ᠯᠢ ᠴᠢᠶᠠᠩ ᠲᠢᠶᠠᠨᠵᠢᠨ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠴᠢᠬᠤᠯᠠᠴᠢᠯᠠᠭᠰᠠᠨ ᠨᠢ ᠰᠢᠨ᠎ᠡ ᠶᠢ ᠡᠭᠦᠳᠴᠦ ᠬᠥᠳᠡᠯᠭᠡᠬᠦ ᠬᠦᠴᠦᠨ ᠠᠮᠢᠵᠢᠷᠠᠯ ᠤᠨ ᠬᠦᠴᠦᠨ ᠢ ᠬᠥᠭᠵᠢᠭᠡᠬᠦ ᠶᠢ ᠢᠳᠡᠪᠬᠢᠲᠡᠢ ᠰᠦᠪᠡᠭᠴᠢᠯᠡᠬᠦ ᠬᠡᠷᠡᠭᠲᠡᠢ
ᠨᠡᠶᠢᠲᠡᠯᠡᠭᠰᠡᠨ ᠴᠠᠭ᠄
2024/7/24
   ᠰᠢᠨᠬᠤᠸᠠ ᠬᠤᠷᠢᠶᠠᠨ ᠤ ᠲᠢᠶᠠᠨᠵᠢᠨ ᠤ 7 ᠰᠠᠷ᠎ᠠ ᠶᠢᠨ 22 ᠤᠨ ᠡᠳᠦᠷ ᠤᠨ ᠴᠠᠬᠢᠯᠭᠠᠨ ᠮᠡᠳᠡᠭᠡ  ᠨᠠᠮ ᠤᠨ ᠳᠦᠪ ᠬᠤᠷᠢᠶᠠᠨ ᠤ ᠤᠯᠤᠰ ᠳᠦᠷᠤ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠳᠦᠷᠤ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 7 ᠰᠠᠷ᠎ᠠ ᠶᠢᠨ 22 ᠤᠨ ᠡᠳᠦᠷ ᠲᠢᠶᠠᠨᠵᠢᠨ ᠳᠤ ᠪᠠᠶᠢᠴᠠᠭᠠᠨ ᠰᠤᠳᠤᠯᠤᠯᠲᠠ ᠬᠢᠪᠡ᠃ ᠲᠡᠷᠡ ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠳᠡᠭᠡᠷᠡᠬᠢ ᠴᠢᠬᠤᠯᠠ ᠶᠠᠷᠢᠶ᠎ᠠ ᠪᠣᠯᠤᠨ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠬᠦᠴᠦᠯᠡᠨ ᠠᠬᠢᠭᠤᠯᠵᠤ᠂ ᠢᠳᠡᠪᠬᠢᠲᠡᠢ ᠪᠠᠷ ᠰᠦᠪᠡᠭᠴᠢᠯᠡᠨ ᠰᠢᠨ᠎ᠡ ᠶᠢ ᠡᠭᠦᠳᠴᠦ᠂ ᠬᠥᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ ᠢ ᠬᠥᠭᠵᠢᠭᠡᠵᠦ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠳᠤᠮᠳᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠯᠢ ᠴᠢᠶᠠᠩ ᠡᠩ ᠲᠡᠷᠢᠭᠦᠨ ᠳᠤ ᠲᠢᠶᠠᠨ ᠺᠠᠢ ᠳᠡᠭᠡᠳᠦ ᠵᠡᠷᠭᠡ ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠦᠷᠢᠶᠡᠯᠡᠩ ᠤᠨ ᠭᠤᠣᠯ ᠲᠣᠭᠤᠷᠢᠭ ᠲᠤ ᠬᠦᠷᠴᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠡᠵᠡᠩᠨᠡᠯᠲᠡ ᠶᠢᠨ ᠲᠠᠨᠢᠯᠴᠠᠭᠤᠯᠭ᠎ᠠ ᠶᠢ ᠰᠣᠨᠣᠰᠴᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠣᠯᠤᠨ ᠦᠢᠯᠡᠰ ᠪᠤᠰᠬᠠᠬᠤ ᠺᠣᠮᠫᠠᠨᠢ ᠶᠢᠨ ᠬᠠᠷᠢᠭᠤᠴᠠᠯᠭᠠᠲᠠᠨ ᠲᠠᠢ ᠰᠠᠨᠠᠯ ᠢᠶᠠᠨ ᠰᠣᠯᠢᠯᠴᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠦᠢᠯᠡᠴᠢᠯᠡᠭᠡᠨ ᠤ ᠠᠮᠢ ᠠᠬᠤᠢ ᠶᠢ ᠴᠣᠭᠴᠠᠯᠠᠭᠰᠠᠨ᠂ ᠦᠷ᠎ᠡ ᠪᠦᠲᠦᠭᠡᠯ ᠢ ᠰᠤᠳᠤᠯᠤᠨ ᠨᠡᠭᠡᠭᠡᠵᠦ ᠬᠤᠪᠢᠷᠠᠭᠤᠯᠤᠭᠰᠠᠨ ᠵᠡᠷᠭᠡ ᠪᠠᠶᠢᠳᠠᠯ ᠢ ᠣᠶᠢᠯᠠᠭᠠᠪᠠ᠃ ᠯᠢ ᠴᠢᠶᠠᠩ ᠬᠡᠯᠡᠭᠰᠡᠨ ᠨᠢ᠂ ᠰᠢᠨ᠎ᠡ ᠬᠥᠳᠡᠯᠭᠡᠭᠦᠷ ᠢ ᠨᠡᠮᠡᠭᠳᠡᠭᠦᠯᠵᠦ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠶᠢᠨ ᠵᠠᠩᠭᠢᠯᠠᠭ᠎ᠠ ᠨᠢ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠳᠤ ᠪᠠᠶᠢᠨ᠎ᠠ᠃ ᠰᠢᠨᠵᠢᠯᠡᠬᠦ ᠤᠬᠠᠭᠠᠨ ᠲᠧᠬᠨᠢᠭ᠋ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠬᠨᠢᠭ᠋ ᠮᠡᠷᠭᠡᠵᠢᠯ ᠤᠨ ᠴᠢᠳᠠᠪᠤᠷᠢᠲᠠᠨ ᠤ ᠪᠠᠶᠢᠭᠤᠯᠤᠮᠵᠢ ᠲᠣᠭᠲᠠᠴᠠ ᠶᠢ ᠨᠢᠭᠡ ᠴᠣᠭᠴᠠᠵᠢᠭᠤᠯᠤᠨ ᠥᠭᠡᠷᠡᠴᠢᠯᠡᠬᠦ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠨᠡᠩ ᠪᠦᠲᠦᠮᠵᠢᠲᠡᠢ᠂ ᠨᠡᠩ ᠲᠠᠲᠠᠬᠤ ᠬᠦᠴᠦᠨ ᠲᠠᠢ ᠰᠢᠨᠵᠢᠯᠡᠬᠦ ᠤᠬᠠᠭᠠᠨ ᠲᠧᠬᠨᠢᠭ᠋ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠢ ᠪᠠᠶᠢᠭᠤᠯᠬᠤ ᠬᠡᠷᠡᠭᠲᠡᠢ᠃ ᠲᠥᠷᠥ ᠶᠢᠨ ᠪᠣᠳᠣᠯᠭ᠎ᠠ᠂ ᠪᠡᠯᠡ ᠮᠥᠩᠭᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠡᠬᠢ ᠪᠠᠶᠠᠯᠢᠭ ᠵᠡᠷᠭᠡ ᠲᠠᠯ᠎ᠠ ᠪᠠᠷ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ ᠳᠡᠮᠵᠢᠬᠦ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠢ ᠤᠷᠮᠠᠰᠢᠭᠤᠯᠬᠤ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠨᠡᠩ ᠣᠯᠠᠨ ᠤᠯᠠᠷᠢᠭᠤᠯᠤᠨ ᠬᠡᠷᠡᠭᠯᠡᠬᠦ ᠶᠢ ᠠᠬᠢᠭᠤᠯᠤᠨ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠳᠬᠡᠨ ᠬᠥᠭᠵᠢᠭᠦᠯᠦᠨ᠎ᠡ᠃    ᠯᠢ ᠴᠢᠶᠠᠩ ᠪᠢᠨ ᠬᠠᠢ ᠰᠢᠨ᠎ᠡ ᠲᠣᠭᠤᠷᠢᠭ ᠲᠤ ᠬᠦᠷᠴᠦ᠂ ᠠᠦ᠋ᠰ ᠴᠠᠬᠢᠯᠭᠠᠨ ᠱᠠᠲᠤ ︵ᠳᠤᠮᠳᠠᠳᠤ ᠤᠯᠤᠰ︶ ᠶᠢᠨ ᠬᠢᠵᠠᠭᠠᠷᠲᠤ ᠺᠣᠮᠫᠠᠨᠢ ᠳᠤ᠂ ᠠᠵᠤ ᠠᠬᠤᠶᠢᠯᠠᠯ ᠤᠨ ᠰᠤᠳᠤᠯᠤᠨ ᠨᠡᠭᠡᠭᠡᠭᠰᠡᠨ ᠪᠠᠶᠢᠳᠠᠯ ᠢ ᠣᠶᠢᠯᠠᠭᠠᠵᠤ᠂ ᠣᠶᠤᠨᠴᠢ ᠦᠢᠯᠡᠳᠬᠦ ᠦᠢᠯᠡᠳᠪᠦᠷᠢᠯᠡᠯ ᠤᠨ ᠱᠤᠭᠤᠮ ᠢ ᠲᠣᠭᠤᠷᠢᠨ ᠦᠵᠡᠵᠦ᠂ ᠦᠢᠯᠡᠳᠬᠦᠨ ᠤ ᠠᠮᠤᠷ ᠲᠦᠪᠰᠢᠨ ᠤ ᠪᠠᠷᠢᠮᠵᠢᠶ᠎ᠠ ᠪᠣᠯᠤᠨ ᠬᠡᠷᠡᠭᠯᠡᠬᠦ ᠬᠤᠭᠤᠴᠠᠭ᠎ᠠ ᠶᠢ ᠨᠠᠷᠢᠨ ᠠᠰᠠᠭᠤᠨ ᠯᠠᠪᠯᠠᠪᠠ᠃ ᠲᠢᠶᠠᠨᠵᠢᠨ ᠤ ᠬᠤᠩ ᠰᠢᠨ ᠵᠢᠶᠠᠨ ᠹᠠ ᠲᠦᠷᠢᠶᠡᠰᠦᠯᠡᠬᠦ ᠬᠢᠵᠠᠭᠠᠷᠲᠤ ᠺᠣᠮᠫᠠᠨᠢ ᠳᠤ᠂ ᠯᠢ ᠴᠢᠶᠠᠩ ᠺᠣᠮᠫᠠᠨᠢ ᠶᠢᠨ ᠲᠤᠬᠠᠶᠢᠯᠠᠭᠰᠠᠨ ᠠᠵᠢᠯ ᠤᠨ ᠡᠵᠡᠩᠨᠡᠯᠲᠡ ᠪᠣᠯᠤᠨ ᠪᠡᠯᠡ ᠲᠣᠬᠢᠷᠠᠭᠤᠯᠭ᠎ᠠ ᠶᠢᠨ ᠲᠦᠷᠢᠶᠡᠰᠦᠯᠡᠯ ᠢ ᠬᠥᠭᠵᠢᠭᠦᠯᠦᠭᠰᠡᠨ ᠵᠡᠷᠭᠡ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠠᠢ᠃ ᠯᠢ ᠴᠢᠶᠠᠩ ᠵᠢᠭᠠᠵᠤ ᠭᠠᠷᠭᠠᠭᠰᠠᠨ ᠨᠢ᠂ ᠥᠭᠡᠷᠡᠴᠢᠯᠡᠯᠲᠡ ᠶᠢᠨ ᠠᠵᠠ ᠲᠣᠬᠢᠶᠠᠯ ᠢ ᠡᠵᠡᠮᠳᠡᠵᠦ᠂ ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠵᠡᠷᠭᠡ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠵᠦ᠂ ᠣᠶᠤᠨᠴᠢ ᠦᠢᠯᠡᠳᠬᠡᠯ ᠢᠶᠠᠷ ᠭᠤᠣᠯ ᠰᠢᠪᠲᠤᠯᠤᠯᠲᠠ ᠶᠢᠨ ᠴᠢᠭᠯᠡᠯ ᠪᠣᠯᠭᠠᠵᠤ᠂ ᠠᠬᠤᠢ ᠲᠠᠯᠠᠪᠠᠢ ᠶᠢᠨ ᠬᠡᠷᠡᠭᠯᠡᠯᠲᠡ ᠪᠠᠷ ᠬᠥᠲᠥᠯᠦᠮᠵᠢ ᠪᠣᠯᠭᠠᠵᠤ᠂ ᠠᠵᠤ ᠠᠬᠤᠶᠢᠯᠠᠯ ᠤᠨ ᠵᠣᠬᠢᠶᠠᠮᠠᠯ ᠣᠶᠤᠨᠴᠢ ᠰᠢᠨ᠎ᠡ ᠶᠢ ᠡᠭᠦᠳᠬᠦ ᠬᠡᠷᠡᠭᠯᠡᠯᠲᠡ ᠶᠢ ᠳᠡᠯᠭᠡᠷᠡᠭᠦᠯᠬᠦ ᠶᠢ ᠶᠡᠬᠡᠪᠡᠷ ᠳᠠᠮᠵᠢᠵᠤ᠂ ᠭᠤᠣᠯᠯᠠᠬᠤ ᠥᠷᠢᠰᠥᠯᠳᠦᠬᠦ ᠬᠦᠴᠦᠨ ᠲᠠᠢ ᠨᠡᠩ ᠣᠯᠠᠨ ᠠᠵᠤ ᠠᠬᠤᠶᠢᠯᠠᠯ ᠪᠠ ᠦᠢᠯᠡᠳᠬᠦᠨ ᠢ ᠥᠷᠢᠰᠥᠯᠳᠦᠭᠦᠯᠦᠨ ᠭᠠᠷᠭᠠᠬᠤ ᠬᠡᠷᠡᠭᠲᠡᠢ᠃ ᠪᠡᠯᠡ ᠬᠤᠷᠠᠮᠳᠤᠭᠤᠯᠬᠤ ᠲᠦᠷᠢᠶᠡᠰᠦᠯᠡᠯ ᠵᠡᠷᠭᠡ ᠮᠥᠩᠭᠦᠨ ᠭᠦᠢᠯᠭᠡᠭᠡᠨ ᠤ ᠪᠠᠭᠠᠵᠢ ᠶᠢ ᠰᠢᠨ᠎ᠡ ᠶᠢ ᠡᠭᠦᠳᠦᠨ ᠬᠡᠷᠡᠭᠯᠡᠵᠦ᠂ ᠪᠣᠳᠠᠲᠤ ᠴᠣᠭᠴᠠ ᠶᠢᠨ ᠠᠵᠤ ᠠᠬᠤᠢ ᠳᠤ ᠨᠡᠩ ᠰᠠᠶᠢᠲᠤᠷ ᠦᠢᠯᠡᠴᠢᠯᠡᠵᠦ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠬᠤ ᠬᠡᠷᠡᠭᠲᠡᠢ᠃         ᠪᠠᠶᠢᠴᠠᠭᠠᠨ ᠰᠤᠳᠤᠯᠤᠯᠲᠠ ᠶᠢᠨ ᠳᠤᠮᠳᠠ᠂ ᠯᠢ ᠴᠢᠶᠠᠩ ᠪᠢᠨ ᠬᠠᠢ ᠰᠢᠨ᠎ᠡ ᠲᠣᠭᠤᠷᠢᠭ ᠤᠨ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠬᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠲᠡᠷᠡ᠂ ᠪᠢᠨ ᠬᠠᠢ ᠰᠢᠨ᠎ᠡ ᠲᠣᠭᠤᠷᠢᠭ ᠪᠣᠯ ᠲᠢᠶᠠᠨᠵᠢᠨ ᠤ ᠠᠵᠤ ᠠᠬᠤᠢ ᠶᠢᠨ ᠬᠥᠭᠵᠢᠯᠲᠡ ᠶᠢᠨ ᠳᠠᠭᠠᠭᠤᠯᠤᠭᠴᠢ ᠮᠥᠨ᠂ ᠪᠠᠰᠠ ᠴᠤ ᠪᠡᠭᠡᠵᠢᠩ ᠲᠢᠶᠠᠨᠵᠢᠨ ᠾᠧᠪᠧᠢ ᠶᠢᠨ ᠬᠠᠮᠵᠢᠯᠴᠠᠨ ᠬᠥᠭᠵᠢᠬᠦ ᠳᠤ ᠦᠢᠯᠡᠴᠢᠯᠡᠬᠦ ᠴᠢᠬᠤᠯᠠ ᠲᠤᠯᠬᠤ ᠴᠡᠭ ᠮᠥᠨ᠃ ᠵᠣᠷᠢᠭᠲᠠᠢ ᠪᠠᠷ ᠬᠠᠶᠢᠨ ᠰᠦᠪᠡᠭᠴᠢᠯᠡᠵᠦ᠂ ᠵᠣᠷᠢᠭᠲᠠᠢ ᠪᠠᠷ ᠲᠡᠷᠢᠭᠦᠨ ᠤ ᠬᠢ ᠪᠣᠯᠬᠤ ᠪᠠᠷ ᠴᠢᠷᠮᠠᠶᠢᠵᠤ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠤᠮᠳᠠ ᠬᠥᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ ᠢ ᠨᠡᠩ ᠰᠠᠶᠢᠲᠤᠷ ᠬᠥᠭᠵᠢᠭᠡᠵᠦ᠂ ᠣᠨᠴᠠᠭᠠᠶᠢᠯᠠᠨ ᠴᠢᠯᠥᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠥᠭᠡᠷᠡᠴᠢᠯᠡᠯᠲᠡ᠂ ᠮᠥᠩᠭᠦᠨ ᠭᠦᠢᠯᠭᠡᠭᠡᠨ ᠤ ᠰᠢᠨ᠎ᠡ ᠶᠢ ᠡᠭᠦᠳᠬᠦ ᠬᠥᠭᠵᠢᠯᠲᠡ᠂ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠳᠠ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠵᠡᠷᠭᠡ ᠲᠠᠯ᠎ᠠ ᠪᠠᠷ ᠪᠠᠶᠢᠭᠤᠯᠤᠮᠵᠢ ᠲᠣᠭᠲᠠᠴᠠ ᠶᠢᠨ ᠰᠢᠨ᠎ᠡ ᠶᠢ ᠡᠭᠦᠳᠴᠦ᠂ ᠪᠣᠭᠤᠮᠢ ᠬᠢᠵᠠᠭᠠᠷᠯᠠᠯ ᠢ ᠰᠢᠪᠲᠤᠯᠬᠤ ᠬᠡᠷᠡᠭᠲᠡᠢ᠃ ᠳᠠᠪᠠᠭᠤᠯᠢᠭ ᠢᠶᠠᠨ ᠪᠠᠳᠠᠷᠠᠭᠤᠯᠵᠤ᠂ ᠣᠨᠴᠠᠯᠢᠭ ᠢᠶᠠᠨ ᠢᠯᠡᠷᠡᠭᠦᠯᠵᠦ᠂ ᠰᠢᠶᠠᠩᠭᠠᠩ ᠤᠨ ᠠᠵᠤ ᠦᠢᠯᠡᠰ ᠪᠠ ᠬᠤᠲᠠ ᠶᠢᠨ ᠠᠭᠤᠰᠤᠯᠴᠠᠨ ᠬᠥᠭᠵᠢᠬᠦ ᠶᠢ ᠲᠦᠷᠭᠡᠳᠬᠡᠨ ᠠᠬᠢᠭᠤᠯᠵᠤ᠂ ᠭᠠᠷᠠᠮ ᠤᠨ ᠤᠰᠤᠨ ᠲᠡᠭᠡᠭᠡᠪᠦᠷᠢ ᠶᠢᠨ ᠨᠥᠯᠥᠭᠡᠯᠡᠬᠦ ᠴᠢᠳᠠᠪᠤᠷᠢ ᠶᠢ ᠤᠯᠠᠮ ᠨᠢᠭᠡ ᠠᠯᠬᠤᠮ ᠶᠡᠬᠡᠰᠬᠡᠵᠦ᠂ ᠠᠵᠤ ᠦᠢᠯᠡᠰ ᠤᠨ ᠳᠡᠰ ᠳᠡᠪᠰᠢᠬᠦ ᠯᠤᠲᠤ ᠶᠡᠭᠡ ᠳᠠᠯᠳᠠ ᠬᠦᠴᠦᠨ ᠢ ᠤᠯᠠᠮ ᠨᠢᠭᠡ ᠠᠯᠬᠤᠮ ᠬᠥᠭᠵᠢᠭᠡᠵᠦ᠂ ᠠᠮᠢ ᠠᠬᠤᠢ ᠶᠢᠨ ᠬᠤᠲᠠ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠢ ᠷᠢᠳᠢ ᠰᠢᠳᠢ ᠶᠢ ᠤᠯᠠᠮ ᠨᠢᠭᠡ ᠠᠯᠬᠤᠮ ᠢᠯᠡᠷᠡᠭᠦᠯᠬᠦ ᠬᠡᠷᠡᠭᠲᠡᠢ᠃ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠡᠬᠢ ᠪᠠᠶᠠᠯᠢᠭ ᠢ ᠨᠡᠶᠢᠳᠬᠡᠵᠦ᠂ ᠪᠡᠭᠡᠵᠢᠩ᠂ ᠾᠧᠪᠧᠢ ᠵᠡᠷᠭᠡ ᠭᠠᠵᠠᠷ ᠯᠤᠭ᠎ᠠ ᠲᠥᠷᠥ ᠶᠢᠨ ᠪᠣᠳᠣᠯᠭ᠎ᠠ ᠶᠢᠨ ᠵᠣᠯᠭᠠᠯᠴᠠᠭ᠎ᠠ᠂ ᠲᠥᠷᠥᠯ ᠵᠦᠢᠯ ᠢ ᠬᠠᠮᠲᠤᠪᠠᠷ ᠪᠠᠶᠢᠭᠤᠯᠬᠤ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠢᠳᠡᠪᠬᠢᠲᠡᠢ ᠬᠦᠯᠢᠶᠡᠨ ᠠᠪᠴᠤ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠨ ᠪᠠᠶᠢᠭᠤᠯᠵᠤ᠂ ᠪᠡᠭᠡᠵᠢᠩ ᠲᠢᠶᠠᠨᠵᠢᠨ ᠾᠧᠪᠧᠢ ᠶᠢᠨ ᠬᠠᠮᠵᠢᠯᠴᠠᠬᠤ ᠬᠥᠭᠵᠢᠯᠲᠡ ᠶᠢ ᠠᠬᠢᠭᠤᠯᠬᠤ ᠳᠤᠮᠳᠠ ᠨᠡᠩ ᠶᠡᠭᠡ ᠦᠢᠯᠡᠳᠦᠯ ᠢᠶᠠᠨ ᠪᠠᠳᠠᠷᠠᠭᠤᠯᠬᠤ ᠬᠡᠷᠡᠭᠲᠡᠢ᠃    ᠯᠢ ᠴᠢᠶᠠᠩ ᠲᠢᠶᠠᠨᠵᠢᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠮᠵᠢᠯᠲᠠ ᠪᠦᠲᠦᠮᠵᠢ ᠶᠢ ᠭᠦᠢᠴᠡᠳ ᠨᠤᠲᠠᠯᠠᠵᠤ᠂ ᠲᠢᠶᠠᠨᠵᠢᠨ ᠤ ᠬᠢᠨ ᠶᠡᠷᠦᠩᠬᠡᠢ ᠱᠦᠵᠢ ᠰᠢ ᠶᠢᠨ ᠫᠢᠩ ᠤᠨ ᠲᠢᠶᠠᠨᠵᠢᠨ ᠤ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠡᠷᠡᠮᠡᠬᠡᠶᠢᠯᠡᠨ ᠤᠷᠤᠭᠰᠢᠯᠠᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠠᠯ᠎ᠠ ᠪᠠᠷ ᠲᠠᠰᠤᠷᠠᠯᠲᠠ ᠦᠭᠡᠢ ᠰᠢᠨ᠎ᠡ ᠠᠮᠵᠢᠯᠲᠠ ᠣᠯᠬᠤ ᠶᠢ ᠬᠦᠰᠡᠪᠡ᠃    ᠴᠧᠨ ᠮᠢᠨ ᠡᠯ᠂ ᠦ᠋ ᠵᠧᠩ ᠯᠦᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号