ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠲᠤᠰᠬᠠᠢ ᠲᠠᠯᠠᠪᠠᠢ ᠰᠣᠶᠣᠯ ᠵᠢᠭᠤᠯᠴᠢᠯᠠᠯ ᠤᠨ ᠲᠠᠨᠢᠯᠴᠠᠭᠤᠯᠬᠤ ᠠᠵᠢᠯᠯᠠᠭ᠎ᠠ ᠪᠡᠭᠡᠵᠢᠩ ᠳᠤ ᠣᠷᠣᠪᠠ
ᠨᠡᠶᠢᠲᠡᠯᠡᠭᠰᠡᠨ ᠴᠠᠭ᠄
2024/7/24
    ︽ᠲᠣᠭᠯᠠᠯᠲᠠ ᠣᠨᠴᠠᠭᠠᠢ ᠭᠤᠶᠢᠳᠠ ᠰᠠᠶᠢᠬᠠᠨ᠂ ᠥᠪᠥᠷ ᠮᠣᠩᠭᠤᠯ ᠤᠨ ᠤᠷᠠᠨ ᠰᠠᠶᠢᠬᠠᠨ ᠤ ᠲᠣᠭᠯᠠᠯᠲᠠ ᠶᠢ ᠣᠶᠢᠷ᠎ᠠ ᠠᠴᠠ ᠦᠵᠡᠬᠦ ᠨᠢ ᠮᠠᠰᠢ ᠰᠡᠳᠬᠢᠯ ᠳᠣᠭᠳᠣᠯᠵᠤ ᠪᠠᠶᠢᠨ᠎ᠠ︕︾ ︽ᠡᠨᠡ ᠪᠣᠯ ᠪᠢ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠶᠢ ᠠᠩᠬ᠎ᠠ ᠤᠳᠠᠭ᠎ᠠ ᠣᠶᠢᠯᠠᠭᠠᠵᠤ ᠪᠠᠶᠢᠭ᠎ᠠ ᠶᠠᠪᠤᠳᠠᠯ ᠮᠥᠨ᠂ ᠭᠡᠷᠡᠯ ᠵᠢᠷᠤᠭ ᠢ ᠣᠯᠵᠤ ᠬᠠᠷᠠᠪᠠ᠂ ᠦᠨᠡᠬᠡᠷ ᠭᠤᠶᠣ ᠰᠠᠶᠢᠬᠠᠨ᠂ ᠣᠴᠢᠵᠤ ᠨᠠᠭᠠᠳᠬᠤ ᠰᠠᠨᠠᠭ᠎ᠠ ᠲᠠᠢ᠃ ᠪᠡᠭᠡᠵᠢᠩ - ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠣᠶᠣᠯ ᠵᠢᠭᠤᠯᠴᠢᠯᠠᠯ ᠤᠨ ᠲᠠᠨᠢᠯᠴᠠᠭᠤᠯᠭ᠎ᠠ ᠶᠢᠨ ᠲᠤᠬᠠᠢ ᠶᠢᠨ ᠲᠠᠯᠠᠪᠠᠢ ᠳᠤ᠂ ᠭᠠᠵᠠᠷ ᠣᠷᠣᠨ ᠤ ᠰᠠᠭᠤᠭᠠᠯᠢ ᠠᠷᠠᠳ ᠬᠤᠶᠢᠨ᠎ᠠ ᠬᠤᠶᠢᠨ᠎ᠠ ᠠᠴᠠ ᠪᠠᠨ ᠵᠣᠭᠰᠣᠵᠤ᠂ ᠬᠤᠷᠴᠢᠨ ᠤ ᠲᠠᠯ᠎ᠠ ᠨᠤᠲᠤᠭ ᠠᠴᠠ ᠢᠷᠡᠭᠰᠡᠨ ᠤᠳᠬ᠎ᠠ ᠤᠷᠠᠯᠢᠭ ᠤᠨ ᠪᠦᠲᠦᠭᠡᠯ ᠢ ᠰᠣᠨᠢᠷᠬᠠᠵᠤ᠂ ᠥᠪᠥᠷ ᠮᠣᠩᠭᠤᠯ ᠤᠨ ᠠᠮᠲᠠᠲᠤ ᠢᠳᠡᠭᠡᠨ ᠢ ᠠᠮᠲᠠᠯᠠᠵᠤ ᠪᠠᠶᠢᠯ᠎ᠠ᠃    ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠵᠡᠭᠦᠨ ᠪᠠᠷᠠᠭᠤᠨ ᠣᠷᠣᠨ ᠤ ᠬᠠᠮᠵᠢᠯᠴᠠᠭᠠᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠪᠣᠯᠤᠨ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠵᠢᠴᠢ ᠲᠥᠪ ᠤᠨ ᠠᠵᠤ ᠠᠬᠤᠢ ᠶᠢᠨ ᠠᠵᠢᠯ᠂ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠂ ᠬᠢᠩᠭᠠᠨ ᠠᠶᠢᠮᠠᠭ ᠤᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ︽ᠵᠢᠭᠤᠯᠴᠢᠯᠠᠯ ᠤᠨ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠶᠢᠨ ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ᠂ ᠪᠣᠳᠠᠲᠠᠢ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ᠂ 7 ᠰᠠᠷ᠎ᠠ ᠶᠢᠨ 19 ᠤ ᠡᠳᠦᠷ ᠠᠴᠠ 22 ᠤᠨ ᠡᠳᠦᠷ ᠪᠣᠯᠲᠠᠯ᠎ᠠ ︽ᠹᠧᠩ ᠴᠢᠩ ᠲᠠᠯ᠎ᠠ ᠨᠤᠲᠤᠭ ᠠᠴᠠ ᠢᠷᠡᠭᠰᠡᠨ — ᠤᠮᠠᠷᠠᠲᠤ ᠬᠢᠯᠢ ᠶᠢᠨ ᠪᠠᠲᠤᠴᠠᠭᠠᠨ ᠤ ᠨᠠᠶᠢᠷ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ︾ ᠶᠢᠨ ᠲᠤᠰᠬᠠᠢ ᠲᠠᠯᠠᠪᠤᠷ ᠲᠠᠨᠢᠯᠴᠠᠭᠤᠯᠬᠤ ᠠᠵᠢᠯᠯᠠᠭ᠎ᠠ ᠵᠢᠴᠢ ᠤᠯᠤᠰ ᠤᠨ ᠳᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠤᠨ ᠮᠣᠩᠭᠤᠯ ᠦᠨᠳᠦᠰᠦᠲᠡᠨ ᠤ ᠳᠥᠷᠪᠡᠨ ᠤᠲᠠᠰᠤᠲᠤ ᠬᠤᠭᠤᠷ ᠤᠨ ᠤᠷᠠᠨ ᠰᠠᠶᠢᠬᠠᠨ ᠤ ᠤᠷᠠᠯᠢᠭ ᠤᠨ ᠰᠣᠯᠢᠯᠴᠠᠭᠠᠨ ᠤ ᠦᠵᠡᠭᠦᠯᠦᠯᠭᠡ ᠶᠢᠨ ᠠᠵᠢᠯᠯᠠᠭ᠎ᠠ ᠪᠡᠭᠡᠵᠢᠩ ᠳᠤ ᠢᠷᠡᠵᠦ᠂ ᠲᠥᠪ ᠤᠨ ᠤᠬᠠᠭᠤᠯᠬᠤ ᠬᠡᠯᠲᠡᠰ ᠤᠨ ︽ᠬᠦᠴᠦᠷᠬᠡᠭ ᠤᠯᠤᠰ︾ ᠤᠨ ᠰᠤᠷᠤᠯᠴᠠᠬᠤ ᠲᠠᠪᠴᠠᠩ᠂ ᠪᠡᠭᠡᠵᠢᠩ ᠤᠨ ᠳᠠᠭᠠᠭᠤᠯᠢ ᠣᠳᠣᠨ ᠤ ᠦᠢᠯᠡᠳᠬᠦ ᠦᠢᠯᠡᠳᠪᠦᠷᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ᠂ ᠪᠠᠶᠠᠰᠬᠤᠯᠠᠩᠲᠤ ᠬᠥᠨᠳᠡᠢ᠂ ᠶᠤᠸᠠᠨ ᠮᠢᠩ ᠶᠤᠸᠠᠨ ᠪᠣᠭᠤᠮᠲᠠ ᠶᠢᠨ ᠪᠠᠭᠤᠷᠢ ᠶᠢᠨ ᠴᠡᠴᠡᠷᠯᠢᠭ᠂ ᠵᠢᠦᠢ ᠶᠥᠩ ᠭᠤᠸᠠᠨ ᠪᠣᠭᠤᠮᠲᠠ ᠶᠢᠨ ᠤᠷᠲᠤ ᠴᠠᠭᠠᠨ ᠬᠡᠷᠡᠮ ᠵᠡᠷᠭᠡ ᠳᠤ ᠲᠤᠰ ᠲᠤᠰ 7 ᠲᠠᠯᠠᠪᠤᠷ ᠠᠵᠢᠯᠯᠠᠭ᠎ᠠ ᠥᠷᠨᠢᠭᠦᠯᠵᠦ᠂ ᠪᠡᠭᠡᠵᠢᠩ ᠬᠤᠲᠠ ᠶᠢᠨ ᠠᠷᠠᠳ᠂ ᠵᠤᠭᠠᠴᠠᠭᠴᠢ᠂ ᠰᠣᠶᠣᠯ ᠪᠠ ᠵᠢᠭᠤᠯᠴᠢᠯᠠᠯ ᠤᠨ ᠡᠬᠢ ᠪᠠᠶᠠᠯᠢᠭ ᠵᠢᠴᠢ ᠬᠡᠷᠡᠭᠯᠡᠭᠡ ᠪᠠᠷ ᠬᠠᠪᠰᠤᠷᠤᠨ ᠲᠡᠳᠬᠦᠬᠦ ᠦᠢᠯᠡᠳᠬᠦᠨ ᠤ ᠲᠠᠨᠢᠯᠴᠠᠭᠤᠯᠭ᠎ᠠ ᠶᠢ ᠬᠦᠯᠢᠶᠡᠨ ᠠᠪᠴᠤ᠂ ᠨᠡᠶᠢᠰᠯᠡᠯ ᠤᠨ ᠠᠷᠠᠳ ᠲᠦᠮᠡᠨ ᠳᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠶᠢ ᠲᠠᠨᠢᠭᠤᠯᠪᠠ᠃    ᠲᠤᠰ ᠤᠳᠠᠭᠠᠨ ᠤ ᠠᠵᠢᠯᠯᠠᠭ᠎ᠠ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠤᠯᠠᠭᠠᠨᠮᠥ᠋ᠴᠢᠷ ᠤᠨ ᠲᠣᠭᠯᠠᠭᠴᠢᠳ ᠤᠷᠢᠳ ᠬᠤᠵᠢᠳ ᠮᠣᠩᠭᠤᠯ ᠦᠨᠳᠦᠰᠦᠲᠡᠨ ᠤ ᠳᠥᠷᠪᠡᠨ ᠤᠲᠠᠰᠤᠲᠤ ᠬᠤᠭᠤᠷ ᠤᠨ ᠬᠥᠭᠵᠢᠮ᠂ ᠤᠷᠲᠤ ᠶᠢᠨ ᠳᠠᠭᠤᠤ᠂ ᠬᠦᠮᠡᠢ᠂ ᠠᠨᠳᠠᠢ ᠪᠥᠵᠢᠭ ᠵᠡᠷᠭᠡ ᠦᠨᠳᠦᠰᠦᠲᠡᠨ ᠤ ᠣᠨᠴᠠᠯᠢᠭ ᠲᠠᠢ ᠤᠳᠬ᠎ᠠ ᠤᠷᠠᠯᠢᠭ ᠤᠨ ᠲᠣᠭᠯᠠᠯᠲᠠ ᠶᠢ ᠲᠣᠭᠯᠠᠬᠤ ᠶᠢᠨ ᠬᠠᠮᠲᠤ ᠵᠢᠭᠤᠯᠴᠢᠯᠠᠯ ᠤᠨ ᠡᠬᠢ ᠪᠠᠶᠠᠯᠢᠭ ᠢ ᠲᠠᠨᠢᠯᠴᠠᠭᠤᠯᠬᠤ᠂ ᠬᠠᠷᠢᠯᠴᠠᠨ ᠬᠥᠳᠡᠯᠦᠯᠴᠡᠵᠦ ᠱᠠᠩᠨᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠨᠡᠶᠢᠰᠯᠡᠯ ᠤᠨ ᠬᠤᠲᠠ ᠶᠢᠨ ᠠᠷᠠᠳ ᠲᠤ ︽ᠪᠠᠲᠤᠴᠠᠭᠠᠨ ᠤ ᠲᠠᠯ᠎ᠠ ᠨᠤᠲᠤᠭ ᠠᠴᠠ ᠢᠷᠡᠬᠦ︾ ᠵᠢᠭᠤᠯᠴᠢᠯᠠᠯ ᠤᠨ ᠨᠡᠷᠡᠲᠦ ᠲᠡᠮᠳᠡᠭ ᠢ ᠤᠬᠠᠭᠤᠯᠵᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠷᠢᠳᠢ ᠰᠢᠳᠢ ᠶᠢ ᠢᠯᠡᠷᠡᠭᠦᠯᠪᠡ᠃    ︽ᠬᠠᠲᠠᠭᠠᠭᠰᠠᠨ ᠪᠣᠷᠴᠠ ᠦᠨᠦᠷ ᠠᠮᠲᠠ ᠨᠢ ᠠᠮᠲᠠᠲᠠᠢ᠂ ᠴᠠᠭᠠᠨ ᠢᠳᠡᠭᠡ ᠴᠠᠭᠠᠨ ᠢᠳᠡᠭᠡ ᠪᠦᠷᠢᠨ ᠭᠦᠢᠴᠡᠳ ᠂ ᠠᠷᠢᠭᠤᠨ ᠴᠡᠪᠡᠷ᠃ ᠪᠡᠭᠡᠵᠢᠩ ᠬᠤᠲᠠ ᠶᠢᠨ ᠠᠷᠠᠳ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠠᠴᠠ ᠢᠷᠡᠭᠰᠡᠨ ᠠᠮᠲᠠᠲᠤ ᠢᠳᠡᠭᠡᠨ ᠢ ᠠᠮᠲᠠᠯᠠᠭᠰᠠᠨ ᠤ ᠳᠠᠷᠠᠭ᠎ᠠ ᠵᠠᠯᠭᠠᠭ᠎ᠠ ᠪᠠᠷ ᠮᠠᠭᠲᠠᠨ ᠰᠠᠶᠢᠰᠢᠶᠠᠪᠠ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠨᠢᠳᠦ ᠳᠦᠭᠦᠷᠡᠩ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ᠂ ᠰᠣᠶᠣᠯ ᠤᠨ ᠡᠭᠦᠳᠦᠯᠲᠡ ᠵᠢᠴᠢ ᠪᠣᠳᠠᠰ ᠤᠨ ᠪᠤᠰᠤ ᠰᠣᠶᠣᠯ ᠤᠨ ᠥᠪ ᠤᠨ ᠪᠦᠲᠦᠭᠡᠭᠳᠡᠬᠦᠨ ᠨᠢ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠰᠢᠨ᠎ᠡ ᠳᠦᠷᠰᠦ ᠪᠠᠶᠢᠳᠠᠯ ᠢ ᠪᠦᠬᠦ ᠲᠠᠯ᠎ᠠ ᠪᠠᠷ ᠢᠯᠡᠷᠡᠭᠦᠯᠵᠦ᠂ ᠣᠯᠠᠨ ᠳᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠣᠶᠣᠯ ᠤᠨ ᠷᠢᠳᠢ ᠰᠢᠳᠢ ᠶᠢ ᠮᠡᠳᠡᠷᠡᠭᠦᠯᠪᠡ᠃    ᠡᠭᠦᠨ ᠠᠴᠠ ᠭᠠᠳᠠᠨ᠎ᠠ᠂ ᠲᠥᠪ ᠤᠨ ᠤᠬᠠᠭᠤᠯᠬᠤ ᠬᠡᠯᠲᠡᠰ ᠤᠨ ᠴᠡᠭ ᠲᠣᠭᠲᠠᠭᠠᠨ ᠬᠠᠪᠰᠤᠷᠤᠨ ᠲᠡᠳᠬᠦᠬᠦ ᠭᠠᠵᠠᠷ ᠣᠷᠣᠨ ᠪᠣᠯᠤᠭᠰᠠᠨ ᠤ ᠬᠤᠪᠢ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠣᠨᠴᠠᠭᠠᠶᠢᠯᠠᠨ ᠲᠥᠪ ᠤᠨ ᠤᠬᠠᠭᠤᠯᠬᠤ ᠬᠡᠯᠲᠡᠰ ᠤᠨ ︽ᠰᠤᠷᠤᠯᠴᠠᠯᠭ᠎ᠠ ᠶᠢᠨ ᠬᠦᠴᠦᠷᠬᠡᠭ ᠤᠯᠤᠰ︾ ᠤᠨ ᠰᠤᠷᠤᠯᠴᠠᠬᠤ ᠲᠠᠪᠴᠠᠩ ᠳᠤ ᠣᠷᠣᠵᠤ᠂ ᠨᠢᠭᠡ ᠤᠳᠠᠭᠠᠨ ᠤ ᠭᠤᠶᠢᠳᠠ ᠰᠠᠶᠢᠬᠠᠨ ᠤᠷᠠᠨ ᠰᠠᠶᠢᠬᠠᠨ ᠤ ᠰᠣᠯᠢᠯᠴᠠᠭᠠᠨ ᠤ ᠲᠣᠭᠯᠠᠯᠲᠠ ᠭᠠᠷᠭᠠᠵᠤ᠂ ᠲᠥᠪ ᠤᠨ ᠤᠬᠠᠭᠤᠯᠬᠤ ᠬᠡᠯᠲᠡᠰ ᠤᠨ ᠤᠷᠲᠤ ᠬᠤᠭᠤᠴᠠᠭᠠᠨ ᠤ ᠲᠤᠷᠰᠢ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠥᠭᠵᠢᠯᠲᠡ ᠪᠦᠲᠦᠭᠡᠨ ᠪᠠᠶᠢᠭᠤᠯᠤᠯᠲᠠ ᠳᠤ ᠦᠵᠡᠭᠦᠯᠦᠭᠰᠡᠨ ᠬᠠᠪᠰᠤᠷᠤᠯᠭ᠎ᠠ ᠪᠠ ᠳᠡᠮᠵᠢᠯᠭᠡ ᠳᠤ ᠲᠠᠯᠠᠷᠬᠠᠬᠤ ᠶᠢᠨ ᠬᠠᠮᠲᠤ ᠤᠷᠢᠯᠭ᠎ᠠ ᠭᠠᠷᠭᠠᠵᠤ᠂ ᠲᠡᠳᠡᠨ ᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠬᠦᠷᠴᠦ ᠲᠣᠭᠤᠷᠢᠨ ᠦᠵᠡᠵᠦ ᠵᠤᠭᠠᠴᠠᠬᠤ ᠶᠢ ᠪᠠᠶᠠᠷᠯᠠᠨ ᠤᠭᠲᠤᠵᠤ ᠪᠠᠶᠢᠨ᠎ᠠ᠃    ᠲᠤᠰ ᠤᠳᠠᠭ᠎ᠠ ᠪᠡᠭᠡᠵᠢᠩ ᠤᠨ ᠰᠣᠶᠣᠯ ᠵᠢᠭᠤᠯᠴᠢᠯᠠᠯ ᠢ ᠤᠬᠠᠭᠤᠯᠤᠨ ᠲᠠᠨᠢᠯᠴᠠᠭᠤᠯᠬᠤ ᠠᠵᠢᠯᠯᠠᠭ᠎ᠠ ᠪᠣᠯ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠠᠩᠬ᠎ᠠ ᠤᠳᠠᠭ᠎ᠠ ᠪᠡᠭᠡᠵᠢᠩ ᠳᠤ ᠬᠦᠷᠴᠦ ᠠᠵᠢᠯᠯᠠᠭ᠎ᠠ ᠥᠷᠨᠢᠭᠦᠯᠬᠦ ᠶᠢ ᠬᠦᠰᠡᠵᠦ ᠪᠠᠶᠢᠨ᠎ᠠ᠂ ᠲᠥᠪ ᠤᠨ ᠴᠡᠭ ᠲᠣᠭᠲᠠᠭᠠᠨ ᠬᠠᠪᠰᠤᠷᠤᠨ ᠲᠡᠳᠬᠦᠬᠦ ᠪᠠ ᠵᠡᠭᠦᠨ ᠪᠠᠷᠠᠭᠤᠨ ᠬᠡᠰᠡᠭ ᠤᠨ ᠭᠠᠵᠠᠷ ᠣᠷᠣᠨ ᠤ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠳᠣᠷᠣᠨ᠎ᠠ ᠶᠢᠨ ᠰᠠᠯᠬᠢ ᠶᠢ ᠠᠰᠢᠭᠯᠠᠨ᠂ ᠪᠡᠭᠡᠵᠢᠩ ᠬᠤᠲᠠ ᠶᠢᠨ ᠠᠷᠠᠳ ᠵᠢᠴᠢ ᠵᠢᠭᠤᠯᠴᠢᠯᠠᠭᠴᠢᠳ ᠲᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ︽ᠪᠠᠲᠤᠴᠠᠭᠠᠨ ᠤ ᠲᠠᠯ᠎ᠠ ᠨᠤᠲᠤᠭ ᠠᠴᠠ ᠢᠷᠡᠭᠰᠡᠨ︾ ᠵᠢᠭᠤᠯᠴᠢᠯᠠᠯ ᠤᠨ ᠨᠡᠷᠡᠲᠦ ᠲᠡᠮᠳᠡᠭ ᠪᠠ ᠥᠪᠡᠷᠮᠢᠴᠡ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠲᠠᠨᠢᠯᠴᠠᠭᠤᠯᠵᠤ᠂ ᠬᠠᠶᠢᠳᠢᠶᠠᠨ ᠲᠣᠭᠤᠷᠢᠭ ᠤᠨ ᠰᠣᠶᠣᠯ ᠵᠢᠭᠤᠯᠴᠢᠯᠠᠯ ᠤᠨ ᠬᠠᠮᠲᠤᠷᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠠᠶᠠᠨᠴᠢᠳ ᠤᠨ ᠢᠷᠡᠯᠳᠡ ᠶᠢᠨ ᠲᠣᠭᠤᠷᠢᠨ ᠳᠤ ᠵᠠᠬ᠎ᠠ ᠳᠡᠯᠭᠡᠭᠦᠷ ᠨᠡᠭᠡᠭᠡᠨ ᠬᠥᠭᠵᠢᠭᠦᠯᠵᠦ᠂ ᠵᠢᠭᠤᠯᠴᠢᠯᠠᠯ ᠵᠡᠷᠭᠡ ᠲᠠᠯ᠎ᠠ ᠶᠢᠨ ᠬᠠᠮᠲᠤᠷᠠᠯᠴᠠᠭ᠎ᠠ ᠶᠢ ᠰᠤᠳᠤᠯᠤᠨ ᠰᠤᠷᠤᠯᠴᠠᠵᠤ᠂ ᠪᠡᠭᠡᠵᠢᠩ ᠥᠪᠥᠷ ᠮᠣᠩᠭᠤᠯ ᠬᠤᠶᠠᠷ ᠭᠠᠵᠠᠷ ᠤᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠵᠡᠢ᠃    ᠵᠠᠯᠭᠠᠭᠠᠳ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠲᠥᠪ ᠤᠨ ᠤᠬᠠᠭᠤᠯᠬᠤ ᠬᠡᠯᠲᠡᠰ᠂ ᠬᠠᠶᠢᠳᠢᠶᠠᠨ ᠲᠣᠭᠤᠷᠢᠭ ᠯᠤᠭ᠎ᠠ ᠶᠢᠨ ᠬᠠᠷᠢᠯᠴᠠᠭ᠎ᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠪᠡᠭᠡᠵᠢᠩ ᠥᠪᠥᠷ ᠮᠣᠩᠭᠤᠯ ᠬᠤᠶᠠᠷ ᠭᠠᠵᠠᠷ ᠤᠨ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠰᠣᠯᠢᠯᠴᠠᠭ᠎ᠠ ᠪᠠ ᠬᠠᠮᠲᠤᠷᠠᠯᠴᠠᠭ᠎ᠠ ᠪᠠᠨ ᠠᠬᠢᠭᠤᠯᠵᠤ᠂ ᠬᠤᠶᠠᠷ ᠭᠠᠵᠠᠷ ᠤᠨ ᠵᠢᠭᠤᠯᠴᠢᠯᠠᠯ ᠤᠨ ᠡᠬᠢ ᠪᠠᠶᠠᠯᠢᠭ ᠢᠶᠠᠨ ᠬᠠᠷᠢᠯᠴᠠᠨ ᠨᠥᠬᠦᠪᠥᠷᠢᠯᠡᠬᠦ᠂ ᠵᠠᠬ᠎ᠠ ᠳᠡᠯᠭᠡᠭᠦᠷ ᠢᠶᠠᠨ ᠬᠠᠷᠢᠯᠴᠠᠨ ᠪᠠᠶᠢᠭᠤᠯᠬᠤ᠂ ᠠᠶᠠᠨᠴᠢᠳ ᠤᠨ ᠢᠷᠡᠯᠲᠡ ᠶᠢ ᠬᠠᠷᠢᠯᠴᠠᠨ ᠬᠦᠷᠭᠡᠬᠦ᠂ ᠮᠡᠳᠡᠭᠡ ᠵᠠᠩᠭᠢ ᠪᠠᠨ ᠬᠠᠷᠢᠯᠴᠠᠨ ᠨᠡᠪᠲᠡᠷᠡᠯᠴᠡᠬᠦ᠂ ᠠᠰᠢᠭ ᠲᠤᠰᠠ ᠶᠢ ᠬᠠᠮᠲᠤ ᠪᠠᠷ ᠡᠳ᠋ᠯᠡᠬᠦ ᠶᠢ ᠪᠡᠶᠡᠯᠡᠭᠦᠯᠵᠦ᠂ ᠬᠤᠶᠠᠷ ᠭᠠᠵᠠᠷ ᠤᠨ ᠰᠣᠶᠣᠯ ᠪᠠ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号