ᠳᠤᠮᠳᠠᠳᠤ ᠤᠯᠤᠰ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠪᠠᠶᠢᠴᠠᠭᠠᠨ ᠰᠤᠳᠤᠯᠬᠤ ᠳᠤᠭᠤᠶᠢᠯᠠᠩ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/7/24
   7 ᠰᠠᠷ᠎ᠠ ᠶᠢᠨ 24 ᠤ ᠡᠳᠦᠷ᠂ ᠳᠤᠮᠳᠠᠳᠤ ᠤᠯᠤᠰ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠳᠠᠷᠤᠭ᠎ᠠ ᠰᠦᠨ ᠱᠤ ᠫᠧᠩ ᠨᠠᠷ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠭᠤᠣᠯ ᠤᠨ ᠪᠠᠶᠢᠰᠢᠩ ᠪᠠᠯᠭᠠᠰᠤᠨ ᠤ ᠭᠦᠸᠧ ᠭᠤᠸᠠᠩ ᠭᠠᠴᠠᠭ᠎ᠠ ᠳᠤ ᠭᠦᠨᠵᠡᠭᠡᠶᠢᠷᠡᠨ ︽ᠲᠦᠭᠡᠮᠡᠯ ᠬᠠᠶᠢᠷ᠎ᠠ ᠶᠢᠨ ᠭᠡᠷ ᠣᠷᠣᠨ︾ ᠤ ᠲᠥᠷᠥᠯ ᠵᠦᠢᠯ ᠤᠨ ᠪᠠᠶᠢᠳᠠᠯ ᠢ ᠪᠠᠶᠢᠴᠠᠭᠠᠨ ᠰᠤᠳᠤᠯᠪᠠ᠃ ᠳᠤᠮᠳᠠᠳᠤ ᠤᠯᠤᠰ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠶᠡᠷᠦᠩᠬᠡᠢ ᠡᠪᠯᠡᠯ ᠤᠨ ᠲᠡᠳᠬᠦᠵᠦ ᠠᠪᠤᠷᠠᠨ ᠲᠤᠰᠠᠯᠠᠬᠤ ᠶᠠᠮᠤᠨ ᠤ ᠰᠠᠶᠢᠳ ᠪᠢᠶᠠᠨ ᠰᠢᠶᠣᠤ᠂ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠪᠠᠶᠢᠩᠭᠤ ᠶᠢᠨ ᠳᠡᠳ᠋ ᠳᠠᠷᠤᠭ᠎ᠠ ᠶᠠᠩ ᠹᠧᠩ ᠢ᠂ ᠬᠢᠩᠭᠠᠨ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ ᠵᠠᠩ ᠶᠥᠩ ᠴᠢᠶᠠᠩ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠼᠠᠢ ᠪᠦᠦ ᠵᠢᠶᠦ᠋ᠨ ᠨᠡᠷ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃    ᠪᠠᠶᠢᠴᠠᠭᠠᠨ ᠰᠤᠳᠤᠯᠬᠤ ᠳᠤᠭᠤᠶᠢᠯᠠᠩ ᠭᠤᠣᠯ ᠤᠨ ᠪᠠᠶᠢᠰᠢᠩ ᠪᠠᠯᠭᠠᠰᠤᠨ ᠤ ᠭᠦᠸᠧ ᠭᠤᠸᠠᠩ ᠭᠠᠴᠠᠭᠠᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ︽ᠲᠦᠭᠡᠮᠡᠯ ᠬᠠᠶᠢᠷ᠎ᠠ ᠶᠢᠨ ᠭᠡᠷ ᠣᠷᠣᠨ︾ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠪᠠᠶᠢᠳᠠᠯ᠂ ᠠᠵᠤ ᠦᠢᠯᠡᠰ ᠤᠨ ᠠᠭᠤᠰᠤᠯᠴᠠᠨ ᠬᠥᠭᠵᠢᠭᠰᠡᠨ ᠪᠠᠶᠢᠳᠠᠯ᠂ ᠬᠥᠳᠡᠭᠡ ᠲᠣᠰᠬᠤᠨ ᠤ ᠵᠠᠩ ᠰᠤᠷᠲᠠᠯ ᠤᠨ ᠪᠣᠯᠪᠠᠰᠤᠨ ᠤ ᠪᠠᠶᠢᠭᠤᠯᠤᠯᠲᠠ ᠶᠢᠨ ᠪᠠᠶᠢᠳᠠᠯ᠂ ᠠᠮᠢ ᠠᠬᠤᠢ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠢ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠭᠦᠨᠵᠡᠭᠡᠢ ᠰᠣᠯᠢᠯᠴᠠᠪᠠ᠃    ᠪᠠᠶᠢᠴᠠᠭᠠᠨ ᠰᠤᠳᠤᠯᠬᠤ ᠳᠤᠭᠤᠶᠢᠯᠠᠩ ᠠᠴᠠ ᠴᠢᠬᠤᠯᠠᠴᠢᠯᠠᠭᠰᠠᠨ ᠨᠢ᠂ ︽ᠲᠦᠭᠡᠮᠡᠯ ᠬᠠᠶᠢᠷ᠎ᠠ ᠶᠢᠨ ᠭᠡᠷ ᠣᠷᠣᠨ︾ ᠪᠣᠯ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠠᠵᠢᠯ ᠤᠨ ᠦᠨᠳᠦᠰᠦᠨ ᠱᠠᠲᠤᠨ ᠳᠤ ᠦᠢᠯᠡᠴᠢᠯᠡᠬᠦ ᠭᠠᠷᠳᠠᠴᠠ ᠮᠥᠨ᠂ ᠤᠯᠠᠭᠠᠨ ᠵᠠᠭᠠᠯᠮᠠᠶᠢᠲᠠᠨ ᠤ ᠦᠢᠯᠡᠰ ᠤᠨ ᠦᠷᠭᠦᠯᠵᠢᠯᠡᠬᠦ ᠬᠥᠭᠵᠢᠯᠲᠡ ᠶᠢᠨ ᠠᠴᠢᠶᠠᠯᠠᠪᠤᠷᠢ ᠮᠥᠨ᠃ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠᠷ ᠭᠠᠷᠳᠠᠴᠠ ᠪᠣᠯᠭᠠᠵᠤ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠵᠢᠭᠰᠠᠭᠠᠯ ᠤᠨ ᠭᠠᠵᠠᠷ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ︽ᠲᠦᠭᠡᠮᠡᠯ ᠬᠠᠶᠢᠷ᠎ᠠ ᠶᠢᠨ ᠭᠡᠷ ᠣᠷᠣᠨ︾ ᠤ ᠦᠢᠯᠡᠴᠢᠯᠡᠭᠡᠨ ᠤ ᠴᠢᠳᠠᠮᠵᠢ ᠶᠢ ᠲᠠᠰᠤᠷᠠᠯᠳᠠ ᠦᠭᠡᠢ ᠪᠠᠶᠠᠯᠢᠭᠵᠢᠭᠤᠯᠤᠨ ᠥᠷᠭᠡᠳᠬᠡᠵᠦ᠂ ︽ᠲᠦᠭᠡᠮᠡᠯ ᠬᠠᠶᠢᠷ᠎ᠠ ᠶᠢᠨ ᠭᠡᠷ ᠣᠷᠣᠨ︾ ᠢ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠨᠡᠶᠢᠭᠡᠮ ᠤᠨ ᠵᠠᠰᠠᠯᠲᠠ ᠳᠤ ᠣᠷᠣᠯᠴᠠᠬᠤ᠂ ᠨᠡᠶᠢᠭᠡᠮ ᠤᠨ ᠬᠠᠮᠢᠶᠠᠷᠤᠯᠲᠠ ᠳᠤ ᠦᠢᠯᠡᠴᠢᠯᠡᠬᠦ ᠳᠤᠮᠳᠠ ᠨᠡᠩ ᠶᠡᠭᠡ ᠦᠢᠯᠡᠳᠦᠯ ᠦᠵᠡᠭᠦᠯᠵᠦ᠂ ︽ᠬᠥᠮᠦᠯᠢᠭ ᠶᠣᠰᠣ ᠂ ᠲᠦᠭᠡᠮᠡᠯ ᠬᠠᠶᠢᠷ᠎ᠠ᠂ ᠬᠤᠪᠢ ᠨᠡᠮᠡᠷᠢ ᠦᠵᠡᠭᠦᠯᠬᠦ︾ ᠤᠯᠠᠭᠠᠨ ᠵᠠᠭᠠᠯᠮᠠᠶᠢᠲᠠᠨ ᠤ ᠵᠣᠷᠢᠭ ᠰᠠᠨᠠᠭ᠎ᠠ ᠶᠢ ᠬᠥᠮᠦᠰ ᠤᠨ ᠰᠡᠳᠬᠢᠯ ᠳᠤ ᠬᠠᠳᠠᠩᠰᠢᠭᠤᠯᠤᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号