ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ 79 ᠳ᠋ᠦᠭᠡᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/25
   7 ᠰᠠᠷ᠎ᠠ ᠶᠢᠨ 24 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠼᠠᠢ ᠪᠦᠦ ᠵᠢᠶᠦ᠋ᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ 79 ᠳ᠋ᠦᠭᠡᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠪᠠ᠃    ᠬᠤᠷᠠᠯ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠤᠯᠤᠰ ᠲᠥᠷᠥ ᠶᠢᠨ ᠠᠵᠢᠯ ᠤᠨ ᠬᠤᠷᠠᠯ ᠵᠢᠴᠢ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠵᠡᠷᠭᠡ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠤᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ︔ ︽ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠤᠳᠤᠷᠢᠳᠬᠤ ᠪᠠᠭ ᠵᠢᠴᠢ ᠲᠡᠭᠦᠨ ᠤ ᠪᠦᠷᠢᠯᠳᠦᠬᠦᠨ ᠤ ᠡᠮ ᠤᠨ ᠵᠦᠢᠯ ᠤᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠤᠨ ᠲᠣᠭᠲᠠᠭᠠᠯ︾ ᠢ ᠤᠯᠠᠮᠵᠢᠯᠠᠨ ᠰᠤᠷᠤᠯᠴᠠᠵᠤ᠂ ᠪᠦᠬᠦ ᠬᠤᠰᠢᠭᠤᠨ ᠤ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ᠂ ᠤᠯᠤᠰ ᠲᠥᠷᠥ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠤᠬᠠᠭᠤᠯᠵᠤ᠂ ᠰᠠᠶᠢᠲᠤᠷ ᠲᠤᠤᠱᠯᠠᠭᠤᠯᠵᠤ᠂ ᠰᠠᠶᠢᠲᠤᠷ ᠨᠠᠶᠢᠳᠠᠪᠤᠷᠢᠵᠢᠭᠤᠯᠵᠤ᠂ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠣᠳᠣᠬᠠᠨ ᠤ ᠭᠤᠣᠯᠳᠠᠯᠭ᠎ᠠ ᠲᠠᠢ ᠠᠵᠢᠯ ᠲᠠᠢ ᠤᠶᠠᠯᠳᠤᠭᠤᠯᠬᠤ ᠬᠡᠷᠡᠭᠲᠡᠢ᠃ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠳᠠᠶᠢᠨ ᠳᠤ ᠪᠡᠯᠡᠳᠬᠡᠵᠦ ᠳᠠᠶᠢᠨ ᠬᠢᠬᠦ ᠡᠨᠡ ᠬᠦ ᠭᠤᠣᠯᠳᠠᠯᠭ᠎ᠠ ᠶᠢ ᠴᠢᠩᠭ᠎ᠠ ᠠᠳᠬᠤᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠴᠢᠩᠭᠠᠳᠬᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠪᠣᠯᠤᠨ ᠪᠡᠯᠡᠳᠬᠡᠯ ᠬᠦᠴᠦᠨ ᠤ ᠪᠠᠶᠢᠭᠤᠯᠤᠯᠲᠠ ᠶᠢᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠬᠡᠷᠡᠭᠲᠡᠢ᠃ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠶᠢ ᠨᠢᠭᠡ ᠵᠦᠢᠯ ᠤᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠤᠯᠤᠰ ᠲᠥᠷᠥ ᠶᠢᠨ ᠦᠨᠳᠦᠷᠴᠡ ᠠᠴᠠ ᠬᠡᠯᠪᠡᠷᠢᠴᠢ ᠦᠵᠡᠯ ᠤᠨ ᠮᠥᠨ ᠴᠢᠨᠠᠷ ᠢ ᠬᠢᠨᠠᠨ ᠦᠵᠡᠵᠦ᠂ ᠳᠣᠪᠤᠶᠢᠮ᠎ᠠ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠬᠦᠷᠢᠶᠡᠨ ᠳᠠᠬᠢ ᠨᠡᠶᠢᠲᠡᠯᠢᠭ ᠠᠰᠠᠭᠤᠳᠠᠯ ᠤᠨ ᠰᠡᠷᠡᠮᠵᠢᠯᠡᠭᠦᠯᠬᠦ ᠬᠥᠮᠦᠵᠢᠯ ᠤᠨ ᠡᠷᠴᠢᠮ ᠢ ᠴᠢᠩᠭᠠᠳᠬᠠᠵᠤ᠂ ᠳᠠᠷᠤᠭᠠᠰᠤ ᠶᠢ ᠬᠥᠩᠭᠡᠷᠡᠭᠦᠯᠬᠦ ᠠᠵᠢᠯ ᠤᠨ ᠭᠦᠨᠵᠡᠭᠡᠶᠢᠷᠡᠨ ᠪᠣᠳᠠᠲᠠᠶᠢᠵᠢᠵᠤ᠂ ᠪᠣᠳᠠᠲᠠᠢ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ᠃    ᠬᠤᠷᠠᠯ ᠠᠴᠠ᠂ ᠠᠶᠤᠯ ᠲᠦᠭᠰᠢᠭᠦᠷᠢ ᠶᠢ ᠰᠡᠷᠭᠡᠶᠢᠯᠡᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠦᠶᠡᠷ ᠢ ᠰᠡᠷᠭᠡᠶᠢᠯᠡᠬᠦ ᠬᠦᠴᠦᠨ ᠢ ᠴᠢᠩᠭᠠᠳᠬᠠᠵᠤ᠂ ᠡᠳ᠋ ᠪᠣᠳᠠᠰ ᠲᠥᠬᠦᠭᠡᠷᠦᠮᠵᠢ ᠶᠢ ᠰᠠᠶᠢᠲᠤᠷ ᠨᠥᠭᠡᠴᠡᠯᠡᠵᠦ᠂ ᠡᠯ᠎ᠡ ᠲᠥᠷᠥᠯ ᠤᠨ ᠠᠶᠤᠯ ᠲᠦᠭᠰᠢᠭᠦᠷᠢ ᠭᠡᠮ ᠰᠣᠭᠤᠭ ᠢ ᠤᠷᠢᠳᠴᠢᠯᠠᠨ ᠪᠠᠶᠢᠴᠠᠭᠠᠵᠤ᠂ ᠵᠢᠵᠢᠭᠦᠷᠯᠡᠨ ᠰᠠᠬᠢᠬᠤ ᠳᠦᠷᠢᠮ ᠢ ᠨᠠᠶᠢᠳᠠᠪᠤᠷᠢᠵᠢᠭᠤᠯᠵᠤ᠂ ᠲᠣᠭᠲᠠᠭᠤᠨ ᠢᠶᠠᠷ ︽ᠳᠣᠯᠣᠭᠠᠨ ᠰᠠᠷ᠎ᠠ ᠶᠢᠨ ᠰᠡᠭᠦᠯᠴᠢ ᠨᠠᠢᠮᠠᠨ ᠰᠠᠷ᠎ᠠ ᠶᠢᠨ ᠡᠬᠢᠨ︾ ᠤ ᠦᠶᠡᠷ ᠢ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭ᠎ᠠ ᠶᠢ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ᠃ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠪᠣᠯ ᠴᠢᠬᠤᠯᠠ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ᠂ ᠠᠷᠠᠳ ᠤᠨ ᠰᠡᠳᠬᠢᠯ ᠤᠨ ᠢᠨᠵᠧᠨᠧᠷᠢᠩ ᠪᠣᠯᠤᠨ᠎ᠠ᠂ ᠪᠦᠬᠦ ᠶᠠᠪᠤᠴᠠ ᠳᠤ ᠵᠠᠰᠠᠬᠤ ᠣᠶᠢᠯᠠᠭᠠᠭᠳᠠᠬᠤᠨ ᠢ ᠪᠠᠷᠢᠮᠲᠠᠯᠠᠵᠤ ᠂ ᠡᠬᠢ ᠡᠭᠦᠰᠦᠯ ᠠᠴᠠ ᠨᠢ ᠬᠠᠮᠢᠶᠠᠷᠬᠤ ᠶᠢ ᠦᠨᠡᠨᠬᠦ ᠴᠢᠩᠭᠠᠳᠬᠠᠵᠤ᠂ ᠮᠥᠷᠳᠡᠨ ᠤᠬᠤᠴᠢᠯᠠᠬᠤ ᠰᠢᠰᠲ᠋ᠧᠮ ᠢ ᠪᠦᠷᠢᠨᠰᠢᠭᠦᠯᠵᠦ᠂ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠵᠤ᠂ ᠠᠶᠤᠯ ᠲᠦᠭᠰᠢᠭᠦᠷᠢ ᠶᠢ ᠴᠠᠭ ᠲᠤᠬᠠᠢ ᠳᠤᠨᠢ ᠢᠯᠡᠷᠡᠭᠦᠯᠬᠦ ᠶᠢᠨ ᠬᠠᠮᠲᠤ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠭᠡᠮ ᠰᠣᠭᠤᠭ ᠢ ᠠᠷᠢᠯᠭᠠᠬᠤ ᠬᠡᠷᠡᠭᠲᠡᠢ᠃    ᠬᠤᠷᠠᠯ ᠠᠴᠠ ᠪᠠᠰᠠ ᠪᠤᠰᠤᠳ ᠵᠦᠢᠯᠡᠰ ᠢ ᠬᠢᠨᠠᠨ ᠵᠥᠪᠯᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号