ᠳᠥᠷᠥᠯᠵᠢ ᠪᠠᠯᠭᠠᠰᠤ ᠦᠶᠡᠷ ᠢ ᠰᠡᠷᠭᠡᠶᠢᠯᠡᠵᠦ ᠠᠶᠤᠯ ᠠᠴᠠ ᠠᠪᠤᠷᠠᠬᠤ ᠠᠵᠢᠯ ᠢ ᠡᠮᠬᠢ ᠵᠢᠷᠤᠮ ᠲᠠᠢ ᠥᠷᠨᠢᠭᠦᠯᠪᠡ
ᠨᠡᠶᠢᠲᠡᠯᠡᠭᠰᠡᠨ ᠴᠠᠭ᠄
2024/7/24
   ᠣᠳᠣᠬᠠᠨ ᠳᠤ ᠶᠠᠭ ︽ᠳᠣᠯᠣᠭᠠᠨ ᠰᠠᠷ᠎ᠠ ᠶᠢᠨ ᠰᠡᠭᠦᠯᠴᠢ᠂ ᠨᠠᠢᠮᠠᠨ ᠰᠠᠷ᠎ᠠ ᠶᠢᠨ ᠡᠬᠢᠨ︾ ᠤ ᠦᠶᠡᠷ ᠢ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭᠠᠨ ᠳᠤ ᠪᠠᠶᠢᠵᠤ᠂ ᠳᠥᠷᠥᠯᠵᠢ ᠪᠠᠯᠭᠠᠰᠤ ᠪᠣᠷᠣᠭᠠᠨ ᠤᠷᠤᠭᠰᠠᠨ ᠠᠴᠠ ᠪᠣᠯᠵᠤ ᠤᠰᠤᠲᠤᠯ᠂ ᠵᠠᠮ ᠲᠠᠰᠤᠯᠳᠠᠵᠤ᠂ ᠣᠯᠠᠨ ᠲᠦᠮᠡᠨ ᠤ ᠠᠮᠢᠳᠤᠷᠠᠯ ᠠᠳᠠᠯᠢ ᠪᠤᠰᠤ ᠬᠡᠮᠵᠢᠶ᠎ᠡ ᠪᠠᠷ ᠨᠥᠯᠥᠭᠡᠯᠡᠭᠳᠡᠵᠦ᠂ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠪᠠᠶᠢᠳᠠᠯ ᠬᠦᠨᠳᠦ ᠨᠣᠴᠢᠲᠠᠢ ᠪᠠᠶᠢᠨ᠎ᠠ᠃ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠡᠷᠡᠰ ᠬᠠᠮᠠᠭᠠᠯᠠᠬᠤ ᠶᠢᠨ ᠲᠥᠯᠥᠭᠡ᠂ ᠳᠥᠷᠥᠯᠵᠢ ᠪᠠᠯᠭᠠᠰᠤ ᠳᠠᠷᠦ᠋ᠢᠬᠠᠨ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠡᠬᠢᠯᠡᠭᠦᠯᠵᠦ᠂ ᠡᠯ᠎ᠡ ᠪᠠᠴᠢᠮ ᠪᠠᠶᠢᠳᠠᠯ ᠢ ᠠᠷᠭᠠᠴᠠᠵᠤ ᠦᠶᠡᠷ ᠢ ᠰᠡᠷᠭᠡᠶᠢᠯᠡᠵᠦ ᠠᠪᠤᠷᠠᠨ ᠲᠤᠰᠠᠯᠠᠬᠤ ᠡᠩᠨᠡᠭᠡ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠤᠬᠠᠮᠰᠠᠷ ᠠᠴᠠ ᠪᠠᠨ ᠦᠶᠡᠷ ᠢ ᠰᠡᠷᠭᠡᠶᠢᠯᠡᠬᠦ ᠲᠤᠬᠠᠢ ᠶᠢᠨ ᠲᠠᠯᠠᠪᠠᠢ ᠳᠤ ᠳᠠᠭᠠᠷᠢᠨ ᠣᠷᠣᠵᠤ᠂ ᠥᠷᠭᠡᠨ ᠣᠯᠠᠨ ᠲᠦᠮᠡᠨ ᠲᠠᠢ ᠬᠦᠴᠢᠷ ᠪᠡᠷᠬᠡᠰᠢᠶᠡᠯ ᠢ ᠬᠠᠮᠲᠤᠪᠠᠷ ᠲᠤᠭᠤᠯᠪᠠ᠃    ᠨᠠᠮ ᠵᠠᠰᠠᠭ ᠤᠨ ︽ᠨᠢᠭᠡᠳᠦᠭᠡᠷ ᠭᠠᠷ︾ ᠵᠢᠴᠢ ᠨᠠᠮ ᠤᠨ ᠭᠡᠰᠢᠭᠦᠨ ᠺᠠᠳ᠋ᠷ ᠲᠦᠷᠦᠭᠦᠯᠡᠨ ᠠᠭᠤᠯᠠ ᠶᠢ ᠲᠦᠰᠢᠬᠦ᠂ ᠱᠤᠸᠠᠩ ᠶᠢᠨ ᠵᠡᠷᠭᠡ ᠦᠶᠡᠷ ᠤᠨ ᠤᠰᠤ ᠨᠡᠯᠢᠶᠡᠳ ᠬᠦᠨᠳᠦ ᠨᠣᠴᠢᠲᠠᠢ ᠭᠠᠴᠠᠭ᠎ᠠ ᠶᠢᠨ ᠭᠤᠣᠯ ᠵᠠᠮ᠂ ᠭᠤᠣᠯ ᠮᠥᠷᠡᠨ᠂ ᠲᠠᠷᠢᠶᠠᠨ ᠭᠠᠵᠠᠷ ᠲᠤ ᠭᠦᠨᠵᠡᠭᠡᠶᠢᠷᠡᠨ ᠭᠠᠮᠰᠢᠭ ᠤᠨ ᠪᠠᠶᠢᠳᠠᠯ ᠢ ᠪᠠᠶᠢᠴᠠᠭᠠᠨ ᠦᠵᠡᠭᠰᠡᠨ ᠪᠥᠭᠡᠳ ᠦᠶᠡᠷ ᠢ ᠰᠡᠷᠭᠡᠶᠢᠯᠡᠵᠦ ᠠᠶᠤᠯ ᠠᠴᠠ ᠠᠪᠤᠷᠠᠬᠤ ᠵᠢᠴᠢ ᠵᠠᠮ ᠤᠨ ᠬᠡᠰᠡᠭ ᠢ ᠴᠡᠭᠴᠡᠯᠡᠨ ᠵᠠᠰᠠᠬᠤ ᠠᠵᠢᠯ ᠢ ᠦᠳᠲᠡᠷ ᠲᠦᠷᠭᠡᠨ ᠥᠷᠨᠢᠭᠦᠯᠪᠡ᠃ ᠠᠵᠢᠯ ᠤᠨ ᠶᠠᠪᠤᠴᠠ ᠳᠤ᠂ ᠦ᠋ ᠹᠦ᠋ ᠬᠦᠢ ᠨᠥᠬᠦᠷ ᠬᠠᠷᠢᠶ᠎ᠠ ᠣᠷᠣᠨ ᠤ ᠦᠶᠡᠷ ᠢ ᠰᠡᠷᠭᠡᠶᠢᠯᠡᠬᠦ ᠡᠳ᠋ ᠪᠣᠳᠠᠰ ᠤᠨ ᠨᠥᠭᠡᠴᠡᠯᠡᠯᠲᠡ ᠶᠢᠨ ᠪᠠᠶᠢᠳᠠᠯ ᠵᠢᠴᠢ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡ ᠶᠢᠨ ᠵᠢᠵᠢᠭᠦᠷᠯᠡᠨ ᠰᠠᠬᠢᠵᠤ ᠪᠠᠶᠢᠭ᠎ᠠ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠭᠠᠮᠰᠢᠭ ᠤᠨ ᠪᠠᠶᠢᠳᠠᠯ ᠠᠶᠤᠯᠲᠠᠢ ᠣᠷᠣᠨ ᠳᠤ ᠭᠦᠨᠵᠡᠭᠡᠶᠢᠷᠡᠨ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠢ ᠪᠠᠶᠢᠴᠠᠭᠠᠨ ᠵᠢᠯᠣᠭᠤᠳᠪᠠ᠃    ᠦ᠋ ᠹᠦ᠋ ᠬᠦᠢ ᠴᠢᠬᠤᠯᠠᠴᠢᠯᠠᠭᠰᠠᠨ ᠨᠢ᠂ ᠨᠢᠭᠡ ᠳᠤ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠢ᠃ ᠪᠤᠢ ᠪᠦᠬᠦᠢ ᠬᠥᠮᠦᠰ ᠳᠠᠶᠢᠨ ᠳᠤ ᠪᠡᠯᠡᠳᠬᠡᠬᠦ ᠪᠠᠶᠢᠳᠠᠯ ᠳᠤ ᠣᠷᠣᠵᠤ᠂ 24 ᠴᠠᠭ ᠢᠶᠠᠷ ᠵᠢᠵᠢᠭᠦᠷᠯᠡᠬᠦ ᠳᠦᠷᠢᠮ ᠢ ᠬᠡᠷᠡᠭᠵᠢᠭᠦᠯᠦᠨ᠂ ᠬᠡᠰᠡᠭ ᠢ ᠳᠠᠭᠠᠭᠠᠴᠢᠯᠠᠭᠰᠠᠨ ᠤᠳᠤᠷᠢᠳᠤᠯᠭ᠎ᠠ ᠪᠠ ᠭᠠᠴᠠᠭᠠᠨ ᠤ ︽ᠬᠤᠶᠠᠷ ᠵᠥᠪᠯᠡᠯ︾ ᠦᠶᠡᠷ ᠢ ᠰᠡᠷᠭᠡᠶᠢᠯᠡᠬᠦ ᠨᠢᠭᠡᠳᠦᠭᠡᠷ ᠹᠷᠣᠨᠲ ᠢ ᠪᠠᠲᠤ ᠰᠠᠬᠢᠬᠤ ᠶᠢᠨ ᠬᠠᠮᠲᠤ ᠡᠯ᠎ᠡ ᠭᠠᠴᠠᠭ᠎ᠠ ︵ᠨᠡᠶᠢᠭᠡᠮ ᠲᠣᠭᠤᠷᠢᠭ︶ ᠤ ᠦᠶᠡᠷ ᠢ ᠰᠡᠷᠭᠡᠶᠢᠯᠡᠬᠦ ᠡᠩᠨᠡᠭᠡ ᠶᠢᠨ ᠪᠠᠶᠢᠭᠤᠯᠤᠯᠲᠠ ᠪᠠ ᠡᠳ᠋ ᠪᠣᠳᠠᠰ ᠤᠨ ᠪᠡᠯᠡᠳᠬᠡᠯ ᠠᠵᠢᠯ ᠢ ᠳᠠᠬᠢᠨ ᠪᠠᠶᠢᠷᠢᠯᠠᠭᠤᠯᠵᠤ᠂ ᠦᠶᠡᠷ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠬᠤ ᠤᠰᠤ ᠵᠠᠯᠠᠬᠤ ᠲᠡᠷᠭᠡ᠂ ᠠᠪᠤᠷᠠᠯᠲᠠ ᠶᠢᠨ ᠬᠤᠪᠴᠠᠰᠤ ᠵᠡᠷᠭᠡ ᠭᠤᠣᠯᠳᠠᠯᠭ᠎ᠠ ᠲᠠᠢ ᠡᠳ᠋ ᠪᠣᠳᠠᠰ ᠤᠨ ᠨᠥᠭᠡᠴᠡᠯᠡᠯᠲᠡ ᠶᠢ ᠴᠢᠩᠭᠠᠳᠬᠠᠨ᠂ ᠡᠯ᠎ᠡ ᠲᠥᠷᠥᠯ ᠤᠨ ᠡᠳ᠋ ᠪᠣᠳᠠᠰ ᠤᠨ ᠵᠠᠩᠭᠢᠯᠠᠭ᠎ᠠ ᠶᠢᠨ ᠦᠶ᠎ᠡ ᠳᠤ ᠬᠡᠷᠡᠭᠯᠡᠵᠦ ᠳᠡᠶᠢᠯᠬᠦ᠂ ᠬᠡᠷᠡᠭᠯᠡᠵᠦ ᠳᠡᠶᠢᠯᠬᠦ ᠶᠢ ᠦᠨᠡᠨᠬᠦ ᠪᠠᠲᠤᠯᠠᠪᠠ᠃ ᠬᠤᠶᠠᠷ ᠲᠤ᠂ ᠰᠠᠨᠠᠭᠠᠴᠢᠯᠠᠭ᠎ᠠ ᠠᠴᠠ ᠪᠠᠨ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠵᠤ᠂ ᠪᠦᠬᠦ ᠬᠦᠴᠦᠨ ᠢᠶᠠᠷ ᠢᠶᠠᠨ ᠠᠶᠤᠯ ᠠᠴᠠ ᠠᠪᠤᠷᠠᠨ᠎ᠠ᠃ ᠬᠡᠰᠡᠭ ᠳᠠᠭᠠᠭᠠᠴᠢᠯᠠᠭᠰᠠᠨ ᠤᠳᠤᠷᠢᠳᠤᠯᠭ᠎ᠠ᠂ ᠭᠠᠴᠠᠭ᠎ᠠ ︵ᠨᠡᠶᠢᠭᠡᠮ ᠲᠣᠭᠤᠷᠢᠭ︶ ᠤ ︽ᠬᠤᠶᠠᠷ ᠵᠥᠪᠯᠡᠯ︾ ᠤᠨ ᠪᠦᠷᠢᠯᠳᠦᠬᠦᠨ᠂ ᠰᠦᠯᠵᠢᠶᠡᠨ ᠤ ᠠᠵᠢᠯᠲᠠᠨ ᠵᠢᠴᠢ ᠰᠠᠶᠢᠨ ᠳᠤᠷ᠎ᠠ ᠶᠢᠨ ᠠᠵᠢᠯᠯᠠᠭᠴᠢ ᠶᠢᠨ ︽ᠪᠦᠬᠦᠨ ᠢ ᠬᠠᠮᠤᠷᠬᠤ︾ ᠠᠷᠭ᠎ᠠ ᠮᠠᠶ᠋ᠢᠭ ᠢ ᠠᠪᠴᠤ᠂ ᠴᠠᠭ ᠠᠭᠤᠷ ᠢ ᠰᠠᠶᠢᠲᠤᠷ ᠠᠰᠢᠭᠯᠠᠨ ᠴᠣᠩᠬᠤᠨ ᠤ ᠬᠤᠭᠤᠴᠠᠭ᠎ᠠ ᠪᠣᠯᠭᠠᠨ ᠬᠤᠪᠢᠷᠠᠭᠤᠯᠵᠤ᠂ ᠬᠠᠷᠢᠶ᠎ᠠ ᠣᠷᠣᠨ ᠤ ᠤᠰᠤ ᠥᠩᠭᠡᠷᠡᠬᠦ ᠵᠠᠮ᠂ ᠬᠤᠲᠣᠭᠤᠷ ᠭᠠᠵᠠᠷ ᠣᠷᠣᠨ᠂ ᠭᠤᠣᠯ ᠤᠨ ᠵᠠᠮ ᠵᠡᠷᠭᠡ ᠭᠤᠣᠯᠳᠠᠯᠭ᠎ᠠ ᠲᠠᠢ ᠣᠷᠣᠨ ᠪᠦᠰᠡ ᠳᠤ ᠠᠮᠤᠷ ᠲᠦᠪᠰᠢᠨ ᠤ ᠳᠠᠯᠳᠠ ᠭᠡᠮ ᠢ ᠵᠢᠭᠰᠠᠭᠠᠨ ᠪᠠᠶᠢᠴᠠᠭᠠᠬᠤ ᠶᠢᠨ ᠬᠠᠮᠲᠤ᠂ ᠭᠤᠤ ᠰᠤᠪᠠᠭ᠂ ᠭᠤᠣᠯ ᠤᠨ ᠵᠠᠮ ᠳᠣᠲᠣᠷᠠᠬᠢ ᠯᠠᠭ ᠰᠢᠪᠠᠷ᠂ ᠪᠤᠵᠠᠷ ᠡᠪᠡᠰᠦ ᠬᠤᠪᠠᠭ᠋ᠠᠶᠢᠷᠠᠭᠰᠠᠨ ᠮᠣᠳᠣᠨ ᠤ ᠰᠠᠯᠠᠭ᠎ᠠ ᠵᠡᠷᠭᠡ ᠶᠢ ᠪᠦᠬᠦ ᠲᠠᠯ᠎ᠠ ᠪᠠᠷ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠭᠤᠣᠯ ᠤᠨ ᠵᠠᠮ ᠤᠨ ᠲᠦᠭᠵᠢᠷᠡᠯ ᠠᠴᠠ ᠵᠠᠶᠢᠯᠠᠰᠬᠢᠵᠦ᠂ ᠡᠭᠦᠰᠦᠮᠡᠯ ᠭᠠᠮᠰᠢᠭ ᠢ ᠰᠡᠷᠭᠡᠶᠢᠯᠡᠬᠦ ᠬᠡᠷᠡᠭᠲᠡᠢ᠃ ᠡᠭᠦᠨ ᠤ ᠬᠠᠮᠲᠤ᠂ ᠡᠪᠳᠡᠭᠳᠡᠭᠰᠡᠨ ᠵᠠᠮ ᠢ ᠲᠦᠷᠭᠡᠪᠴᠢᠯᠡᠨ ᠵᠠᠰᠠᠵᠤ᠂ ᠬᠡᠪ ᠤᠨ ᠠᠮᠢᠳᠤᠷᠠᠯ ᠤᠨ ᠡᠮᠬᠢ ᠵᠢᠷᠤᠮ ᠢ ᠲᠦᠷᠭᠡᠬᠡᠨ ᠰᠡᠷᠭᠦᠭᠡᠨ᠎ᠡ᠃ ᠭᠤᠷᠪᠠ ᠳᠤ᠂ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠣᠯᠠᠨ ᠲᠦᠮᠡᠨ ᠤ ᠦᠶᠡᠷ ᠢ ᠰᠡᠷᠭᠡᠶᠢᠯᠡᠬᠦ ᠤᠬᠠᠮᠰᠠᠷ ᠢ ᠳᠡᠭᠡᠭᠰᠢᠯᠡᠭᠦᠯᠦᠨ᠎ᠡ᠃ ᠸᠢᠴᠠᠲ ᠤᠨ ᠴᠤᠭᠯᠠᠷᠠᠯ᠂ ︽ᠲᠣᠰᠬᠤᠨ ᠪᠣᠯᠭᠠᠨ ᠳᠤ ᠳᠠᠭᠤᠷᠢᠰᠬᠤ︾ ᠪᠦᠷᠢᠶ᠎ᠡ ᠷᠠᠳᠢᠣ᠋ ᠨᠡᠪᠲᠡᠷᠡᠭᠦᠯᠭᠡ ᠶᠢᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠦᠶᠡᠷ ᠤᠨ ᠪᠠᠶᠢᠳᠠᠯ ᠢ ᠴᠠᠭ ᠲᠤᠬᠠᠢ ᠳᠤᠨᠢ ᠨᠡᠪᠲᠡᠷᠡᠭᠦᠯᠵᠦ᠂ ᠣᠯᠠᠨ ᠲᠦᠮᠡᠨ ᠳᠤ ᠦᠶᠡᠷ ᠤᠨ ᠪᠠᠶᠢᠳᠠᠯ ᠢ ᠲᠡᠷᠡ ᠳᠠᠷᠤᠢ ᠳᠤᠨᠢ ᠡᠵᠡᠮᠰᠢᠭᠦᠯᠵᠦ᠂ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠪᠠ ᠦᠶᠡᠷ ᠢ ᠰᠡᠷᠭᠡᠶᠢᠯᠡᠬᠦ ᠮᠡᠳᠡᠯᠭᠡ ᠶᠢ ᠴᠠᠭ ᠲᠤᠬᠠᠢ ᠳᠤᠨᠢ ᠤᠯᠠᠮᠵᠢᠯᠠᠵᠤ᠂ ᠣᠯᠠᠨ ᠲᠦᠮᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ ᠳᠡᠭᠡᠭᠰᠢᠯᠡᠭᠦᠯᠦᠨ᠂ ᠲᠤᠰ ᠪᠡᠶ᠎ᠡ ᠶᠢᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠬᠠᠮᠰᠠᠷ ᠢᠶᠠᠨ ᠳᠡᠭᠡᠭᠰᠢᠯᠡᠭᠦᠯᠵᠦ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠰᠡᠷᠭᠡᠶᠢᠯᠡᠬᠦ ᠳᠠᠶᠢᠨ ᠤ ᠦᠶᠡᠷ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠪᠠᠶᠢᠷᠢᠰᠢᠯ ᠢ ᠬᠦᠴᠦᠯᠡᠨ ᠪᠠᠶᠢᠭᠤᠯᠬᠤ  ᠪᠠᠶᠢᠯᠭᠠᠨ᠎ᠠ᠃   
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号