ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠤᠨ ᠭᠡᠰᠢᠭᠦᠨ ᠺᠠᠳ᠋ᠷᠴᠤᠳ ᠤᠨ ᠳᠤᠮᠳᠠ ᠬᠠᠯᠠᠭᠤᠨ ᠲᠤᠰᠬᠠᠯ ᠭᠠᠷᠪᠠ
ᠨᠡᠶᠢᠲᠡᠯᠡᠭᠰᠡᠨ ᠴᠠᠭ᠄
2024/7/25
   7 ᠰᠠᠷ᠎ᠠ ᠶᠢᠨ 15 ᠤ ᠡᠳᠦᠷ ᠠᠴᠠ 18 ᠤ ᠡᠳᠦᠷ ᠪᠣᠯᠲᠠᠯ᠎ᠠ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠪᠡᠭᠡᠵᠢᠩ ᠳᠤ ᠬᠤᠷᠠᠯᠳᠤᠪᠠ᠃ ᠪᠦᠭᠦᠳᠡ ᠬᠤᠷᠠᠯ ᠠᠴᠠ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠳᠣᠮᠲᠠᠳ᠋ᠪ ᠤᠯᠤᠰ ᠤᠨ ᠡᠪ ᠬᠠᠮᠳ᠋ᠪ ᠨᠠᠮ ᠤᠨ ᠳᠦᠪ ᠬᠤᠷᠢᠶᠠᠨ ᠤ ᠲᠣᠭᠲᠠᠭᠠᠯ ᠢ ᠬᠢᠨᠠᠨ ᠶᠠᠷᠢᠯᠴᠠᠵᠤ ᠪᠠᠲᠤᠯᠠᠵᠠᠢ᠂ ᠡᠨᠡ ᠪᠣᠯ ᠰᠢᠨ᠎ᠡ ᠠᠶᠠᠨ ᠵᠠᠮ ᠳᠠᠬᠢ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠥᠲᠥᠯᠪᠦᠷᠢ ᠶᠢᠨ ᠴᠢᠨᠠᠷᠲᠠᠢ ᠪᠢᠴᠢᠭ ᠮᠠᠲ᠋ᠧᠷᠢᠶᠠᠯ ᠮᠥᠨ᠂ ᠲᠡᠦᠬᠡᠨ ᠰᠢᠨ᠎ᠡ ᠡᠬᠢᠯᠡᠯᠲᠡ ᠠᠴᠠ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠡᠰᠢ ᠥᠷᠭᠡᠴᠡ ᠪᠠ ᠭᠦᠨᠴᠡ ᠲᠡᠰᠢ ᠤᠷᠤᠭᠰᠢᠯᠠᠬᠤ ᠪᠠᠰᠠ ᠨᠢᠭᠡ ᠤᠳᠠᠭᠠᠨ ᠤ ᠶᠡᠷᠦᠩᠬᠡᠢ ᠳᠠᠶᠢᠴᠢᠯᠠᠯᠲᠠ᠂ ᠶᠡᠷᠦᠩᠬᠡᠢ ᠪᠠᠶᠢᠷᠢᠯᠠᠭᠤᠯᠤᠯᠲᠠ ᠮᠥᠨ᠃    ᠣᠶᠢᠷ᠎ᠠ ᠶᠢᠨ ᠡᠳᠦᠷ ᠤᠳ ᠲᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠲᠡᠷᠡ ᠳᠠᠷᠤᠢ ᠳᠤᠨᠢ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠵᠤ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠥᠭᠡᠷᠡᠴᠢᠯᠡᠯᠲᠡ ᠨᠡᠭᠡᠭᠡᠯᠲᠡ ᠶᠢᠨ ᠠᠭᠤᠤ ᠶᠡᠭᠡ ᠲᠤᠭ ᠢ ᠨᠡᠩ ᠡᠷᠡᠰ ᠭᠤᠶᠢᠪᠢᠰᠢ ᠦᠭᠡᠢ ᠥᠨᠳᠥᠷ ᠮᠠᠨᠳᠤᠭᠤᠯᠵᠤ᠂ ᠨᠡᠩ ᠵᠣᠷᠢᠭᠲᠠᠢ ᠪᠠᠷ ︽ᠡᠮᠦᠨ᠎ᠡ ᠨᠢ ᠶᠠᠪᠤᠵᠤ᠂ ᠵᠢᠱᠢᠶ᠎ᠡ ᠦᠵᠡᠭᠦᠯᠬᠦ︾ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠤᠬᠠᠮᠰᠠᠷ ᠠᠴᠠ ᠪᠠᠨ ᠥᠭᠡᠷᠡᠴᠢᠯᠡᠯᠲᠡ ᠶᠢ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠠᠬᠢᠭᠤᠯᠬᠤ ᠪᠦᠯᠦᠭᠲᠡᠨ᠂ ᠪᠣᠳᠠᠲᠠᠢ ᠠᠵᠢᠯᠯᠠᠭᠴᠢ ᠪᠣᠯᠵᠣ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠥᠭᠡᠷᠡᠴᠢᠯᠡᠯᠲᠡ ᠶᠢ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ︽ᠦᠢᠯᠡᠳᠦᠯᠭᠡ ᠶᠢᠨ ᠦᠷᠭᠦᠯᠵᠢᠯᠡᠯ︾ ᠪᠠ ︽ᠴᠠᠭ ᠦᠶ᠎ᠡ ᠶᠢᠨ ᠰᠢᠨ᠎ᠡ ᠬᠠᠭᠤᠳᠠᠰᠤ︾ ᠶᠢ ᠰᠡᠳᠬᠢᠯ ᠲᠠᠯᠪᠢᠨ ᠰᠠᠶᠢᠲᠤᠷ ᠪᠢᠴᠢᠭᠯᠡᠨ᠎ᠡ ᠭᠡᠵᠦ ᠰᠠᠨᠠᠯ ᠨᠢᠭᠡᠲᠡᠢ ᠢᠯᠡᠳᠬᠡᠪᠡ᠃    ● ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠠᠶᠠᠨᠬᠤᠰᠢᠭᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠸᠠᠩ ᠪᠦᠦ ᠵᠢᠶᠦ᠋ᠨ    ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠬᠦᠴᠦᠷᠬᠡᠭ ᠶᠡᠭᠡ ᠬᠦᠴᠦᠨ ᠢ ᠤᠯᠠᠮ ᠨᠢᠭᠡ ᠠᠯᠬᠤᠮ ᠨᠢᠭᠲᠡᠷᠠᠭᠤᠯᠵᠤ᠂ ᠠᠤᠭ᠎ᠠ ᠵᠢᠷᠤᠭ ᠳᠦᠯᠦᠪᠯᠡᠭᠡ ᠶᠢ ᠵᠢᠷᠤᠭᠯᠠᠵᠤ᠂ ᠥᠭᠡᠷᠡᠴᠢᠯᠡᠯᠳ᠋᠊ ᠡ ᠶᠢᠨ ᠬᠦᠴᠦᠷᠬᠡᠭ ᠳᠠᠭᠤᠨ ᠭᠠᠷᠭᠠᠪᠠ᠃ ᠪᠦᠭᠦᠳᠡ ᠬᠤᠷᠠᠯ ᠠᠴᠠ᠂ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠂ ᠡᠨᠡ ᠨᠢ ᠬᠤᠲᠠ ᠬᠥᠳᠡᠭᠡ ᠶᠢᠨ ᠬᠥᠭᠵᠢᠯᠲᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠪᠢᠳᠡᠨ ᠤ ᠳᠠᠷᠠᠭᠠᠴᠢ ᠶᠢᠨ ᠠᠯᠬᠤᠮ ᠤᠨ ᠠᠵᠢᠯ ᠳᠤ ᠤᠷᠤᠭᠰᠢᠯᠠᠯᠲᠠ ᠶᠢᠨ ᠴᠢᠭᠯᠡᠯ ᠢ ᠲᠣᠳᠣᠷᠬᠠᠢ ᠵᠢᠭᠠᠵᠤ ᠥᠭᠴᠡᠢ᠃    ᠪᠢᠳᠡ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠨ ᠤᠬᠠᠭᠤᠯᠵᠤ ᠲᠤᠭᠤᠰᠢᠯᠠᠭᠤᠯᠵᠤ᠂ ᠨᠠᠮ ᠤᠨ ᠡᠯ᠎ᠡ ᠵᠦᠢᠯ ᠤᠨ ᠪᠠᠶᠢᠭᠤᠯᠤᠯᠲᠠ ᠶᠢ ᠡᠷᠡᠰ ᠭᠤᠶᠢᠪᠢᠰᠢ ᠦᠭᠡᠢ ᠠᠬᠢᠭᠤᠯᠵᠤ᠂ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠪᠣᠯᠤᠨ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠴᠢᠨᠠᠷ ᠰᠠᠶᠢᠲᠠᠢ ᠠᠵᠤ ᠦᠢᠯᠡᠰ ᠪᠣᠯᠤᠨ ᠥᠨᠳᠥᠷ ᠲᠦᠪᠰᠢᠨ ᠪᠦᠬᠦᠢ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠪᠠᠷ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ ᠭᠡᠪᠡ᠃     ● ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠢᠨᠠᠵᠠᠮ ᠰᠤᠮᠤ ᠶᠢᠨ ᠨᠠᠮ ᠤᠨ ᠬᠤᠷᠢᠶᠠᠨ ᠤ ᠱᠦᠵᠢ ᠰᠢᠦᠢ ᠲᠢᠶᠠᠨ    ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠠᠴᠠ ᠠᠮᠢ ᠠᠬᠤᠢ ᠶᠢᠨ ᠪᠣᠯᠪᠠᠰᠤᠨ ᠤ ᠳᠦᠷᠢᠮ ᠤᠨ ᠰᠢᠰᠲ᠋ᠧᠮ ᠪᠠ ᠰᠠᠭᠤᠷᠢ ᠪᠠᠶᠢᠭᠤᠯᠤᠯ ᠢ ᠲᠡᠭᠦᠯᠳᠡᠷᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠠᠯᠢ ᠣᠯᠠᠨ ᠴᠢᠬᠤᠯᠠ ᠥᠭᠡᠷᠡᠴᠢᠯᠡᠯᠲᠡ ᠶᠢᠨ ᠪᠠᠶᠢᠷᠢᠯᠠᠭᠤᠯᠤᠯᠲᠠ ᠬᠢᠵᠦ᠂ ᠡᠷᠴᠢᠮ ᠶᠡᠭᠡ᠂ ᠠᠷᠭ᠎ᠠ ᠬᠡᠮᠵᠢᠶ᠎ᠡ ᠪᠣᠳᠠᠲᠠᠢ ᠪᠠᠶᠢᠵᠤ᠂ ᠮᠠᠨ ᠤ ᠦᠨᠳᠦᠰᠦᠨ ᠱᠠᠲᠤᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠤᠯᠠᠮ ᠨᠢᠭᠡ ᠠᠯᠬᠤᠮ ᠴᠢᠩᠭᠠᠳᠬᠠᠬᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠳᠤ ᠴᠢᠭᠯᠡᠯ ᠤᠨ ᠵᠢᠯᠣᠭᠤᠳᠣᠯᠭ᠎ᠠ ᠪᠠ ᠦᠨᠳᠦᠰᠦᠨ ᠵᠢᠷᠤᠮᠯᠠᠯ ᠬᠠᠩᠭᠠᠪᠠ᠃    ᠣᠶᠢᠷ᠎ᠠ ᠶᠢᠨ ᠵᠢᠯ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠢᠨᠵᠠᠮ ᠰᠤᠮᠤ ᠠᠮᠢ ᠠᠬᠤᠢ ᠶᠢᠨ ᠵᠠᠰᠠᠯᠲᠠ᠂ ᠠᠵᠤ ᠠᠬᠤᠢ ᠶᠢᠨ ᠬᠥᠭᠵᠢᠯᠲᠡ ᠪᠠ ᠠᠷᠠᠳ ᠤᠨ ᠠᠮᠢᠳᠤᠷᠠᠯ ᠤᠨ ᠰᠠᠶᠢᠵᠢᠷᠠᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠬᠤ ᠶᠢ ᠪᠠᠷᠢᠮᠲᠠᠯᠠᠵᠤ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠᠷ ᠭᠤᠣᠯ ᠰᠢᠪᠲᠤᠯᠤᠯᠲᠠ ᠶᠢᠨ ᠴᠢᠭᠯᠡᠯ ᠪᠣᠯᠭᠠᠨ᠂ ᠬᠤᠷᠴᠢᠨ ᠤ ᠡᠯᠡᠰᠦᠷᠬᠡᠭ ᠭᠠᠵᠠᠷ ᠢ ᠤᠰᠠᠳᠬᠠᠬᠤ ᠳᠠᠶᠢᠨ ᠢᠶᠠᠷ ᠭᠤᠣᠯᠳᠠᠯᠭ᠎ᠠ ᠪᠣᠯᠭᠠᠵᠤ᠂ ᠡᠯᠡᠰᠦᠷᠬᠡᠭ ᠭᠠᠵᠠᠷ ᠤᠨ ᠨᠣᠭᠤᠭᠠᠷᠠᠭᠤᠯᠤᠯᠲᠠ ᠶᠢ ᠨᠡᠮᠡᠭᠳᠡᠭᠦᠯᠬᠦ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠶᠢ ᠪᠡᠶᠡᠯᠡᠭᠦᠯᠪᠡ᠃ ᠰᠤᠮᠤᠨ ᠤ ᠨᠠᠮ ᠤᠨ ᠬᠤᠷᠢᠶᠠᠨ ᠤ ᠱᠦᠵᠢ ᠪᠣᠯᠤᠭᠰᠠᠨ ᠤ ᠬᠤᠪᠢ ᠳᠤ᠂ ᠪᠢ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠤᠯᠠᠮᠵᠢᠯᠠᠨ ᠰᠤᠷᠤᠯᠴᠠᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠬᠠᠮᠢᠶᠠᠷᠴᠤ ᠬᠠᠮᠠᠭᠠᠯᠠᠬᠤ ᠲᠣᠭᠲᠠᠴᠠ ᠶᠢᠨ ᠰᠢᠨ᠎ᠡ ᠶᠢ ᠡᠭᠦᠳᠬᠦ ᠶᠢ ᠲᠠᠰᠤᠷᠠᠯᠲᠠ ᠥᠬᠡᠶ ᠬᠠᠶᠢᠨ ᠰᠦᠪᠡᠭᠴᠢᠯᠡᠵᠦ᠂ ᠡᠯ᠎ᠡ ᠲᠠᠯ᠎ᠠ ᠶᠢᠨ ᠬᠢᠨ ᠢ ᠭᠦᠢᠴᠡᠳ ᠳᠠᠶᠢᠴᠢᠯᠠᠨ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠳᠤ ᠣᠷᠣᠯᠴᠠᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠳᠤ ᠰᠢᠨ᠎ᠡ ᠵᠠᠮ ᠮᠣᠳᠣ ᠬᠦᠴᠦᠨ ᠨᠡᠮᠡᠷᠢᠯᠡᠨ᠎ᠡ᠃    ● ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ ᠪᠦᠦ ᠵᠧᠨ ᠵᠦ    ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠨᠢ ᠰᠢ ᠶᠢᠨ ᠫᠢᠩ ᠨᠥᠬᠦᠷ ᠢᠶᠠᠷ ᠭᠤᠣᠯ ᠪᠣᠯᠭᠠᠭ᠍ᠰᠠᠨ ᠨᠠᠮ ᠤᠨ ᠲᠥᠪ ᠬᠤᠷᠢᠶ᠎ᠠ ᠦᠭᠡᠷᠡᠴᠢᠯᠡᠯᠲᠡ ᠶᠢ ᠡᠴᠦᠰ ᠲᠤ ᠨᠢ ᠲᠤᠯᠲᠠᠯ᠎ᠠ ᠬᠢᠬᠦ ᠡᠷᠡᠰ ᠵᠣᠷᠢᠭ ᠪᠠ ᠴᠢᠩᠭ᠎ᠠ ᠡᠭᠦᠷᠭᠡ ᠬᠠᠷᠢᠭᠤᠴᠠᠯᠭ᠎ᠠ ᠶᠢ ᠢᠯᠡᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠤᠳᠤᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠳᠡᠨ ᠤ ᠰᠡᠷᠭᠦᠨ ᠮᠠᠨᠳᠤᠯᠳᠠ ᠶᠢᠨ ᠠᠭᠤᠤ ᠦᠢᠯᠡᠰ ᠢ ᠪᠦᠬᠦ ᠲᠠᠯ᠎ᠠ ᠪᠠᠷ ᠠᠬᠢᠭᠤᠯᠬᠤ ᠴᠢᠬᠤᠯᠠ ᠶᠡᠭᠡ ᠪᠥᠭᠡᠳ ᠠᠯᠤᠰ ᠭᠡᠳᠦ ᠶᠢᠨ ᠠᠴᠢ  ᠬᠤᠯᠪᠤᠭᠳᠠᠯ ᠲᠠᠢ ᠶᠤᠮ᠃ ᠪᠦᠭᠦᠳᠡ ᠬᠤᠷᠠᠯ ᠠᠴᠠ ᠶᠡᠭᠡ ᠨᠢᠭᠡᠳᠦᠮᠡᠯ ᠹᠷᠣᠨᠲ ᠤᠨ ᠠᠵᠢᠯ ᠤᠨ ᠪᠠᠶᠢᠷᠢᠰᠢᠯ ᠢ ᠲᠡᠭᠦᠯᠳᠡᠷᠵᠢᠭᠦᠯᠬᠦ ᠪᠠᠷ ᠳᠤᠷᠠᠳᠪᠠ᠂ ᠡᠭᠦᠨ ᠳᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠬᠠᠤᠯᠢ ᠶᠢ ᠲᠣᠭᠲᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠳᠦᠷᠢᠮ ᠤᠨ ᠲᠣᠭᠲᠠᠴᠠ ᠶᠢ ᠪᠦᠷᠢᠨᠰᠢᠭᠦᠯᠦᠨ ᠪᠠᠬᠢᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠨᠢᠭᠲᠠᠷᠠᠯ ᠤᠨ ᠬᠦᠴᠦᠨ ᠢ ᠴᠢᠩᠭᠠᠷᠠᠭᠤᠯᠤᠨ᠎ᠠ᠃    ᠬᠤᠶᠢᠰᠢᠳᠠ ᠶᠢᠨ ᠠᠵᠢᠯ ᠤᠨ ᠳᠤᠮᠳᠠ᠂ ᠪᠢᠳᠡ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠬᠤ ᠶᠢ ᠦᠷᠭᠦᠯᠵᠢᠯᠡᠨ ᠪᠠᠷᠢᠮᠲᠠᠯᠠᠵᠤ᠂ ︽ᠲᠠᠪᠤᠨ ᠨᠢᠭᠡ ︾ ᠦᠨᠳᠦᠰᠦᠲᠡᠨ ᠤ ᠠᠵᠢᠯ ᠤᠨ ᠲᠣᠭᠲᠠᠴᠠ ᠶᠢ ᠰᠠᠶᠢᠲᠤᠷ ᠨᠠᠶᠢᠳᠠᠪᠤᠷᠢᠵᠢᠭᠤᠯᠵᠤ᠂ ︽ᠬᠤᠶᠠᠷ ᠲᠣᠭᠤᠷᠢᠭ ᠨᠢᠭᠡ ᠴᠣᠩᠬᠤᠪᠴᠢ︾ ᠶᠢᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ ᠂ ︽ᠠᠨᠠᠷ ᠤᠨ ᠦᠷ᠎ᠡ ᠮᠡᠲᠦ ᠰᠡᠳᠬᠢᠯ ᠨᠢᠭᠡᠳᠦᠨ ᠬᠦᠰᠡᠯ ᠵᠡᠭᠦᠳᠦ ᠪᠠᠨ ᠲᠡᠷᠭᠡᠯᠰᠢᠭᠦᠯᠬᠦ︾ ᠰᠢᠷᠢᠰ ᠭᠤᠣᠯ ᠰᠡᠳᠦᠪᠲᠦ ᠠᠵᠢᠯᠯᠠᠭ᠎ᠠ ᠶᠢ ᠰᠠᠶᠢᠲᠤᠷ ᠵᠣᠬᠢᠶᠠᠨ ᠪᠠᠶᠢᠭᠤᠯᠤᠨ ᠥᠷᠨᠢᠭᠦᠯᠵᠦ᠂ ︽ᠵᠢᠷᠭᠤᠭᠠᠨ ᠦᠭᠡ︾ ᠶᠢᠨ ᠪᠣᠳᠠᠲᠤ ᠬᠡᠷᠡᠭ ᠪᠠ ᠶᠣᠰᠣ ᠤᠴᠢᠷ ᠢ ᠪᠦᠬᠦ ᠲᠠᠯ᠎ᠠ ᠪᠠᠷ ᠰᠠᠶᠢᠲᠤᠷ ᠶᠠᠷᠢᠭᠠᠷᠠᠢ᠃ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠬᠠᠷᠠᠯᠲᠠ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠭᠡᠷ ᠣᠷᠣᠨ ᠢ ᠪᠠᠶᠢᠭᠤᠯᠬᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠵᠡᠷᠭᠡ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠤᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号