ᠹᠧᠩ ᠵᠢᠶᠠᠨ ᠵᠦᠩ ᠰᠢᠨᠡᠵᠠᠮ ᠰᠤᠮᠤ ᠳᠤ ᠭᠦᠨᠵᠡᠭᠡᠶᠢᠷᠡᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠮᠠᠰᠢᠨ ᠴᠠᠬᠢᠯᠭᠠᠨ ᠬᠤᠳᠳᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠵᠢᠯᠣᠭᠤᠳᠪᠠ
ᠨᠡᠶᠢᠲᠡᠯᠡᠭᠰᠡᠨ ᠴᠠᠭ᠄
2024/7/24
   7 ᠰᠠᠷ᠎ᠠ ᠶᠢᠨ 24 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠹᠧᠩ ᠵᠢᠶᠠᠨ ᠵᠦᠩ ᠰᠢᠨᠠᠵᠠᠮ ᠰᠤᠮᠤᠨ ᠳᠤ ᠭᠦᠨᠵᠡᠭᠡᠶᠢᠷᠡᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠮᠠᠰᠢᠨ ᠴᠠᠬᠢᠯᠭᠠᠨ ᠬᠤᠳᠳᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠵᠢᠯᠣᠭᠤᠳᠪᠠ᠃ ᠰᠤᠮᠤᠨ ᠤ ᠨᠠᠮ ᠤᠨ ᠬᠤᠷᠢᠶᠠᠨ ᠤ ᠱᠦᠵᠢ ᠰᠢᠦᠢ ᠲᠢᠶᠠᠨ ᠰᠢᠨ᠂ ᠰᠤᠮᠤᠨ ᠤ ᠨᠠᠮ ᠤᠨ ᠬᠤᠷᠢᠶᠠᠨ ᠤ ᠳᠡᠳ᠋ ᠱᠦᠵᠢ᠂ ᠰᠤᠮᠤ ᠶᠢᠨ ᠳᠠᠴᠡᠩᠲᠤ ᠪᠠᠷ᠎ᠠ ᠪᠣᠯᠪᠠ᠃    ᠹᠧᠩ ᠵᠢᠶᠠᠨ ᠵᠦᠩ ᠨᠠᠷ ᠰᠢᠨᠠᠵᠠᠮ ᠰᠤᠮᠤ ᠶᠢᠨ ᠬᠠᠪᠠᠰᠳᠠᠢ ᠭᠠᠴᠠᠭ᠎ᠠ ᠳᠤ ᠭᠦᠨᠵᠡᠭᠡᠶᠢᠷᠡᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠮᠠᠰᠢᠨ ᠴᠠᠬᠢᠯᠭᠠᠨ ᠬᠤᠳᠳᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ ᠣᠳᠣᠬᠢ ᠱᠠᠲᠤᠨ ᠤ ᠠᠵᠢᠯ ᠢᠶᠠᠨ ᠥᠷᠨᠢᠭᠦᠯᠬᠦ ᠳᠤ ᠵᠢᠯᠣᠭᠤᠳᠬᠤ ᠴᠢᠨᠠᠷᠲᠠᠢ ᠰᠠᠨᠠᠭᠤᠯᠭ᠎ᠠ ᠳᠤᠷᠠᠳᠪᠠ᠃    ᠹᠧᠩ ᠵᠢᠶᠠᠨ ᠵᠦᠩ ᠴᠢᠬᠤᠯᠠᠴᠢᠯᠠᠭᠰᠠᠨ ᠨᠢ᠂ ᠨᠢᠭᠡ ᠳᠤ᠂ ᠬᠠᠷᠢᠶ᠎ᠠ ᠣᠷᠣᠨ ᠤ ᠪᠠᠨ ᠪᠤᠢ ᠪᠦᠬᠦᠢ ᠮᠠᠰᠢᠨ ᠴᠠᠬᠢᠯᠭᠠᠨ ᠬᠤᠳᠳᠤᠭ ᠤᠨ ᠤᠰᠤ ᠭᠠᠷᠭᠠᠭᠰᠠᠨ ᠪᠠᠶᠢᠳᠠᠯ᠂ ᠢᠵᠢ ᠪᠦᠷᠢᠳᠦᠭᠰᠡᠨ ᠲᠥᠬᠦᠭᠡᠷᠦᠮᠵᠢ᠂ ᠬᠡᠷᠡᠭᠯᠡᠭᠰᠡᠨ ᠪᠠᠶᠢᠳᠠᠯ ᠢ ᠲᠣᠰᠬᠤᠨ ᠳᠠᠷᠠᠭᠠᠯᠠᠨ ᠲᠤᠬᠠᠢ ᠶᠢᠨ ᠭᠠᠵᠠᠷ ᠲᠤᠨᠢ ᠬᠢᠨᠠᠨ ᠪᠠᠶᠢᠴᠠᠭᠠᠵᠤ᠂ ︽ᠨᠢᠭᠡ ᠬᠤᠳᠳᠤᠭ ᠨᠢᠭᠡ ᠳᠠᠩᠰᠠ ᠡᠪᠬᠡᠮᠡᠯ︾ ᠤᠨ ᠳᠠᠩᠰᠠ ᠡᠪᠬᠡᠮᠡᠯ ᠤᠨ ᠮᠠᠲ᠋ᠧᠷᠢᠶᠠᠯ ᠢ ᠲᠡᠭᠦᠯᠳᠡᠷᠵᠢᠭᠦᠯᠵᠦ᠂ ᠰᠠᠭᠤᠷᠢ ᠲᠤᠭ᠎ᠠ ᠨᠢ ᠲᠣᠳᠣᠷᠬᠠᠢ᠂ ᠪᠠᠶᠢᠳᠠᠯ ᠨᠢ ᠲᠣᠳᠣᠷᠬᠠᠢ᠂ ᠪᠠᠶᠢᠷᠢ ᠲᠣᠭᠲᠠᠭᠠᠯᠲᠠ ᠨᠢ ᠣᠨᠣᠪᠴᠢᠲᠠᠢ ᠪᠠᠶᠢᠬᠤ ᠬᠡᠷᠡᠭᠲᠡᠢ᠃ ᠬᠤᠶᠠᠷ ᠲᠤ᠂ ᠠᠰᠠᠭᠤᠳᠠᠯ ᠲᠠᠢ ᠮᠠᠰᠢᠨ ᠴᠠᠬᠢᠯᠭᠠᠨ ᠬᠤᠳᠳᠤᠭ ᠢ ᠲᠥᠷᠥᠯ ᠬᠤᠪᠢᠶᠠᠨ ᠡᠮᠬᠢᠯᠡᠵᠦ᠂ ︽ᠬᠡᠨ ᠬᠡᠷᠡᠭᠯᠡᠪᠡᠯ ᠬᠡᠨ ᠬᠠᠮᠢᠶᠠᠷᠴᠤ ᠬᠠᠮᠠᠭᠠᠯᠠᠬᠤ︾ ᠵᠠᠷᠴᠢᠮ ᠶᠣᠰᠣᠭᠠᠷ᠂ ᠬᠤᠳᠳᠤᠭ ᠳᠠᠷᠠᠭᠠᠯᠠᠨ ᠴᠡᠭᠴᠡᠯᠡᠨ ᠰᠠᠶᠢᠵᠢᠷᠠᠭᠤᠯᠵᠤ᠂ ᠲᠣᠰᠬᠤᠨ ᠳᠠᠷᠠᠭᠠᠯᠠᠨ ᠰᠤᠳᠤᠯᠤᠨ ᠮᠠᠭᠠᠳᠯᠠᠵᠤ᠂ ᠮᠠᠰᠢᠨ ᠴᠠᠬᠢᠯᠭᠠᠨ ᠬᠤᠳᠳᠤᠭ ᠨᠢᠭᠡᠪᠦᠷᠢ ᠶᠢ ᠬᠡᠪ ᠤᠨ ᠶᠣᠰᠣᠭᠠᠷ ᠬᠡᠷᠡᠭᠯᠡᠬᠦ ᠶᠢ ᠪᠠᠲᠤᠯᠠᠬᠤ ᠬᠡᠷᠡᠭᠲᠡᠢ᠃ ᠭᠤᠷᠪᠠ ᠳᠤ᠂ ᠬᠠᠮᠢᠶᠠᠷᠴᠤ ᠬᠠᠮᠠᠭᠠᠯᠠᠬᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠠᠮᠢᠶᠠᠷᠴᠤ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠬᠠᠷᠢᠭᠤᠴᠠᠯᠭ᠎ᠠ ᠶᠢ ᠬᠤᠳᠳᠤᠭ ᠲᠤ ᠬᠦᠷᠭᠡᠬᠦ᠂ ᠬᠥᠮᠦᠨ ᠳᠤ ᠬᠦᠷᠲᠡᠯ᠎ᠡ ᠨᠠᠶᠢᠳᠠᠪᠤᠷᠢᠵᠢᠭᠤᠯᠬᠤ ᠶᠢ ᠲᠣᠳᠣᠷᠬᠠᠶᠢᠯᠠᠵᠤ ᠂ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠲᠥᠬᠦᠭᠡᠷᠦᠮᠵᠢ ᠶᠢᠨ ᠤᠷᠲᠤ ᠬᠤᠭᠤᠴᠠᠭᠠᠨ ᠤ ᠪᠦᠲᠦᠮᠵᠢᠲᠡᠢ ᠦᠢᠯᠡᠳᠦᠯ ᠢ ᠪᠠᠳᠠᠷᠠᠭᠤᠯᠬᠤ ᠶᠢ ᠪᠠᠲᠤᠯᠠᠬᠤ ᠬᠡᠷᠡᠭᠲᠡᠢ ᠬᠡᠵᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号