᠨ ᠪᠠᠶᠢᠷᠢ ᠳᠤ ᠪᠠᠶᠢᠬᠤ ᠪᠠ ᠠᠵᠢᠯ ᠤᠨ ᠪᠠᠶᠢᠷᠢ ᠠᠴᠠ ᠪᠠᠨ ᠰᠠᠯᠬᠤ ᠨᠢᠭᠤᠴᠠ ᠶᠢ ᠬᠠᠮᠠᠭᠠᠯᠠᠬᠤ ᠬᠠᠮᠢᠶᠠᠷᠤᠯᠲᠠ ᠶᠢᠨ ᠱᠠᠭᠠᠷᠳᠠᠯᠭ᠎ᠠ ᠶᠢ ᠨᠠᠷᠢᠯᠢᠬᠵᠢᠭᠤᠯᠵᠤ᠂ ᠨᠢᠭᠤᠴᠠ ᠳᠤ ᠬᠤᠯᠪᠣᠭᠳᠠᠬᠤ ᠬᠥᠮᠦᠰ ᠤᠨ ᠡᠷᠬᠡ ᠠᠰᠢᠭ ᠤᠨ ᠪᠠᠲᠤᠯᠠᠭ᠎ᠠ ᠵᠡᠷᠭᠡ ᠳᠦᠷᠢᠮ ᠢ ᠲᠡᠭᠦᠯᠳᠡᠷᠵᠢᠭᠦᠯᠦᠨ᠎ᠡ᠃    ᠳᠥᠷᠪᠡ ᠳᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠤᠯᠤᠰ ᠤᠨ ᠨᠢᠭᠤᠴᠠ ᠶᠢ ᠬᠠᠮᠠᠭᠠᠯᠠᠬᠤ ᠪᠠᠷᠢᠮᠵᠢᠶ᠎ᠠ᠂ ᠪᠦᠯᠬᠦᠮ ᠨᠡᠶᠢᠲᠡ ᠶᠢᠨ ᠪᠠᠷᠢᠮᠵᠢᠶ᠎ᠠ᠂ ᠠᠵᠤ ᠠᠬᠤᠶᠢᠯᠠᠯ ᠤᠨ ᠪᠠᠷᠢᠮᠵᠢᠶ᠎ᠠ ᠲᠣᠭᠲᠠᠭᠠᠬᠤ ᠵᠠᠷᠴᠢᠮ ᠤᠨ ᠱᠠᠭᠠᠷᠳᠠᠯᠭ᠎ᠠ ᠶᠢ ᠲᠣᠳᠣᠷᠬᠠᠶᠢᠯᠠᠵᠤ᠂ ᠨᠢᠭᠤᠴᠠ ᠶᠢ ᠬᠠᠮᠠᠭᠠᠯᠠᠬᠤ ᠪᠠᠶᠢᠴᠠᠭᠠᠯᠲᠠ ᠶᠢᠨ ᠵᠦᠢᠯᠡᠰ ᠤᠨ ᠬᠡᠪᠴᠢᠶ᠎ᠡ ᠪᠠ ᠪᠠᠶᠢᠴᠠᠭᠠᠯᠲᠠ ᠶᠢᠨ ᠵᠢᠷᠤᠮᠵᠢᠯ ᠢ ᠨᠠᠷᠢᠯᠢᠬᠵᠢᠭᠤᠯᠤᠨ ᠲᠡᠭᠦᠯᠳᠡᠷᠵᠢᠭᠦᠯᠦᠨ᠎ᠡ᠃ ᠨᠢᠭᠤᠴᠠ ᠶᠢᠨ ᠳᠡᠰ ᠤᠨ ᠬᠢᠨᠠᠨ ᠲᠣᠭᠲᠠᠭᠠᠬᠤ ᠳᠦᠷᠢᠮ ᠢ ᠲᠡᠭᠦᠯᠳᠡᠷᠵᠢᠭᠦᠯᠵᠦ᠂ ᠱᠠᠲᠤ ᠬᠤᠪᠢᠶᠠᠨ ᠬᠦᠯᠢᠶᠡᠨ ᠠᠪᠴᠤ ᠰᠢᠢᠳᠪᠦᠷᠢᠯᠡᠬᠦ ᠲᠣᠭᠲᠠᠴᠠ ᠶᠢ ᠲᠣᠳᠣᠷᠬᠠᠶᠢᠯᠠᠬᠤ ᠬᠡᠷᠡᠭᠲᠡᠢ᠃ ᠨᠢᠭᠤᠴᠠ ᠶᠢ ᠬᠠᠮᠠᠭᠠᠯᠠᠬᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠨ ᠪᠤᠰᠤᠳ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠵᠣᠬᠢᠴᠠᠯᠳᠤᠨ ᠬᠠᠮᠵᠢᠯᠴᠠᠬᠤ᠂ ᠪᠠᠶᠢᠳᠠᠯ ᠢᠶᠠᠨ ᠨᠡᠪᠲᠡᠷᠡᠭᠦᠯᠬᠦ ᠵᠡᠷᠭᠡ ᠳᠦᠷᠢᠮ ᠢ ᠲᠣᠳᠣᠷᠬᠠᠶᠢᠯᠠᠨ᠎ᠠ᠃
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号