ᠬᠤᠰᠢᠭᠤᠨ ᠤ ᠨᠠᠮ ᠤᠨ ᠬᠤᠷᠢᠶᠠᠨ ᠤ ᠱᠦᠵᠢ ᠼᠠᠢ ᠪᠦᠦ ᠵᠢᠶᠦ᠋ᠨ ᠪᠠᠶᠠᠨᠨᠠᠭᠤᠷ ᠰᠤᠮᠤ ᠳᠤ ᠭᠦᠨᠵᠡᠭᠡᠶᠢᠷᠡᠨ ᠪᠠᠶᠢᠴᠠᠭᠠᠨ ᠵᠢᠯᠣᠭᠤᠳᠪᠠ
ᠨᠡᠶᠢᠲᠡᠯᠡᠭᠰᠡᠨ ᠴᠠᠭ᠄
2024/7/24
   7 ᠰᠠᠷ᠎ᠠ ᠶᠢᠨ 22 ᠤᠨ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠼᠠᠢ ᠪᠦᠦ ᠵᠢᠶᠦ᠋ᠨ ᠨᠠᠮ ᠤᠨ ᠪᠠᠶᠢᠭᠤᠯᠤᠯᠲᠠ ᠶᠢᠨ ᠬᠠᠷᠢᠯᠴᠠᠬᠤ ᠴᠡᠭ ᠪᠣᠯᠬᠤ ᠪᠠᠶᠠᠨᠨᠠᠭᠤᠷ ᠰᠤᠮᠤ ᠶᠢᠨ ᠪᠠᠶᠠᠨᠲᠠᠯ᠎ᠠ ᠭᠠᠴᠠᠭ᠎ᠠ ᠳᠤ ᠭᠦᠨᠵᠡᠭᠡᠶᠢᠷᠡᠨ ᠪᠠᠶᠢᠴᠠᠭᠠᠨ ᠵᠢᠯᠣᠭᠤᠳᠪᠠ᠃ ᠰᠤᠮᠤᠨ ᠤ ᠨᠠᠮ ᠤᠨ ᠬᠤᠷᠢᠶᠠᠨ ᠤ ᠳᠡᠳ᠋ ᠱᠦᠵᠢ᠂ ᠰᠤᠮᠤᠨ ᠳᠠᠷᠤᠭ᠎ᠠ ᠪᠦᠦ ᠴᠧᠩ ᠵᠢᠴᠢ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠷ᠎ᠠ ᠪᠣᠯᠪᠠ᠃    ᠼᠠᠢ ᠪᠦᠦ ᠵᠢᠶᠦ᠋ᠨ ᠱᠦᠵᠢ ᠪᠠᠶᠠᠨᠲᠠᠯ᠎ᠠ ᠭᠠᠴᠠᠭᠠᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠰᠠᠨᠠᠯ ᠢᠶᠠᠨ ᠰᠣᠯᠢᠯᠴᠠᠬᠤ᠂ ᠲᠤᠬᠠᠢ ᠶᠢᠨ ᠲᠠᠯᠠᠪᠤᠷ ᠲᠤ ᠯᠠᠪᠯᠠᠨ ᠠᠰᠠᠭᠤᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠂ ᠭᠠᠴᠠᠭᠠᠨ ᠤ ᠬᠠᠮᠲᠤ ᠶᠢᠨ ᠠᠵᠤ ᠠᠬᠤᠢ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ᠂ ᠦᠶᠡᠷ ᠢ ᠰᠡᠷᠭᠡᠶᠢᠯᠡᠬᠦ ᠠᠵᠢᠯ ᠤᠨ ᠲᠣᠬᠢᠷᠠᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠭᠰᠠᠨ ᠪᠥᠭᠡᠳ ᠳᠠᠷᠠᠭᠠᠴᠢ ᠶᠢᠨ ᠠᠯᠬᠤᠮ ᠤᠨ ᠠᠵᠢᠯ ᠤᠨ ᠲᠤᠬᠠᠢ ᠦᠨᠡᠨ ᠬᠦ ᠬᠡᠷᠡᠭᠵᠢᠭᠦᠯᠵᠦ ᠪᠣᠯᠬᠤᠶᠢᠴᠠ ᠰᠠᠨᠠᠯ ᠰᠠᠨᠠᠭᠤᠯᠭ᠎ᠠ ᠳᠤᠷᠠᠳᠪᠠ᠃    ᠼᠠᠢ ᠪᠦᠦ ᠵᠢᠶᠦ᠋ᠨ ᠱᠦᠵᠢ᠂ ᠣᠳᠣᠬᠠᠨ ᠳᠤ ᠨᠢᠭᠡᠨᠲᠡ ᠭᠤᠣᠯ ᠦᠶᠡᠷ ᠤᠨ ᠬᠤᠭᠤᠴᠠᠭᠠᠨ ᠳᠤ ᠣᠷᠣᠪᠠ᠂ ᠦᠶᠡᠷ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠨ ᠰᠠᠬᠢᠬᠤ ᠠᠵᠢᠯ ᠢ ᠰᠠᠶᠢᠲᠤᠷ ᠬᠢᠵᠦ᠂ 24 ᠴᠠᠭ ᠢᠶᠠᠷ ᠵᠢᠵᠢᠭᠦᠷᠯᠡᠬᠦ ᠪᠠ ᠤᠳᠤᠷᠢᠳᠤᠯᠭ᠎ᠠ ᠳᠠᠭᠠᠭᠤᠯᠤᠨ ᠵᠢᠵᠢᠭᠦᠷᠯᠡᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠭᠡᠨᠡᠳᠲᠡ ᠶᠢᠨ ᠠᠶᠤᠯ ᠡᠭᠦᠰᠬᠦ ᠦᠶ᠎ᠡ ᠳᠤ ᠲᠡᠷᠡ ᠳᠠᠷᠤᠢ ᠳᠤᠨᠢ ᠲᠤᠰᠬᠠᠬᠤ ᠶᠢ ᠦᠨᠡᠨ ᠬᠦ ᠪᠠᠲᠤᠯᠠᠬᠤ ᠬᠡᠷᠡᠭᠲᠡᠢ︔ ᠦᠶᠡᠷ ᠢ ᠰᠡᠷᠭᠡᠶᠢᠯᠡᠬᠦ ᠡᠳ᠋ ᠪᠣᠳᠠᠰ ᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠵᠤ᠂ ᠠᠶᠤᠯ ᠡᠭᠦᠰᠬᠦ ᠦᠶ᠎ᠡ ᠳᠤ ᠦᠳᠲᠡᠷ ᠲᠦᠷᠭᠡᠨ ᠠᠰᠢᠭᠯᠠᠯᠲᠠ ᠳᠤ ᠣᠷᠣᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ︔ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠲᠣᠭᠤᠷᠢᠨ ᠪᠠᠶᠢᠴᠠᠭᠠᠵᠤ ᠰᠡᠷᠭᠡᠶᠢᠯᠡᠬᠦ ᠶᠢ ᠴᠢᠩᠭᠠᠳᠬᠠᠬᠤ ᠬᠡᠷᠡᠭᠲᠡᠢ︔ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠥᠷᠭᠡᠨ ᠣᠯᠠᠨ ᠨᠠᠮ ᠤᠨ ᠭᠡᠰᠢᠭᠦᠨ ᠬᠠᠷᠢᠭᠤᠴᠠᠯᠭ᠎ᠠ ᠡᠭᠦᠷᠭᠡᠯᠡᠯ ᠢᠶᠠᠨ ᠢᠳᠡᠪᠬᠢᠲᠡᠢ ᠦᠢᠯᠡᠳᠦᠯᠭᠡᠵᠢᠭᠦᠯᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠦᠨᠡᠨ ᠬᠦ ᠰᠠᠶᠢᠲᠤᠷ ᠠᠳᠬᠤᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠵᠣᠬᠢᠶᠠᠨ ᠪᠠᠶᠢᠭᠤᠯᠬᠤ ᠬᠦᠴᠦᠨ᠂ ᠨᠢᠭᠲᠠᠷᠠᠯ ᠤᠨ ᠬᠦᠴᠦᠨ ᠪᠠ ᠳᠠᠶᠢᠴᠢᠨ ᠬᠦᠴᠦᠨ ᠢ ᠦᠨᠡᠨ ᠬᠦ ᠴᠢᠩᠭᠠᠳᠬᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠮᠵᠢ ᠪᠠᠷ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠦᠨᠡᠨ ᠬᠦ ᠠᠬᠢᠭᠤᠯᠬᠤ ᠬᠡᠷᠡᠭᠲᠡᠢ ᠭᠡᠵᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号