ᠭᠤᠣᠯ ᠤᠨ ᠪᠠᠶᠢᠰᠢᠩ ᠪᠠᠯᠭᠠᠰᠤ ︽2024 ᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠥᠷᠲᠡᠭᠡ ᠳᠤ ᠰᠠᠭᠤᠬᠤ ᠵᠢᠯᠣᠭᠤᠳᠣᠯᠭ᠎ᠠ︾ ᠶᠢᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/24
   7 ᠰᠠᠷ᠎ᠠ ᠶᠢᠨ 24 ᠤ ᠡᠳᠦᠷ᠂ ᠭᠤᠣᠯ ᠤᠨ ᠪᠠᠶᠢᠰᠢᠩ ᠪᠠᠯᠭᠠᠰᠤ ︽2024 ᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠥᠷᠲᠡᠭᠡ ᠶᠢᠨ ᠵᠢᠯᠣᠭᠤᠳᠣᠯᠭ᠎ᠠ︾ ᠶᠢᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠳ᠋ᠠᠢ ᠶᠢᠨ ᠹᠧᠩ ᠡᠷᠬᠢᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠪᠠᠨ ᠭᠡᠷ ᠤᠨ ᠠᠵᠢᠯᠲᠠᠨ᠂ ᠡᠯ᠎ᠡ ᠭᠠᠴᠠᠭᠠᠨ ᠤ ᠨᠢᠭᠡᠳᠦᠭᠡᠷ ᠱᠦᠵᠢ ᠬᠤᠷᠠᠯ ᠳᠤ ᠣᠷᠣᠯᠴᠠᠪᠠ᠃    ᠬᠤᠷᠠᠯ ᠳᠡᠭᠡᠷ᠎ᠡ᠂ ︽2024 ᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠥᠷᠲᠡᠭᠡ ᠳᠤ ᠰᠠᠭᠤᠵᠤ ᠵᠢᠯᠣᠭᠤᠳᠬᠤ ᠠᠵᠢᠯ ᠢ ᠥᠷᠨᠢᠭᠦᠯᠬᠦ ᠲᠤᠬᠠᠢ ᠮᠡᠳᠡᠭᠳᠡᠯ︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠬᠤ ᠶᠢᠨ ᠬᠠᠮᠲᠤ 2024 ᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠵᠤ ᠠᠬᠢᠭᠤᠯᠬᠤ ᠠᠵᠢᠯ ᠢ ᠳᠠᠬᠢᠨ ᠲᠣᠬᠢᠷᠠᠭᠤᠯᠵᠤ᠂ ᠳᠠᠬᠢᠨ ᠪᠠᠶᠢᠷᠢᠯᠠᠭᠤᠯᠪᠠ᠃    ᠬᠤᠷᠠᠯ ᠠᠴᠠ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠪᠣᠯ ᠡᠷᠬᠡᠪᠰᠢ ᠰᠠᠶᠢᠲᠤᠷ ᠠᠳᠬᠤᠬᠤ ᠤᠯᠤᠰ ᠲᠥᠷᠥ ᠶᠢᠨ ᠡᠭᠦᠷᠭᠡ ᠪᠣᠯᠤᠨ᠎ᠠ᠂ ᠪᠦᠬᠦ ᠪᠠᠯᠭᠠᠰᠤ ᠪᠠᠷ ᠢᠶᠠᠨ ᠡᠨᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠯᠤᠰ ᠲᠥᠷᠥ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠪᠠᠨ ᠰᠢᠯᠢᠳᠡᠭᠵᠢᠭᠦᠯᠵᠦ᠂ ᠡᠯ᠎ᠡ ᠭᠠᠴᠠᠭ᠎ᠠ ᠶᠢᠨ ᠬᠢᠨ ᠴᠠᠭ ᠲᠤᠬᠠᠢ ᠳᠤᠨᠢ ᠳᠤᠲᠠᠭᠳᠠᠯ ᠢ ᠨᠢ ᠪᠠᠶᠢᠴᠠᠭᠠᠨ ᠨᠥᠬᠦᠪᠥᠷᠢᠯᠡᠵᠦ᠂ ᠮᠠᠲ᠋ᠧᠷᠢᠶᠠᠯ ᠤᠨ ᠠᠭᠤᠯᠭ᠎ᠠ ᠶᠢ ᠲᠡᠭᠦᠯᠳᠡᠷᠵᠢᠭᠦᠯᠬᠦ᠂ ᠲᠤᠭ᠎ᠠ ᠪᠠᠷᠢᠮᠲᠠ ᠨᠢ ᠣᠨᠣᠪᠴᠢᠲᠠᠢ᠂ ᠭᠡᠷᠡᠴᠢᠯᠡᠯ ᠨᠢ ᠪᠦᠷᠢᠨ ᠭᠦᠢᠴᠡᠳ ᠪᠠᠶᠢᠬᠤ ᠶᠢ ᠦᠨᠡᠨᠬᠦ ᠪᠡᠶᠡᠯᠡᠭᠦᠯᠵᠦ᠂ ᠪᠦᠬᠦ ᠪᠠᠯᠭᠠᠰᠤ ᠪᠠᠷ ᠢᠶᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号