ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠮᠡᠭᠲᠡᠶᠢᠴᠦᠳ ᠤᠨ ᠠᠷᠪᠠᠨ ᠨᠢᠭᠡᠳᠦᠭᠡᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/7/24
   7 ᠰᠠᠷ᠎ᠠ ᠶᠢᠨ 24 ᠤ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠮᠡᠭᠲᠡᠶᠢᠴᠦᠳ ᠤᠨ ᠠᠷᠪᠠᠨ ᠨᠢᠭᠡᠳᠦᠭᠡᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠬᠤᠷᠴᠢᠨ ᠤ ᠰᠤᠷᠲᠠᠯ ᠤᠬᠠᠭᠤᠯᠭ᠎ᠠ ᠰᠣᠶᠣᠯ ᠤᠨ ᠲᠥᠪ ᠤᠨ ᠶᠣᠰᠣᠯᠠᠯ ᠤᠨ ᠲᠠᠩᠬᠢᠮ ᠳᠤ ᠬᠤᠷᠠᠯᠳᠤᠪᠠ᠃ ᠪᠦᠬᠦ ᠬᠤᠰᠢᠭᠤᠨ ᠤ ᠡᠯ᠎ᠡ ᠠᠵᠢᠯ ᠲᠥᠷᠥᠯ᠂ ᠡᠯ᠎ᠡ ᠹᠷᠣᠨᠲ ᠠᠴᠠ ᠢᠷᠡᠭᠰᠡᠨ 141 ᠡᠮᠡᠭᠲᠡᠶᠢᠴᠦᠳ ᠤᠨ ᠲᠥᠯᠥᠭᠡᠯᠡᠭᠴᠢ᠂ ᠪᠦᠬᠦ ᠬᠤᠰᠢᠭᠤᠨ ᠤ ᠡᠮᠡᠭᠲᠡᠶᠢᠴᠦᠳ ᠤᠨ ᠬᠦᠨᠳᠦ ᠨᠠᠶᠢᠳᠠᠯᠭ᠎ᠠ ᠶᠢ ᠡᠭᠦᠷᠭᠡᠯᠡᠵᠦ᠂ ᠨᠢᠭᠡ ᠲᠠᠩᠬᠢᠮ ᠳᠤ ᠴᠤᠭᠯᠠᠷᠠᠵᠤ᠂ ᠡᠮᠡᠭᠲᠡᠶᠢᠴᠦᠳ ᠤᠨ ᠦᠢᠯᠡᠰ ᠤᠨ ᠬᠥᠭᠵᠢᠯᠲᠡ ᠶᠢᠨ ᠶᠡᠭᠡ ᠪᠣᠳᠣᠯᠭ᠎ᠠ ᠶᠢ ᠬᠠᠮᠲᠤᠪᠠᠷ ᠵᠥᠪᠯᠡᠵᠦ᠂ ᠡᠮᠡᠭᠲᠡᠶᠢᠴᠦᠳ ᠤᠨ ᠠᠵᠢᠯ ᠤᠨ ᠰᠢᠨ᠎ᠡ ᠵᠢᠷᠤᠭ ᠲᠥᠯᠥᠪᠯᠡᠭᠡ ᠶᠢ ᠬᠠᠮᠲᠤᠪᠠᠷ ᠵᠢᠷᠤᠭᠯᠠᠪᠠ᠃    ᠬᠢᠩᠭᠠᠨ ᠠᠶᠢᠮᠠᠭ ᠤᠨ ᠡᠮᠡᠭᠲᠡᠶᠢᠴᠦᠳ ᠤᠨ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠲᠡᠷᠢᠭᠦᠯᠡᠭᠴᠢ ᠰᠢᠦᠢ ᠷᠦᠩ ᠬᠤᠸᠠ᠂ ᠬᠤᠰᠢᠭᠤᠨ ᠤ ᠨᠠᠮ ᠤᠨ ᠬᠤᠷᠢ᠊ ᠡᠶ᠎ᠡ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠵᠢᠶᠠᠩ ᠪᠧᠢ ᠫᠢᠩ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠡᠳ᠋ ᠡᠷᠬᠢᠯᠡᠭᠴᠢ ᠵᠠᠩ ᠶᠢᠨ ᠱᠤᠸᠠᠩ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠸᠠᠩ ᠱᠧᠩ ᠭᠠᠩ ᠶᠡᠭᠡ ᠬᠤᠷᠠᠯ ᠤᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ ᠬᠤᠰᠢᠭᠤᠨ ᠤ ᠰᠢᠭᠤᠳ ᠬᠠᠷᠢᠶ᠎ᠠ ᠨᠢᠭᠡᠴᠡ ᠵᠢᠴᠢ ᠰᠤᠮᠤ ᠪᠠᠯᠭᠠᠰᠤᠨ ᠤ ᠡᠮᠡᠭᠲᠡᠶᠢᠴᠦᠳ ᠤᠨ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠤᠷᠢᠯᠭ᠎ᠠ ᠪᠠᠷ ᠬᠤᠷᠠᠯ ᠳᠤ ᠣᠷᠣᠯᠴᠠᠪᠠ᠃    ᠡᠬᠢᠯᠡᠯᠲᠡ ᠶᠢᠨ ᠶᠣᠰᠣᠯᠠᠯ ᠳᠡᠭᠡᠷ᠎ᠡ᠂ ᠬᠢᠩᠭᠠᠨ ᠠᠶᠢᠮᠠᠭ ᠤᠨ ᠡᠮᠡᠭᠲᠡᠶᠢᠴᠦᠳ ᠤᠨ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠰᠢᠦᠢ ᠷᠦᠩ ᠬᠤᠸᠠ ᠶᠡᠭᠡ ᠬᠤᠷᠠᠯ ᠤᠨ ᠬᠤᠷᠠᠯᠳᠤᠭᠰᠠᠨ ᠳᠤ ᠪᠠᠶᠠᠷ ᠬᠦᠷᠭᠡᠭᠰᠡᠨ ᠪᠥᠭᠡᠳ ᠡᠮᠡᠭᠲᠡᠶᠢᠴᠦᠳ ᠤᠨ ᠠᠵᠢᠯ ᠢ ᠰᠠᠶᠢᠲᠤᠷ ᠬᠢᠬᠦ ᠲᠤᠬᠠᠢ ᠴᠢᠩ ᠰᠡᠳᠬᠢᠯ ᠤᠨ ᠬᠦᠰᠡᠯ ᠨᠠᠶᠢᠳᠠᠯᠭ᠎ᠠ ᠳᠤᠷᠠᠳᠴᠠᠢ᠃ ᠲᠡᠷᠡ᠂ ᠶᠡᠷᠦᠩᠬᠡᠢ ᠱᠦᠵᠢ ᠰᠢ ᠶᠢᠨ ᠫᠢᠩ ᠤᠨ ᠡᠮᠡᠭᠲᠡᠶᠢᠴᠦᠳ ᠬᠡᠦᠬᠡᠳ ᠪᠣᠯᠤᠨ ᠡᠮᠡᠭᠲᠡᠶᠢᠴᠦᠳ ᠤᠨ ᠬᠤᠯᠪᠣᠭ᠎ᠠ ᠶᠢᠨ ᠠᠵᠢᠯ ᠤᠨ ᠲᠤᠬᠠᠢ ᠴᠢᠬᠤᠯᠠ ᠥᠭᠦᠯᠡᠯᠲᠡ ᠨᠢ ᠰᠢᠨ᠎ᠡ ᠴᠠᠭ ᠦᠶ᠎ᠡ ᠰᠢᠨ᠎ᠡ ᠠᠶᠠᠨ ᠳᠤ ᠡᠮᠡᠭᠲᠡᠶᠢᠴᠦᠳ ᠤᠨ ᠦᠢᠯᠡᠰ ᠢ ᠬᠥᠭᠵᠢᠭᠦᠯᠬᠦ᠂ ᠡᠮᠡᠭᠲᠡᠶᠢᠴᠦᠳ ᠤᠨ ᠠᠵᠢᠯ ᠢ ᠰᠠᠶᠢᠲᠤᠷ ᠬᠢᠬᠦ ᠳᠤ ᠦᠨᠳᠦᠰᠦᠨ ᠵᠢᠷᠤᠮᠯᠠᠯ ᠬᠠᠩᠭᠠᠪᠠ᠂ ᠪᠢᠳᠡ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠬᠦ ᠬᠡᠷᠡᠭᠲᠡᠢ᠃ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠮᠡᠭᠲᠡᠶᠢᠴᠦᠳ ᠤᠨ ᠬᠤᠯᠪᠣᠭ᠎ᠠ ᠦᠷᠭᠦᠯᠵᠢᠯᠡᠨ ᠥᠷᠭᠡᠨ ᠣᠯᠠᠨ ᠡᠮᠡᠭᠲᠡᠶᠢᠴᠦᠳ ᠢ ᠬᠥᠲᠥᠯᠥᠨ ᠳᠠᠭᠠᠭᠤᠯᠵᠤ᠂ ᠶᠡᠷᠦᠩᠬᠡᠢ ᠱᠦᠵᠢ ᠶᠢᠨ ᠵᠢᠭᠠᠭᠰᠠᠨ ᠴᠢᠭᠯᠡᠯ ᠢᠶᠠᠷ ᠡᠷᠡᠯᠬᠡᠭᠯᠡᠨ ᠤᠷᠤᠭᠰᠢᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ ᠨᠢᠭᠡᠳᠬᠡᠨ ᠰᠦᠭ ᠰᠦᠨᠡᠰᠦ ᠶᠢ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠥᠷᠭᠡᠨ ᠣᠯᠠᠨ ᠡᠮᠡᠭᠲᠡᠶᠢᠴᠦᠳ ᠢ ᠳᠠᠶᠢᠴᠢᠯᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠠᠵᠢᠯ ᠣᠯᠵᠤ ᠦᠢᠯᠡᠰ ᠪᠤᠰᠬᠠᠬᠤ᠂ ᠠᠮᠢ ᠠᠬᠤᠢ ᠶᠢᠨ ᠪᠣᠯᠪᠠᠰᠤᠨ ᠵᠡᠷᠭᠡ ᠠᠵᠢᠯᠯᠠᠭ᠎ᠠ ᠳᠠᠭᠠᠨ ᠬᠦᠴᠦ ᠣᠷᠣᠭᠤᠯᠤᠨ ᠬᠤᠪᠢ ᠨᠡᠮᠡᠷᠢ ᠦᠵᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠠᠶᠢᠮᠠᠭ ᠢᠶᠠᠨ ᠬᠦᠴᠦᠷᠬᠡᠭᠵᠢᠭᠦᠯᠬᠦ ᠵᠠᠮ ᠢᠶᠠᠷ ᠰᠠᠶᠢᠲᠤᠷ ᠵᠠᠮᠨᠠᠬᠤ ᠳᠤ ᠡᠮᠡᠭᠲᠡᠶᠢᠴᠦᠳ ᠤᠨ ︽ᠲᠥᠷᠥ ᠶᠢᠨ ᠬᠠᠭᠠᠰ ᠲᠤᠯᠭᠠᠭᠤᠷᠢ︾ ᠶᠢᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠶᠢ ᠬᠦᠰᠡᠵᠦ ᠪᠠᠶᠢᠨ᠎ᠠ ᠭᠡᠵᠡᠢ᠃    ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠵᠢᠶᠠᠩ ᠪᠧᠢ ᠫᠢᠩ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠥᠩᠭᠡᠷᠡᠭᠰᠡᠨ ᠲᠠᠪᠤᠨ ᠵᠢᠯ ᠤᠨ ᠡᠮᠡᠭᠲᠡᠶᠢᠴᠦᠳ ᠤᠨ ᠠᠵᠢᠯ ᠢ ᠨᠤᠲᠠᠯᠠᠬᠤ ᠶᠢᠨ ᠬᠠᠮᠲᠤ ᠳᠥᠷᠪᠡᠨ ᠲᠠᠯ᠎ᠠ ᠶᠢᠨ ᠬᠦᠰᠡᠯ ᠳᠤᠷᠠᠳᠪᠠ᠃ ᠲᠡᠷᠡ᠂ ᠥᠷᠭᠡᠨ ᠣᠯᠠᠨ ᠡᠮᠡᠭᠲᠡᠶᠢᠴᠦᠳ ᠤᠨ ᠠᠬ᠎ᠠ ᠳᠡᠭᠦᠦ ᠨᠡᠷ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠡᠮᠡᠭᠲᠡᠶᠢᠴᠦᠳ ᠬᠡᠦᠬᠡᠳ ᠪᠣᠯᠤᠨ ᠡᠮᠡᠭᠲᠡᠶᠢᠴᠦᠳ ᠤᠨ ᠬᠤᠯᠪᠣᠭ᠎ᠠ ᠶᠢᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠰᠢᠨ᠎ᠡ ᠴᠠᠭ ᠦᠶ᠎ᠡ ᠶᠢᠨ ᠨᠠᠮ ᠪᠣᠯᠤᠨ ᠤᠯᠤᠰ ᠤᠨ ᠠᠵᠢᠯ ᠦᠢᠯᠡᠰ ᠤᠨ ᠡᠮᠡᠭᠲᠡᠶᠢᠴᠦᠳ ᠤᠨ ᠦᠢᠯᠡᠰ ᠢ ᠪᠠᠭᠲᠠᠭᠠᠭᠰᠠᠨ ᠲᠡᠦᠬᠡᠲᠦ ᠴᠢᠨᠠᠷᠲᠠᠢ ᠠᠮᠵᠢᠯᠲᠠ ᠶᠢ ᠭᠦᠨᠵᠡᠭᠡᠢ ᠲᠠᠨᠢᠵᠤ᠂ ᠡᠬᠡ ᠤᠯᠤᠰ ᠤᠨ ᠢᠶᠠᠨ ᠬᠠᠶᠢᠷ᠎ᠠ ᠰᠡᠳᠬᠢᠯᠭᠡ᠂ ᠲᠡᠮᠡᠴᠡᠯ ᠤᠨ ᠵᠣᠷᠢᠭ ᠢᠶᠠᠨ ᠪᠠᠲᠤᠳᠬᠠᠵᠤ᠂ ᠥᠷᠭᠡᠨ ᠣᠯᠠᠨ ᠡᠮᠡᠭᠲᠡᠶᠢᠴᠦᠳ ᠤᠨ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠵᠤ᠂ ᠥᠷᠭᠡᠨ ᠣᠯᠠᠨ ᠡᠮᠡᠭᠲᠡᠶᠢᠴᠦᠳ ᠤᠨ ᠨᠥᠬᠦᠳ ᠢ ᠬᠥᠲᠥᠯᠥᠨ ᠵᠢᠯᠣᠭᠤᠳᠴᠤ ᠴᠠᠭ ᠦᠶ᠎ᠡ ᠶᠢᠨ ᠠᠯᠬᠤᠭ᠎ᠠ ᠶᠢ ᠨᠢ ᠰᠠᠯᠤᠯ ᠦᠭᠡᠢ ᠳᠠᠭᠠᠭᠤᠯᠵᠤ᠂ ᠣᠶᠤᠨ ᠤᠬᠠᠭᠠᠨ ᠢ ᠨᠢ ᠬᠥᠭᠵᠢᠭᠡᠵᠦ᠂ ᠲᠤᠰ ᠪᠡᠶ᠎ᠡ ᠶᠢᠨ ᠳᠠᠯᠳᠠ ᠴᠢᠳᠠᠪᠤᠷᠢ ᠶᠢ ᠨᠢ ᠬᠥᠭᠵᠢᠭᠡᠵᠦ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠠᠮᠢᠳᠤᠯᠢᠭ ᠦᠢᠯᠡᠳᠦᠯᠭᠡ ᠶᠢᠨ ᠳᠤᠮᠳᠠ ᠬᠦᠨᠳᠦ ᠡᠭᠦᠷᠭᠡ ᠶᠢ ᠵᠣᠷᠢᠭᠲᠠᠢ ᠪᠠᠷ ᠡᠭᠦᠷᠭᠡᠯᠡᠵᠦ᠂ ᠡᠷᠳᠡᠮ ᠴᠢᠳᠠᠪᠤᠷᠢ ᠪᠠᠨ ᠪᠠᠳᠠᠷᠠᠭᠤᠯᠵᠤ᠂ ᠭᠠᠪᠢᠶ᠎ᠠ ᠪᠠᠶᠢᠭᠤᠯᠵᠤ ᠦᠢᠯᠡᠰ ᠪᠦᠲᠦᠭᠡᠬᠦ ᠶᠢ ᠬᠦᠰᠡᠵᠦ ᠪᠠᠶᠢᠨ᠎ᠠ︔ ᠥᠷᠭᠡᠨ ᠣᠯᠠᠨ ᠡᠮᠡᠭᠲᠡᠶᠢᠴᠦᠳ ᠤᠨ ᠪᠣᠯᠪᠠᠰᠤᠨ ᠬᠡᠪ ᠰᠤᠷᠲᠠᠯ ᠢ ᠪᠠᠳᠠᠷᠠᠭᠤᠯᠵᠤ᠂ ᠦᠨᠳᠦᠰᠦᠨ ᠱᠠᠲᠤᠨ ᠤ ᠵᠥᠷᠢᠴᠡᠯ ᠵᠢᠭᠤᠷᠠᠯᠳᠤᠭᠠᠨ ᠤ ︽ᠡᠶᠡᠳᠡᠭᠦᠯᠦᠭᠴᠢ︾ ᠪᠣᠯᠵᠣ᠂ ᠬᠠᠤᠯᠢᠵᠢᠯ ᠤᠨ ᠨᠡᠶᠢᠭᠡᠮ ᠤᠨ ᠪᠠᠶᠢᠭᠤᠯᠤᠯᠲᠠ ᠳᠤ ᠢᠳᠡᠪᠬᠢᠲᠡᠢ ᠦᠢᠯᠡᠳᠦᠯ ᠦᠵᠡᠭᠦᠯᠬᠦ ᠶᠢ ᠬᠦᠰᠡᠵᠦ ᠪᠠᠶᠢᠨ᠎ᠠ︔ ᠪᠦᠬᠦ ᠨᠡᠶᠢᠭᠡᠮ ᠢᠶᠠᠷ ᠢᠶᠠᠨ ᠬᠠᠮᠲᠤ ᠪᠠᠷ ᠲᠠᠶᠢᠴᠢᠯᠠᠵᠤ ᠬᠠᠮᠲᠤ ᠪᠠᠷ ᠬᠦᠴᠦᠯᠡᠵᠦ᠂ ᠡᠮᠡᠭᠲᠡᠶᠢᠴᠦᠳ ᠤᠨ ᠪᠠᠶᠢᠷᠢ ᠰᠠᠭᠤᠷᠢ ᠶᠢ ᠬᠦᠨᠳᠦᠳᠬᠡᠬᠦ᠂ ᠡᠮᠡᠭᠲᠡᠶᠢᠴᠦᠳ ᠤᠨ ᠦᠢᠯᠡᠰ ᠢ ᠬᠠᠯᠠᠮᠵᠢᠯᠠᠬᠤ᠂ ᠡᠮᠡᠭᠲᠡᠶᠢᠴᠦᠳ ᠤᠨ ᠠᠵᠢᠯ ᠢ ᠳᠡᠮᠵᠢᠬᠦ ᠭᠦᠨ ᠵᠤᠵᠠᠭᠠᠨ ᠠᠭᠤᠷ ᠠᠮᠢᠰᠬᠤᠯ ᠢ ᠬᠠᠮᠲᠤ ᠪᠠᠷ ᠪᠣᠢ ᠪᠣᠯᠭᠠᠵᠤ᠂ ᠠᠵᠤ ᠠᠬᠤᠢ ᠨᠡᠶᠢᠭᠡᠮ ᠪᠣᠯᠤᠨ ᠡᠮᠡᠭᠲᠡᠶᠢᠴᠦᠳ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠪᠡ᠃    ᠸᠠᠩ ᠤᠷᠢᠬᠠᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠠᠷᠪᠠᠳᠤᠭᠠᠷ ᠬᠤᠭᠤᠴᠠᠭᠠᠨ ᠤ ᠭᠦᠢᠴᠡᠳᠬᠡᠬᠦ ᠵᠥᠪᠯᠡᠯ ᠢ ᠲᠥᠯᠥᠭᠡᠯᠡᠨ ᠶᠡᠭᠡ ᠬᠤᠷᠠᠯ ᠳᠤ ︽ᠠᠭᠤᠤ ᠶᠡᠭᠡ ᠲᠤᠭ ᠢ ᠥᠨᠳᠥᠷ ᠮᠠᠨᠳᠤᠭᠤᠯᠵᠤ ᠡᠮᠡᠭᠲᠡᠶᠢᠴᠦᠳ ᠤᠨ ᠬᠦᠴᠦᠨ ᠢ ᠨᠢᠭᠲᠠᠷᠠᠭᠤᠯᠵᠤ ᠰᠢᠨ᠎ᠡ ᠴᠠᠭ ᠦᠶ᠎ᠡ ᠶᠢᠨ ᠴᠣ ᠰᠢᠨ᠎ᠡ ᠬᠠᠭᠤᠳᠠᠰᠤ ᠶᠢ ᠪᠢᠴᠢᠭᠯᠡᠶ᠎ᠡ︾ ᠭᠡᠬᠦ ᠰᠡᠳᠦᠪ ᠢᠶᠠᠷ ᠠᠵᠢᠯ ᠤᠨ ᠮᠡᠳᠡᠭᠦᠯᠦᠯᠲᠡ ᠬᠢᠪᠡ᠃    ᠶᠡᠭᠡ ᠬᠤᠷᠠᠯ ᠠᠴᠠ ᠬᠤᠰᠢᠭᠤᠨ ᠤ ᠡᠮᠡᠭᠲᠡᠶᠢᠴᠦᠳ ᠤᠨ ᠬᠤᠯᠪᠣᠭ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠭᠦᠢᠴᠡᠳᠬᠡᠬᠦ ᠵᠥᠪᠯᠡᠯ ᠤᠨ ᠭᠡᠰᠢᠭᠦᠨ 25 ᠬᠥᠮᠦᠨ᠂ ᠣᠷᠣᠯᠠᠭᠴᠢ ᠭᠦᠢᠴᠡᠳᠬᠡᠬᠦ ᠭᠡᠰᠢᠭᠦᠨ 11 ᠬᠥᠮᠦᠨ ᠢ ᠰᠣᠩᠭᠤᠨ ᠭᠠᠷᠭᠠᠵᠤ᠂ ᠳᠠᠷᠠᠭ᠎ᠠ ᠨᠢ ᠬᠤᠷᠠᠯᠳᠤᠭᠰᠠᠨ ᠬᠤᠰᠢᠭᠤᠨ ᠤ ᠡᠮᠡᠭᠲᠡᠶᠢᠴᠦᠳ ᠤᠨ ᠬᠤᠯᠪᠣᠭ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠭᠦᠢᠴᠡᠳᠬᠡᠬᠦ ᠵᠥᠪᠯᠡᠯ ᠤᠨ ᠠᠩᠬᠠᠳᠤᠭᠠᠷ ᠬᠤᠷᠠᠯ ᠳᠡᠭᠡᠷ᠎ᠡ᠂ ᠪᠠᠶᠢᠩᠭᠤ ᠶᠢᠨ ᠬᠤᠷᠢ᠊ ᠡᠶ᠎ᠡ ᠶᠢ ᠰᠣᠩᠭᠤᠨ ᠭᠠᠷᠭᠠᠪᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号