7 ᠰᠠᠷ᠎ᠠ ᠶᠢᠨ 24 ᠤ ᠡᠳᠦᠷ᠂ ᠭᠤᠣᠯ ᠤᠨ ᠪᠠᠶᠢᠰᠢᠩ ᠪᠠᠯᠭᠠᠰᠤ ︽2024 ᠣᠨ ᠤ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠥᠷᠲᠡᠭᠡ ᠶᠢᠨ ᠵᠢᠯᠣᠭᠤᠳᠣᠯᠭ᠎ᠠ︾ ᠶᠢᠨ | ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠡᠷᠢᠭᠦᠯᠡᠭᠴᠢ ᠳ᠋ᠠᠢ ᠶᠢᠨ ᠹᠧᠩ ᠡᠷᠬᠢᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠠᠯᠪᠠᠨ ᠭᠡᠷ ᠤᠨ ᠠᠵᠢᠯᠲᠠᠨ᠂ ᠡᠯ᠎ᠡ ᠭᠠᠴᠠᠭᠠᠨ ᠤ ᠨᠢᠭᠡᠳᠦᠭᠡᠷ ᠱᠦᠵᠢ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ︽2024 ᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ | ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ | ᠵᠣᠯᠭᠠᠭᠤᠯᠬᠤ ᠥᠷᠲᠡᠭᠡ ᠳᠤ ᠰᠠᠭᠤᠵᠤ ᠵᠢᠯᠣᠭᠤᠳᠬᠤ ᠠᠵᠢᠯ ᠢ ᠥᠷᠨᠢᠭᠦᠯᠬᠦ ᠲᠤᠬᠠᠢ ᠮᠡᠳᠡᠭᠳᠡᠯ︾ ᠤᠨ ᠪᠢᠴᠢᠭ | ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠬᠤ ᠶᠢᠨ ᠬᠠᠮᠲᠤ 2024 ᠣᠨ ᠤ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠬᠦ ᠪᠠ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠵᠤ ᠠᠬᠢᠭᠤᠯᠬᠤ ᠠᠵᠢᠯ ᠢ ᠳᠠᠬᠢᠨ ᠲᠣᠬᠢᠷᠠᠭᠤᠯᠵᠤ᠂ | ᠳᠠᠬᠢᠨ ᠪᠠᠶᠢᠷᠢᠯᠠᠭᠤᠯᠪᠠ᠃ | ᠬᠤᠷᠠᠯ ᠠᠴᠠ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠪᠣᠯ | ᠡᠷᠬᠡᠪᠰᠢ ᠰᠠᠶᠢᠲᠤᠷ ᠠᠳᠬᠤᠬᠤ ᠤᠯᠤᠰ ᠲᠥᠷᠥ ᠶᠢᠨ ᠡᠭᠦᠷᠭᠡ ᠪᠣᠯᠤᠨ᠎ᠠ᠂ ᠪᠦᠬᠦ ᠪᠠᠯᠭᠠᠰᠤ ᠪᠠᠷ ᠢᠶᠠᠨ ᠡᠨᠡᠬᠦ ᠠᠵᠢᠯ ᠢ | ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠯᠤᠰ ᠲᠥᠷᠥ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ | ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠪᠠᠨ | ᠰᠢᠯᠢᠳᠡᠭᠵᠢᠭᠦᠯᠵᠦ᠂ ᠡᠯ᠎ᠡ ᠭᠠᠴᠠᠭ᠎ᠠ ᠶᠢᠨ ᠬᠢᠨ ᠴᠠᠭ ᠲᠤᠬᠠᠢ ᠳᠤᠨᠢ ᠳᠤᠲᠠᠭᠳᠠᠯ ᠢ ᠨᠢ ᠪᠠᠶᠢᠴᠠᠭᠠᠨ ᠨᠥᠬᠦᠪᠥᠷᠢᠯᠡᠵᠦ᠂ | ᠮᠠᠲ᠋ᠧᠷᠢᠶᠠᠯ ᠤᠨ ᠠᠭᠤᠯᠭ᠎ᠠ ᠶᠢ ᠲᠡᠭᠦᠯᠳᠡᠷᠵᠢᠭᠦᠯᠬᠦ᠂ ᠲᠤᠭ᠎ᠠ ᠪᠠᠷᠢᠮᠲᠠ ᠨᠢ ᠣᠨᠣᠪᠴᠢᠲᠠᠢ᠂ ᠭᠡᠷᠡᠴᠢᠯᠡᠯ ᠨᠢ ᠪᠦᠷᠢᠨ | ᠭᠦᠢᠴᠡᠳ ᠪᠠᠶᠢᠬᠤ ᠶᠢ ᠦᠨᠡᠨᠬᠦ ᠪᠡᠶᠡᠯᠡᠭᠦᠯᠵᠦ᠂ ᠪᠦᠬᠦ ᠪᠠᠯᠭᠠᠰᠤ ᠪᠠᠷ ᠢᠶᠠᠨ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠪᠠᠲᠤᠯᠠᠬᠤ ᠬᠡᠷᠡᠭᠲᠡᠢ | ᠭᠡᠵᠦ ᠴᠢᠬᠤᠯᠠᠴᠢᠯᠠᠪᠠ᠃ |