ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠬᠥᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠪᠡ
ᠨᠡᠶᠢᠲᠡᠯᠡᠭᠰᠡᠨ ᠴᠠᠭ᠄
2024/7/24
   ᠵᠢᠯ ᠤᠨ ᠡᠬᠢᠨ ᠠᠴᠠ ᠨᠠᠰᠢ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠮ ᠲᠡᠭᠡᠭᠡᠪᠦᠷᠢ ᠶᠢᠨ ᠦᠢᠯᠡᠰ ᠤᠨ ᠬᠥᠭᠵᠢᠯᠲᠡ ᠶᠢᠨ ᠲᠥᠪ ᠨᠢ ᠵᠠᠮ ᠲᠡᠭᠡᠭᠡᠪᠦᠷᠢ ᠶᠢᠨ ᠠᠵᠢᠯ ᠲᠥᠷᠥᠯ ᠤᠨ ᠠᠮᠤᠷ ᠲᠦᠪᠰᠢᠨ ᠤ ᠬᠠᠮᠢᠶᠠᠷᠤᠯᠲᠠ ᠪᠠ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠠᠪᠤᠷᠠᠨ ᠨᠡᠪᠲᠡᠷᠡᠯᠴᠡᠬᠦ ᠶᠢ ᠪᠠᠲᠤᠯᠠᠬᠤ ᠠᠵᠢᠯ ᠢ ᠢᠳᠡᠪᠬᠢᠲᠡᠢ ᠨᠠᠶᠢᠳᠠᠪᠤᠷᠢᠵᠢᠭᠤᠯᠵᠤ᠂ ᠵᠠᠰᠠᠮᠠᠯ ᠵᠠᠮ ᠢ ᠵᠠᠪᠳᠤᠨ ᠨᠡᠪᠲᠡᠷᠡᠭᠦᠯᠬᠦ᠂ ᠵᠠᠮ ᠬᠥᠭᠦᠷᠭᠡ ᠶᠢ ᠰᠡᠯᠪᠢᠨ ᠵᠠᠰᠠᠬᠤ ᠵᠢᠴᠢ ᠤᠰᠤᠨ ᠳᠤ ᠡᠪᠳᠡᠭᠳᠡᠬᠦ ᠶᠢ ᠰᠡᠷᠭᠡᠶᠢᠯᠡᠨ ᠵᠠᠰᠠᠬᠤ ᠵᠡᠷᠭᠡ ᠡᠯ᠎ᠡ ᠵᠦᠢᠯ ᠤᠨ ᠡᠭᠦᠷᠭᠡ ᠶᠢ ᠰᠠᠨᠠᠭᠠᠴᠢᠯᠠᠭ᠎ᠠ ᠠᠴᠠ ᠪᠠᠨ ᠠᠬᠢᠭᠤᠯᠪᠠ᠃    ᠤᠰᠤᠨ ᠳᠤ ᠡᠪᠳᠡᠭᠳᠡᠭᠰᠡᠨ ᠢ ᠴᠠᠭ ᠲᠤᠬᠠᠢ ᠳᠤ ᠨᠢ ᠵᠠᠰᠠᠨ ᠰᠢᠨᠡᠳᠭᠡᠪᠡ᠃ Y001 ᠰᠢᠶᠠᠩ ᠤᠨ ᠵᠠᠮ ᠤᠨ ᠳᠥᠷᠥᠯᠵᠢ 4 ᠮᠧᠳ᠋ᠷ ᠬᠠᠪᠲᠠᠰᠤ ᠶᠢ ᠵᠠᠰᠠᠵᠤ᠂ ᠴᠢᠯᠠᠭᠤᠨ ᠰᠢᠩᠭᠡᠯᠢᠭ ᠢ ᠰᠡᠷᠭᠡᠶᠢᠯᠡᠨ ᠬᠠᠮᠠᠭᠠᠯᠠᠬᠤ ᠪᠠ ᠬᠤᠶᠠᠷ ᠲᠠᠯ᠎ᠠ ᠪᠠᠷ ᠵᠠᠮ ᠵᠠᠯᠠᠬᠤ ᠶᠢ ᠵᠡᠷᠭᠡ ᠪᠠᠷ ᠰᠠᠶᠢᠲᠤᠷ ᠬᠢᠵᠦ᠂ ᠳ᠋ᠦ᠋ ᠳ᠋ᠠ ᠱᠤᠭᠤᠮ ᠤᠨ ᠤᠯᠠᠭᠠᠨ ᠵᠦᠩᠭ᠎ᠠ ᠶᠢᠨ ᠤᠰᠤᠨ ᠳᠤ ᠡᠪᠳᠡᠭᠳᠡᠭᠰᠡᠨ ᠵᠠᠮ ᠤᠨ ᠰᠠᠭᠤᠷᠢ ᠶᠢ ᠰᠡᠯᠪᠢᠨ ᠵᠠᠰᠠᠵᠤ᠂ ᠲᠤᠰ ᠵᠠᠮ ᠤᠨ ᠬᠤᠶᠠᠷ ᠬᠠᠵᠠᠭᠤ ᠶᠢᠨ ᠴᠢᠯᠠᠭᠤ ᠪᠠᠷ ᠳᠡᠪᠢᠰᠴᠦ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠨᠢᠭᠡ ᠲᠠᠯ᠎ᠠ ᠪᠠᠷ ᠳᠠᠶᠢᠴᠢᠨᠲᠠᠯ᠎ᠠ ᠶᠢᠨ ᠵᠢᠢ ᠰᠢᠶᠠᠩ ᠳᠦᠨ ᠶᠡᠭᠡ ᠬᠥᠭᠦᠷᠭᠡ ᠶᠢ ᠵᠠᠰᠠᠨ ᠰᠡᠯᠪᠢᠵᠦ᠂ ᠨᠢᠭᠡ ᠲᠠᠯ᠎ᠠ ᠪᠠᠷ ᠳᠠᠶᠢᠴᠢᠨᠲᠠᠯ᠎ᠠ ᠪᠠᠯᠭᠠᠰᠤᠨ ᠤ ᠵᠢᠢ ᠰᠢᠶᠠᠩ ᠳᠦᠨ ᠶᠡᠭᠡ ᠬᠥᠭᠦᠷᠭᠡ ᠶᠢ ᠵᠠᠰᠠᠨ ᠰᠡᠯᠪᠢᠵᠦ᠂ ᠨᠢᠭᠡ ᠲᠠᠯ᠎ᠠ ᠪᠠᠷ ᠳᠠᠶᠢᠴᠢᠨᠲᠠᠯ᠎ᠠ ᠪᠠᠯᠭᠠᠰᠤᠨ ᠤ ᠵᠢᠢ ᠰᠢᠶᠠᠩ ᠳᠦᠨ ᠶᠡᠭᠡ ᠬᠥᠭᠦᠷᠭᠡ ᠶᠢ ᠵᠠᠰᠠᠨ ᠰᠡᠯᠪᠢᠵᠦ᠂ ᠨᠥᠭᠦᠭᠡ ᠲᠠᠯ᠎ᠠ ᠪᠠᠷ ᠭᠤᠣᠯ ᠤᠨ ᠤᠰᠤᠨ ᠤ ᠰᠠᠯᠪᠤᠷᠢ ᠤᠷᠤᠰᠬᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠰᠤᠨ ᠵᠠᠮ ᠤᠨ Y001 ᠳᠥᠷᠥᠯᠵᠢ ᠠᠴᠠ ᠪᠠᠵᠢᠯᠠᠭ᠎ᠠ ᠬᠦᠷᠬᠦ ᠵᠠᠰᠠᠮᠠᠯ ᠵᠠᠮ ᠤᠨ ᠨᠢᠭᠡ ᠲᠠᠯ᠎ᠠ ᠪᠠᠷ ᠬᠤᠣᠯᠢᠨ ᠭᠤᠣᠯ ᠤᠨ ᠤᠰᠤᠨ ᠰᠠᠯᠪᠤᠷᠢ ᠤᠷᠤᠰᠬᠠᠯ ᠢ ᠬᠡᠷᠡᠭᠵᠢᠭᠦᠯᠵᠦ᠂ 8 ᠬᠡᠰᠡᠭ ᠵᠠᠰᠠᠮᠠᠯ ᠵᠠᠮ ᠤᠨ ᠴᠢᠯᠠᠭᠤᠨ ᠰᠢᠩᠭᠡᠯᠢᠭ ᠤᠨ ᠨᠠᠯᠠᠤ ᠶᠢ ᠬᠠᠮᠠᠭᠠᠯᠠᠬᠤ ᠪᠠᠷᠢᠯᠭ᠎ᠠ ᠶᠢ ᠨᠢᠭᠡᠨᠲᠡ 860 ᠪᠣᠰᠤᠭ᠎ᠠ ᠳᠥᠷᠪᠡᠯᠵᠢᠨ ᠮᠧᠳ᠋ᠷ ᠬᠢᠵᠦ᠂ ᠵᠠᠰᠠᠮᠠᠯ ᠵᠠᠮ ᠤᠨ ᠡᠪᠳᠡᠭᠳᠡᠭᠰᠡᠨ ᠪᠠᠶᠢᠳᠠᠯ ᠢ ᠪᠦᠲᠦᠮᠵᠢᠲᠡᠢ ᠰᠡᠷᠭᠡᠶᠢᠯᠡᠪᠡ᠃    ᠵᠠᠮ ᠤᠨ ᠮᠣᠳᠣᠨ ᠰᠠᠯᠠᠭ᠎ᠠ ᠶᠢ ᠵᠠᠰᠠᠪᠠ᠃ ᠵᠠᠮ ᠬᠠᠷᠢᠯᠴᠠᠭᠠᠨ ᠤ ᠶᠠᠪᠤᠵᠤ ᠰᠠᠭᠤᠬᠤ ᠰᠠᠶᠢᠨ ᠰᠠᠶᠢᠬᠠᠨ ᠣᠷᠴᠢᠨ ᠲᠣᠭᠤᠷᠢᠨ ᠢ ᠪᠣᠢ ᠪᠣᠯᠭᠠᠵᠤ᠂ ᠵᠠᠮ ᠳᠠᠭᠠᠤ ᠶᠢᠨ ᠬᠠᠷᠠᠭ᠎ᠠ ᠶᠢ ᠰᠠᠶᠢᠵᠢᠷᠠᠭᠤᠯᠤᠨ᠂ ᠠᠮᠤᠷ ᠲᠦᠪᠰᠢᠨ ᠤ ᠳᠠᠯᠳᠠ ᠭᠡᠮ ᠢ ᠪᠠᠭᠠᠰᠬᠠᠬᠤ ᠶᠢᠨ ᠲᠥᠯᠥᠭᠡ᠂ 5 ᠰᠠᠷ᠎ᠠ ᠶᠢᠨ ᠡᠬᠢ ᠪᠠᠷ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠮ ᠲᠡᠭᠡᠭᠡᠪᠦᠷᠢ ᠶᠢᠨ ᠦᠢᠯᠡᠰ ᠤᠨ ᠬᠥᠭᠵᠢᠯᠲᠡ ᠶᠢᠨ ᠲᠥᠪ ᠠᠴᠠ ᠵᠠᠰᠠᠮᠠᠯ ᠵᠠᠮ ᠠᠷᠠᠴᠢᠯᠠᠨ ᠬᠠᠮᠠᠭᠠᠯᠠᠬᠤ ᠡᠩᠨᠡᠭᠡ ᠶᠢ ᠵᠣᠬᠢᠶᠠᠨ ᠪᠠᠶᠢᠭᠤᠯᠵᠤ ᠲᠡᠮᠳᠡᠭ ᠫᠠᠶᠢᠰᠠ ᠳᠤ ᠠᠮᠤᠷ ᠲᠦᠪᠰᠢᠨ ᠤ ᠳᠠᠯᠳᠠ ᠭᠡᠮ ᠣᠷᠣᠰᠢᠵᠤ ᠪᠠᠶᠢᠭ᠎ᠠ ᠬᠤᠪᠠᠭ᠋ᠠᠢ ᠰᠠᠯᠠᠭ᠎ᠠ᠂ ᠬᠤᠷᠣᠬᠠᠢ ᠶᠢᠨ ᠰᠠᠯᠠᠭ᠎ᠠ ᠵᠡᠷᠭᠡ ᠶᠢ ᠲᠤᠰᠬᠠᠢ ᠵᠢᠭᠰᠠᠭᠠᠨ ᠪᠠᠶᠢᠴᠠᠭᠠᠬᠤ ᠪᠠ ᠰᠡᠯᠪᠢᠨ ᠵᠠᠰᠠᠬᠤ ᠠᠵᠢᠯ ᠬᠢᠵᠦ᠂ ᠨᠢᠭᠡ ᠰᠠᠷ᠎ᠠ ᠰᠢᠬᠠᠮ ᠤᠨ ᠬᠤᠭᠤᠴᠠᠭᠠᠨ ᠳᠤ 30 ᠺᠢᠯᠣᠮᠧᠳ᠋ᠷ ᠤᠨ ᠵᠠᠮ ᠳᠠᠭᠠᠭᠰᠠᠨ ᠮᠣᠳᠣ ᠶᠢ ᠰᠡᠯᠪᠢᠨ ᠵᠠᠰᠠᠬᠤ ᠠᠵᠢᠯ ᠢ ᠪᠡᠶᠡᠯᠡᠭᠦᠯᠵᠦ᠂ ᠠᠮᠤᠷ ᠲᠦᠪᠰᠢᠨ ᠤ ᠳᠠᠯᠳᠠ ᠭᠡᠮ ᠢ ᠠᠷᠢᠯᠭᠠᠨ᠂ ᠵᠠᠮ ᠤᠨ ᠠᠮᠤᠷ ᠲᠦᠪᠰᠢᠨ ᠢᠶᠠᠷ ᠭᠠᠳᠠᠭᠰᠢ ᠭᠠᠷᠬᠤ ᠣᠷᠴᠢᠨ ᠲᠣᠭᠤᠷᠢᠨ ᠢ ᠪᠦᠲᠦᠮᠵᠢᠲᠡᠢ ᠰᠠᠶᠢᠵᠢᠷᠠᠭᠤᠯᠪᠠ᠃    ᠡᠳᠦᠷ ᠲᠤᠲᠤᠮ ᠤᠨ ᠠᠷᠠᠴᠢᠯᠠᠨ ᠬᠠᠮᠠᠭᠠᠯᠠᠬᠤ ᠠᠵᠢᠯ ᠢ ᠰᠠᠶᠢᠲᠤᠷ ᠬᠢᠪᠡ᠃ 6 ᠰᠠᠷ᠎ᠠ ᠶᠢᠨ ᠳᠤᠮᠳᠠᠴᠢ ᠪᠠᠷ ᠣᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠠᠵᠢᠯ ᠢ ᠥᠷᠨᠢᠭᠦᠯᠵᠦ᠂ ᠣᠳᠣ ᠪᠣᠯᠲᠠᠯ᠎ᠠ ᠨᠢᠭᠡᠨᠲᠡ 6 ᠥᠨᠳᠥᠷ ᠬᠤᠷᠳᠤᠴᠠᠲᠤ ᠵᠠᠰᠠᠮᠠᠯ ᠵᠠᠮ ᠤᠨ ᠭᠠᠳᠠᠷᠭᠤ ᠶᠢ ᠤᠷᠪᠠᠭᠤᠯᠤᠨ ᠲᠡᠭᠰᠢᠯᠡᠬᠦ ᠶᠢ ᠴᠡᠭᠴᠡᠯᠡᠨ ᠵᠠᠰᠠᠵᠤ᠂ 1800 ᠰᠢᠬᠠᠮ ᠪᠣᠰᠤᠭ᠎ᠠ ᠳᠥᠷᠪᠡᠯᠵᠢᠨ ᠮᠧᠳ᠋ᠷ ᠨᠦᠬᠡ ᠶᠢ ᠰᠡᠯᠪᠢᠨ ᠵᠠᠰᠠᠵᠤ᠂ ᠬᠠᠷᠢᠶᠠᠲᠤ ᠣᠷᠣᠨ ᠤ ᠳᠣᠲᠣᠷᠠᠬᠢ ᠬᠥᠭᠦᠷᠭᠡ ᠶᠢᠨ ᠭᠤᠯᠳᠤᠩ ᠨᠦᠬᠡ ᠶᠢ ᠵᠢᠭᠰᠠᠭᠠᠨ ᠪᠠᠶᠢᠴᠠᠭᠠᠵᠤ᠂ ᠬᠥᠮᠦᠰ ᠢ ᠵᠣᠬᠢᠶᠠᠨ ᠪᠠᠶᠢᠭᠤᠯᠤᠨ 3 ᠭᠠᠵᠠᠷ ᠭᠤᠯᠳᠤᠩ ᠨᠦᠬᠡ ᠶᠢ ᠴᠡᠪᠡᠷᠯᠡᠪᠡ᠃     ᠪᠠᠶᠠᠨᠬᠤᠰᠢᠭᠤ ᠠᠴᠠ ᠬᠦᠨᠳᠡᠯᠡᠨ ᠬᠦᠷᠬᠦ ᠵᠠᠮ ᠳᠠᠭᠠᠤ ᠠᠭᠤᠯᠠ ᠭᠠᠴᠠᠭ᠎ᠠ ᠶᠢᠨ ᠵᠠᠮ ᠤᠨ ᠬᠡᠰᠡᠭ ᠤᠨ ᠪᠠᠷᠠᠭᠤᠨ ᠡᠮᠦᠨ᠎ᠡ ᠲᠠᠯ᠎ᠠ ᠳᠤ ᠣᠯᠠᠨ ᠭᠠᠵᠠᠷ ᠪᠤᠯᠠᠭ ᠭᠠᠷᠴᠤ᠂ ᠦᠷᠭᠦᠯᠵᠢ ᠤᠷᠤᠰᠬᠠᠯ ᠤᠰᠤ ᠪᠣᠯᠵᠤ ᠪᠠᠶᠢᠨ᠎ᠠ᠂ ᠡᠪᠦᠯ ᠤᠨ ᠤᠯᠠᠷᠢᠯ ᠤᠨ ᠳᠤᠯᠠᠭᠠᠨ ᠤ ᠵᠥᠷᠢᠶ᠎ᠡ ᠶᠢᠨ ᠨᠥᠯᠥᠭᠡ ᠪᠠᠷ ᠨᠠᠰᠢ ᠴᠠᠰᠢ ᠥᠩᠭᠡᠷᠡᠬᠦ ᠲᠡᠷᠭᠡ ᠬᠥᠰᠬᠡ ᠪᠣᠯᠤᠨ ᠵᠠᠮ ᠳᠠᠭᠠᠤ ᠶᠢᠨ ᠮᠠᠯᠴᠢᠨ ᠲᠠᠷᠢᠶᠠᠴᠢᠨ ᠤ ᠶᠠᠪᠤᠵᠤ ᠰᠠᠭᠤᠬᠤ ᠳᠤ ᠮᠠᠰᠢ ᠣᠯᠠᠨ ᠳᠥᠭᠦᠮ ᠦᠭᠡᠢ ᠪᠣᠯᠵᠠᠢ᠂ ᠣᠳᠣᠬᠠᠨ ᠳᠤ ᠶᠠᠭ ᠲᠤᠰ ᠵᠠᠮ ᠤᠨ ᠬᠡᠰᠡᠭ ᠲᠤ 4 ᠮᠧᠲᠷ ᠤᠨ ᠬᠠᠪᠬᠠᠭᠠᠰᠤ ᠵᠠᠰᠠᠵᠤ ᠪᠠᠶᠢᠨ᠎ᠠ᠃    ᠵᠠᠯᠭᠠᠭᠠᠳ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠮ ᠲᠡᠭᠡᠭᠡᠪᠦᠷᠢ ᠶᠢᠨ ᠬᠥᠭᠵᠢᠯᠲᠡ ᠶᠢᠨ ᠲᠥᠪ ᠠᠴᠠ ︽ᠴᠠᠭ ᠲᠤᠬᠠᠢ ᠳᠤᠨᠢ ᠠᠷᠠᠴᠢᠯᠠᠨ ᠬᠠᠮᠠᠭᠠᠯᠠᠬᠤ᠂ ᠵᠢᠷᠤᠮᠵᠢᠭᠤᠯᠬᠤ᠂ ᠪᠦᠬᠦ ᠲᠠᠯ᠎ᠠ ᠪᠠᠷ ᠠᠷᠠᠴᠢᠯᠠᠨ ᠬᠠᠮᠠᠭᠠᠯᠠᠬᠤ᠂ ᠰᠢᠨᠵᠢᠯᠡᠬᠦ ᠤᠬᠠᠭᠠᠨᠴᠢ ᠪᠠᠷ ᠠᠷᠠᠴᠢᠯᠠᠨ ᠬᠠᠮᠠᠭᠠᠯᠠᠬᠤ︾ ᠵᠠᠷᠴᠢᠮ ᠢ ᠦᠷᠭᠦᠯᠵᠢᠯᠡᠨ ᠪᠠᠷᠢᠮᠲᠠᠯᠠᠵᠤ᠂ ᠵᠠᠮ ᠤᠨ ᠭᠠᠳᠠᠷᠭᠤ ᠶᠢᠨ ᠡᠪᠡᠳᠴᠢᠨ ᠤ ᠬᠥᠨᠥᠭᠡᠯ ᠢ ᠵᠠᠰᠠᠬᠤ ᠲᠥᠯᠥᠪᠯᠡᠭᠡ ᠶᠢ ᠲᠥᠯᠥᠪᠯᠡᠭᠡ ᠲᠠᠢ ᠥᠷᠨᠢᠭᠦᠯᠵᠦ᠂ ᠭᠤᠣᠯᠳᠠᠯᠭ᠎ᠠ ᠶᠢ ᠲᠣᠪᠤᠶᠢᠯᠭᠠᠨ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠡᠳᠦᠷ ᠲᠤᠲᠤᠮ ᠤᠨ ᠠᠷᠠᠴᠢᠯᠠᠨ ᠬᠠᠮᠠᠭᠠᠯᠠᠬᠤ ᠪᠠ ᠤᠷᠢᠳᠴᠢᠯᠠᠨ ᠰᠡᠷᠭᠡᠶᠢᠯᠡᠵᠦ ᠠᠷᠠᠴᠢᠯᠠᠨ ᠬᠠᠮᠠᠭᠠᠯᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠮᠠᠯ ᠵᠠᠮ ᠢ ᠨᠠᠷᠢᠯᠢᠬᠵᠢᠭᠤᠯᠬᠤ᠂ ᠪᠠᠶᠢᠩᠭᠤᠵᠢᠭᠤᠯᠬᠤ᠂ ᠰᠢᠨᠵᠢᠯᠡᠬᠦ ᠤᠬᠠᠭᠠᠨᠴᠢ ᠪᠠᠷ ᠠᠷᠠᠴᠢᠯᠠᠨ ᠬᠠᠮᠠᠭᠠᠯᠠᠬᠤ ᠬᠢᠷᠢ ᠲᠦᠪᠰᠢᠨ ᠢ ᠳᠡᠭᠡᠭᠰᠢᠯᠡᠭᠦᠯᠬᠦ ᠶᠢ ᠠᠬᠢᠭᠤᠯᠤᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号