ᠯᠠᠢ ᠳ᠋ᠦᠩ ᠸᠧᠢ᠄ ᠦᠨᠳᠦᠰᠦᠨ ᠱᠠᠲᠤᠨ ᠤ ᠳᠠᠶᠢᠴᠢᠨ ᠪᠠᠬᠢᠯᠡᠯᠲᠡ ᠶᠢ ᠪᠠᠶᠢᠭᠤᠯᠤᠨ ᠬᠦᠴᠦᠷᠬᠡᠭᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠲᠦᠷᠭᠡᠳᠬᠡᠨ᠎ᠡ
ᠨᠡᠶᠢᠲᠡᠯᠡᠭᠰᠡᠨ ᠴᠠᠭ᠄
2024/7/25
   ᠯᠠᠢ ᠳ᠋ᠦᠩ ᠸᠧᠢ᠂ ᠤᠳᠤ ᠡᠮᠲᠦ ᠶᠢᠨ ᠭᠤᠣᠯ ᠰᠤᠮᠤᠨ ᠤ ᠰᠢᠨᠹᠧᠩ ᠭᠠᠴᠠᠭᠠᠨ ᠤ ᠨᠠᠮ ᠤᠨ ᠡᠭᠦᠷ ᠤᠨ ᠱᠦᠵᠢ ᠪᠥᠭᠡᠳ ᠭᠠᠴᠠᠭᠠᠨ ᠤ ᠨᠠᠮ ᠤᠨ ᠡᠭᠦᠷ ᠤᠨ ᠱᠦᠵᠢ ᠶᠢᠨ ᠲᠤᠰᠢᠶᠠᠯ ᠢ ᠬᠠᠷᠢᠭᠤᠴᠠᠵᠤ ᠪᠠᠶᠢᠨ᠎ᠠ᠃ ᠡᠪ ᠬᠠᠮᠲᠤ ᠨᠠᠮ ᠤᠨ ᠭᠡᠰᠢᠭᠦᠨ ᠪᠣᠯᠤᠭᠰᠠᠨ ᠤ ᠬᠤᠪᠢ ᠳᠤ᠂ ᠲᠡᠷᠡ ᠥᠪᠡᠷ ᠤᠨ ᠤᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ ᠪᠠᠨ ᠢᠮᠠᠭᠲᠠ ᠦᠢᠯᠡᠳᠦᠯᠭᠡᠵᠢᠭᠦᠯᠵᠦ᠂ ᠯᠠᠪᠳᠠᠭᠤᠨ ᠪᠠᠲᠤᠲᠠᠢ ᠨᠠᠷᠢᠨ ᠬᠢᠨᠠᠮᠠᠭᠠᠢ ᠠᠵᠢᠯ ᠤᠨ ᠰᠤᠷᠲᠠᠯ ᠢᠶᠠᠷ ᠭᠠᠴᠠᠭᠠᠨ ᠤ ᠬᠥᠭᠵᠢᠯᠲᠡ ᠳᠤ ᠢᠳᠡᠪᠬᠢᠲᠡᠢ ᠬᠤᠪᠢ ᠨᠡᠮᠡᠷᠢ ᠦᠵᠡᠭᠦᠯᠵᠦ᠂ ᠨᠠᠮ ᠤᠨ ᠭᠡᠰᠢᠭᠦᠨ ᠣᠯᠠᠨ ᠲᠦᠮᠡᠨ ᠤ ᠨᠡᠶᠢᠳᠡᠮ ᠤᠨ ᠰᠠᠶᠢᠨ ᠦᠨᠡᠯᠡᠯᠲᠡ ᠶᠢ ᠣᠯᠪᠠ᠃ 2024 ᠣᠨ ᠤ 6 ᠰᠠᠷ᠎ᠠ ᠳᠤ ᠪᠦᠬᠦ ᠠᠶᠢᠮᠠᠭ ᠤᠨ ᠰᠢᠯᠢᠳᠡᠭ ᠡᠪ ᠬᠠᠮᠲᠤ ᠨᠠᠮ ᠤᠨ ᠭᠡᠰᠢᠭᠦᠨ ᠢᠶᠠᠷ ᠦᠨᠡᠯᠡᠭᠳᠡᠪᠡ᠃    ᠬᠡᠪ ᠴᠢᠨᠠᠷ ᠢ ᠳᠡᠭᠡᠭᠰᠢᠯᠡᠭᠦᠯᠬᠦ ᠶᠢ ᠴᠢᠩᠭᠠᠳᠬᠠᠵᠤ ᠦᠨᠳᠦᠰᠦᠨ ᠱᠠᠲᠤᠨ ᠤ ᠪᠠᠬᠢᠯᠡᠯᠲᠡ ᠶᠢ ᠪᠠᠬᠢᠵᠢᠬᠦᠯᠪᠡ    ᠯᠠᠢ ᠳ᠋ᠦᠩ ᠸᠧᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ ᠪᠣᠯᠭᠠᠬᠤ ᠭᠤᠣᠯ ᠱᠤᠭᠤᠮ ᠢ ᠭᠠᠴᠠᠭᠠᠨ ᠤ ᠡᠯ᠎ᠡ ᠵᠦᠢᠯ ᠤᠨ ᠠᠵᠢᠯ ᠳᠤ ᠲᠤᠤᠱᠯᠠᠭᠤᠯᠵᠤ᠂ ᠠᠨᠠᠷ ᠤᠨ ᠦᠷ᠎ᠡ ᠮᠡᠲᠦ ᠪᠠᠷ ᠰᠡᠳᠬᠢᠯ ᠢᠶᠠᠨ ᠨᠢᠭᠡᠳᠬᠡᠨ ᠬᠦᠰᠡᠯ ᠵᠡᠭᠦᠳᠦ ᠪᠠᠨ ᠲᠡᠷᠭᠡᠯᠰᠢᠭᠦᠯᠬᠦ ᠠᠵᠢᠯᠯᠠᠭ᠎ᠠ ᠶᠢ 20 ᠤᠳᠠᠭ᠎ᠠ᠂ ᠳᠤᠮᠳᠠᠳᠤ ᠶᠢᠨ ᠦᠨᠳᠦᠰᠦᠲᠡᠨ ᠤ ᠣᠯᠠᠨ ᠢᠶᠠᠷ ᠢᠶᠠᠨ ᠰᠤᠷᠤᠯᠴᠠᠬᠤ ᠠᠵᠢᠯᠯᠠᠭ᠎ᠠ ᠶᠢ 12 ᠤᠳᠠᠭ᠎ᠠ ᠥᠷᠨᠢᠭᠦᠯᠵᠦ᠂ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠬᠤ︾ ᠠᠵᠢᠯᠯᠠᠭ᠎ᠠ ᠶᠢ 6 ᠤᠳᠠᠭ᠎ᠠ ᠥᠷᠨᠢᠭᠦᠯᠪᠡ᠃ ᠮᠠᠯᠴᠢᠨ ᠲᠠᠷᠢᠶᠠᠴᠢᠨ ᠤ ᠣᠶᠤᠨ ᠤ ᠪᠣᠯᠪᠠᠰᠤᠨ ᠤ ᠠᠮᠢᠳᠤᠷᠠᠯ ᠢ ᠪᠠᠶᠠᠯᠢᠭᠵᠢᠭᠤᠯᠬᠤ ᠶᠢᠨ ᠲᠥᠯᠥᠭᠡ᠂ ᠶᠠᠩᠭᠠᠷ ᠪᠥᠵᠢᠭ᠂ ᠠᠷᠠᠳ ᠤᠨ ᠳᠠᠭᠤᠤ ᠳᠠᠭᠤᠯᠠᠬᠤ᠂ ᠠᠨᠳᠠᠢ ᠪᠥᠵᠢᠭ ᠦᠰᠦᠷᠬᠦ ᠵᠡᠷᠭᠡ ᠤᠳᠬ᠎ᠠ ᠤᠷᠠᠯᠢᠭ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠠᠷᠪᠠᠨ ᠣᠳᠣᠨ ᠳᠡᠰ ᠤᠨ ᠪᠣᠯᠪᠠᠰᠤᠨ ᠭᠡᠷ ᠪᠦᠯᠢ ᠶᠢ ᠢᠳᠡᠪᠬᠢᠲᠡᠢ ᠪᠣᠢ ᠪᠣᠯᠭᠠᠵᠤ᠂ ᠬᠥᠮᠦᠨ ᠪᠦᠬᠦᠨ ᠮᠡᠳᠡᠬᠦ᠂ ᠬᠥᠮᠦᠨ ᠪᠦᠬᠦᠨ ᠣᠷᠣᠯᠴᠠᠬᠤ ᠡᠶ᠎ᠡ ᠵᠣᠬᠢᠴᠠᠯ ᠲᠠᠢ ᠭᠠᠴᠠᠭ᠎ᠠ ᠶᠢ ᠪᠣᠢ ᠪᠣᠯᠭᠠᠪᠠ᠃ ᠲᠡᠭᠦᠨ ᠤ ᠳᠠᠭᠠᠭᠤᠯᠭ᠎ᠠ ᠪᠠ ᠳᠠᠶᠢᠴᠢᠯᠠᠯᠲᠠ ᠳᠣᠣᠷ᠎ᠠ᠂ ᠭᠠᠴᠠᠭᠠᠨ ᠤ ᠨᠠᠮ ᠤᠨ ᠭᠡᠰᠢᠭᠦᠨ ᠣᠯᠠᠨ ᠲᠦᠮᠡᠨ ᠤ ᠵᠣᠬᠢᠶᠠᠨ ᠪᠠᠶᠢᠭᠤᠯᠬᠤ ᠦᠵᠡᠯᠲᠡ ᠪᠠ ᠦᠢᠯᠡᠴᠢᠯᠡᠭᠡᠨ ᠤ ᠤᠬᠠᠮᠰᠠᠷ ᠲᠠᠰᠤᠷᠠᠯᠲᠠ ᠥᠬᠡᠶ ᠴᠢᠩᠭᠠᠷᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠦᠶᠡᠷ ᠢ ᠰᠡᠷᠭᠡᠶᠢᠯᠡᠵᠦ ᠠᠶᠤᠯ ᠠᠴᠠ ᠠᠪᠤᠷᠠᠬᠤ᠂ ᠠᠮᠤᠷ ᠠᠮᠤᠭᠤᠯᠠᠩ ᠢ ᠡᠭᠦᠳᠦᠨ ᠪᠠᠶᠢᠭᠤᠯᠬᠤ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠡᠷᠭᠡ ᠭᠤᠣᠯᠳᠠᠯᠭ᠎ᠠ ᠲᠠᠢ ᠠᠵᠢᠯ ᠳᠤ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠬᠤᠰᠢᠭᠤᠴᠢ ᠵᠢᠱᠢᠶᠡᠴᠢ ᠦᠢᠯᠡᠳᠦᠯ ᠢᠶᠠᠨ ᠪᠠᠳᠠᠷᠠᠭᠤᠯᠪᠠ᠃    ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡ ᠶᠢ ᠰᠢᠯᠢᠳᠡᠭᠵᠢᠭᠦᠯᠵᠦ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠬᠦᠯᠪᠡ    ᠯᠠᠢ ᠳ᠋ᠦᠩ ᠸᠧᠢ ᠠᠷᠠᠳ ᠤᠨ ᠲᠥᠯᠥᠭᠡ ᠪᠣᠳᠠᠲᠠᠢ ᠶᠠᠪᠤᠳᠠᠯ ᠬᠢᠬᠦ ᠶᠢ ᠢᠮᠠᠭᠲᠠ ᠪᠠᠷᠢᠮᠲᠠᠯᠠᠵᠤ᠂ ᠭᠠᠴᠠᠭᠠᠨ ᠤ ︽ᠬᠤᠶᠠᠷ ᠵᠥᠪᠯᠡᠯ︾ ᠤᠨ ᠪᠠᠭ ᠢ ᠳᠠᠭᠠᠭᠤᠯᠤᠨ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡ᠂ ᠦᠨᠳᠦᠰᠦᠨ ᠱᠠᠲᠤᠨ ᠤ ᠵᠠᠰᠠᠯᠲᠠ ᠵᠡᠷᠭᠡ ᠬᠠᠮᠢᠶ᠎ᠠ ᠪᠦᠬᠦᠢ ᠳᠦᠷᠢᠮ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ︽ᠨᠢᠭᠡ ᠥᠷᠲᠡᠭᠡᠴᠢᠯᠡᠭᠰᠡᠨ︾ ᠠᠯᠪᠠᠯᠠᠬᠤ᠂ ︽ᠬᠡᠯᠬᠢᠶ᠎ᠡ︾ ᠦᠢᠯᠡᠴᠢᠯᠡᠭᠡ ᠶᠢ ᠬᠡᠷᠡᠭᠵᠢᠭᠦᠯᠵᠦ᠂ ︽ᠨᠠᠮ ᠤᠨ ᠪᠠᠶᠢᠭᠤᠯᠤᠯᠲᠠ ᠶᠢᠨ ᠲᠠᠪᠴᠠᠩ︾ ᠤᠨ ᠦᠢᠯᠡᠴᠢᠯᠡᠭᠡᠨ ᠤ ᠵᠠᠭᠪᠤᠷ ᠢ ᠬᠡᠷᠡᠭᠵᠢᠭᠦᠯᠵᠦ᠂ ᠮᠠᠯᠴᠢᠨ ᠲᠠᠷᠢᠶᠠᠴᠢᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠴᠤᠭᠯᠠᠭᠤᠯᠵᠤ᠂ ᠶᠠᠪᠤᠳᠠᠯ ᠪᠦᠬᠦᠨ ᠳᠤ ᠬᠠᠷᠢᠭᠤᠯᠲᠠ ᠥᠭᠴᠦ᠂ ᠶᠠᠪᠤᠳᠠᠯ ᠪᠦᠬᠦᠨ ᠳᠤ ᠨᠠᠶᠢᠳᠠᠪᠤᠷᠢᠵᠢᠭᠤᠯᠵᠠᠢ᠃ ᠪᠦᠬᠦ ᠵᠢᠯ ᠳᠤ 39 ᠰᠠᠨᠠᠯ ᠰᠠᠨᠠᠭᠤᠯᠭ᠎ᠠ ᠬᠤᠷᠢᠶᠠᠵᠤ᠂ ᠪᠦᠬᠦᠨ ᠢ ᠰᠢᠢᠳᠪᠦᠷᠢᠯᠡᠨ ᠥᠭᠴᠦ᠂ 37 ᠵᠦᠢᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠭᠦᠢᠴᠡᠳᠬᠡᠵᠦ᠂ 98 ᠵᠦᠢᠯ ᠤᠨ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠬᠡᠷᠡᠭ ᠢ ᠰᠢᠢᠳᠪᠦᠷᠢᠯᠡᠪᠡ᠃ ︽ᠲᠣᠣᠷᠵᠢᠯ ᠤᠨ ᠨᠠᠮ ᠤᠨ ᠡᠭᠦᠷ - ᠨᠠᠮ ᠤᠨ ᠤᠳᠤᠷᠢᠳᠬᠤ ᠳᠤᠭᠤᠶᠢᠯᠠᠩ - ᠨᠠᠮ ᠤᠨ ᠭᠡᠰᠢᠭᠦᠨ ᠤ ᠭᠤᠣᠯ ᠡᠷᠦᠬᠡ︾ ᠭᠤᠷᠪᠠᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠣᠣᠷᠵᠢᠯ ᠳᠤ ᠲᠦᠰᠢᠭᠯᠡᠨ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ ᠲᠣᠣᠷ ᠢ ᠪᠠᠲᠤ ᠴᠣᠭᠴᠠᠯᠠᠨ᠎ᠠ᠃    ᠠᠵᠤ ᠦᠢᠯᠡᠰ ᠤᠨ ᠬᠥᠭᠵᠢᠯᠲᠡ ᠶᠢ ᠴᠢᠬᠤᠯᠠᠴᠢᠯᠠᠵᠤ ᠣᠯᠠᠨ ᠲᠦᠮᠡᠨ ᠢ ᠳᠠᠭᠠᠭᠤᠯᠤᠨ ᠪᠠᠶᠠᠵᠢᠭᠤᠯᠪᠠ    ᠭᠠᠴᠠᠭᠠᠨ ᠤ ᠠᠵᠤ ᠦᠢᠯᠡᠰ ᠤᠨ ᠬᠥᠭᠵᠢᠯᠲᠡ ᠶᠢᠨ ᠳᠠᠭᠠᠭᠤᠯᠤᠭᠴᠢ ᠪᠣᠯᠤᠭᠰᠠᠨ ᠤ ᠬᠤᠪᠢ ᠳᠤ᠂ ᠯᠠᠢ ᠳ᠋ᠦᠩ ᠸᠧᠢ ᠨᠠᠮ ᠤᠨ ᠡᠭᠦᠷ ᠤᠨ ᠳᠠᠭᠠᠭᠤᠯᠤᠨ ᠡᠷᠬᠢᠯᠡᠭᠰᠡᠨ ᠬᠤᠷᠰᠢᠶᠠᠵᠢᠯ ᠢ ᠠᠬᠢᠭᠤᠯᠵᠤ᠂ ︽ᠠᠪᠠᠭ᠎ᠠ ᠨᠣᠭᠤᠭ᠎ᠠ︾ ᠶᠢᠨ ᠤᠰᠤ ᠥᠬᠡᠶᠢᠳᠡᠭᠦᠯᠦᠭᠰᠡᠨ ᠬᠠᠭᠤᠷᠠᠢ ᠨᠣᠭᠤᠭ᠎ᠠ ᠶᠢᠨ ᠲᠦᠷᠦᠯ ᠲᠡᠮᠳᠡᠭ ᠢ 200 ᠭᠠᠷᠤᠢ ᠳᠠᠩᠰᠠᠯᠠᠭᠤᠯᠵᠤ᠂ ᠭᠠᠴᠠᠭᠠᠨ ᠤ ᠰᠤᠯᠠ ᠪᠠᠶᠢᠭ᠎ᠠ ᠭᠠᠵᠠᠷ ᠰᠢᠷᠣᠢ ᠶᠢ ᠠᠮᠢᠯᠠᠭᠤᠯᠵᠤ᠂ ︽ᠳᠥᠷᠪᠡᠨ ᠪᠦᠰᠡ︾ ︵ᠲᠠᠷᠢᠶᠠᠨ ᠦᠷ᠎ᠡ ᠳᠠᠭᠠᠭᠤᠯᠬᠤ᠂ ᠮᠡᠷᠭᠡᠵᠢᠯ᠂ ᠵᠢᠯᠣᠭᠤᠳᠣᠯᠭ᠎ᠠ᠂ ᠪᠣᠷᠣᠯᠠᠭᠤᠯᠭ᠎ᠠ ᠶᠢ ᠳᠠᠭᠠᠭᠤᠯᠬᠤ︶ ᠶᠢᠨ ︽ᠭᠤᠷᠪᠠᠨ ᠴᠣᠭᠴᠠ︾ ︵ᠬᠦᠷᠢᠶ᠎ᠡ ᠬᠠᠰᠢᠶ᠎ᠠ ᠶᠢᠨ ᠠᠵᠤ ᠠᠬᠤᠢ ᠶᠢᠨ ᠨᠠᠮ ᠤᠨ ᠭᠡᠰᠢᠭᠦᠨ ᠲᠦᠷᠦᠭᠦᠯᠡᠬᠦ᠂ ᠬᠦᠷᠢᠶ᠎ᠡ ᠬᠠᠰᠢᠶ᠎ᠠ ᠶᠢᠨ ᠠᠵᠤ ᠠᠬᠤᠢ ᠶᠢ ᠭᠠᠳᠠᠭᠰᠢ ᠲᠦᠷᠢᠶᠡᠰᠦᠯᠡᠭᠦᠯᠬᠦ᠂ ᠬᠦᠷᠢᠶ᠎ᠡ ᠬᠠᠰᠢᠶ᠎ᠠ ᠶᠢᠨ ᠠᠵᠤ ᠠᠬᠤᠢ ᠶᠢᠨ ᠲᠣᠰᠬᠤᠨ ᠤ ᠠᠷᠠᠳ ᠥᠪᠡᠰᠦᠪᠡᠨ ᠳᠠᠷᠢᠬᠤ︶ ᠶᠢᠨ ᠵᠠᠭᠪᠤᠷ ᠢᠶᠠᠷ ᠳᠠᠮᠵᠢᠭᠤᠯᠤᠨ᠂ ᠦᠢᠯᠡᠳᠪᠦᠷᠢᠯᠡᠵᠦ ᠡᠳ᠋ᠰᠢᠭᠦᠯᠬᠦ ᠬᠡᠪᠴᠢᠶ᠎ᠡ ᠶᠢ ᠥᠷᠭᠡᠳᠬᠡᠵᠦ᠂ ᠦᠢᠯᠡᠳᠪᠦᠷᠢᠯᠡᠵᠦ ᠡᠳ᠋ᠰᠢᠭᠦᠯᠬᠦ ᠠᠴᠠ ᠵᠢᠮᠢᠰ ᠨᠣᠭᠤᠭ᠎ᠠ ᠶᠢ ᠬᠠᠭᠰᠠᠭᠠᠭᠰᠠᠨ ᠤ ᠳᠠᠷᠠᠭ᠎ᠠ ᠳᠠᠬᠢᠨ ᠬᠦᠢᠲᠡᠨ ᠰᠣᠷᠭᠤᠭ ᠬᠠᠳᠠᠭᠠᠯᠠᠬᠤ ᠬᠦᠷᠲᠡᠯᠡᠬᠢ ᠬᠡᠪᠴᠢᠶᠡᠵᠢᠭᠰᠡᠨ ᠡᠵᠡᠩᠨᠡᠯᠲᠡ ᠶᠢ ᠪᠡᠶᠡᠯᠡᠭᠦᠯᠵᠦ᠂ ᠨᠡᠷᠡᠲᠦ ᠲᠥᠷᠥᠯ ᠲᠡᠮᠳᠡᠭᠲᠦ ᠶᠢᠨ ᠦᠷ᠎ᠡ ᠠᠰᠢᠭ ᠢᠶᠠᠷ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠪᠣᠷᠣᠯᠠᠭᠤᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠨᠡᠮᠡᠭᠳᠡᠯ ᠢ ᠠᠬᠢᠭᠤᠯᠵᠤ᠂ ᠲᠠᠷᠢᠶᠠᠴᠢᠨ ᠡᠷᠦᠬᠡ ᠶᠢᠨ ︽ᠰᠤᠯᠠ ᠪᠠᠶᠢᠭ᠎ᠠ ᠭᠠᠵᠠᠷ︾ ᠢ ︽ᠪᠠᠶᠠᠵᠢᠯ ᠤᠨ ᠬᠦᠷᠢᠶᠡᠯᠡᠩ︾ ᠪᠣᠯᠭᠠᠨ ᠬᠤᠪᠢᠷᠠᠭᠤᠯᠵᠤ᠂ 2023 ᠣᠨ ᠳᠤ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢ 10 ᠲᠦᠮᠡ ᠭᠠᠷᠤᠢ ᠲᠥᠭᠦᠷᠢᠭ ᠨᠡᠮᠡᠭᠳᠡᠭᠦᠯᠵᠦ᠂ ᠡᠷᠦᠬᠡ ᠪᠦᠷᠢ ᠶᠢᠨ ᠳᠤᠮᠳᠠᠴᠢ ᠣᠷᠣᠯᠭ᠎ᠠ ᠶᠢ 3000 ᠲᠥᠭᠦᠷᠢᠭ ᠨᠡᠮᠡᠭᠳᠡᠭᠦᠯᠪᠡ᠃   
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号