ᠥᠭᠡᠷᠡᠴᠢᠯᠡᠯᠲᠡ ᠶᠢᠨ ᠡᠷᠴᠢᠨ ᠳᠤ ᠡᠷᠡᠯᠬᠡᠭᠯᠡᠨ ᠲᠡᠮᠡᠴᠡᠨ ᠡᠷᠡᠮᠡᠬᠡᠶᠢᠯᠡᠨ ᠤᠷᠤᠭᠰᠢᠯᠠᠵᠤ ᠪᠤᠳᠠᠳᠠᠢ ᠦᠢᠯᠡᠳᠦᠯᠭᠡᠵᠢᠭᠦᠯᠵᠦ ᠰᠢᠨ᠎ᠡ ᠪᠠᠶᠢᠳᠠᠯ ᠢ ᠡᠭᠦᠳᠰᠦᠭᠡᠢ
ᠨᠡᠶᠢᠲᠡᠯᠡᠭᠰᠡᠨ ᠴᠠᠭ᠄
2024/7/25
   — ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠮᠠᠨ ᠤ ᠣᠷᠣᠨ ᠤ ᠠᠵᠤ ᠠᠬᠤᠶᠢᠯᠠᠯ ᠪᠣᠯᠤᠨ ᠶᠡᠭᠡ ᠳᠡᠭᠡᠳᠦ ᠰᠤᠷᠭᠠᠭᠤᠯᠢ ᠳᠤ ᠬᠠᠯᠠᠭᠤᠨ ᠲᠤᠰᠬᠠᠯ ᠭᠠᠷᠪᠠ   ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠲᠠ ᠬᠤᠷᠠᠯ ᠠᠴᠠ ᠰᠢᠨ᠎ᠡ ᠴᠠᠭ ᠦᠶ᠎ᠡ ᠰᠢᠨ᠎ᠡ ᠠᠶᠠᠨ ᠳᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠪᠦᠷᠢᠶ᠎ᠡ ᠶᠢ ᠬᠠᠩᠭᠢᠨᠠᠭᠤᠯᠤᠬᠰᠠᠨ ᠨᠢ ᠮᠠᠨ ᠤ ᠣᠷᠣᠨ ᠤ ᠠᠵᠤ ᠠᠬᠤᠶᠢᠯᠠᠯ ᠪᠣᠯᠤᠨ ᠶᠡᠭᠡ ᠳᠡᠭᠡᠳᠦ ᠰᠤᠷᠭᠠᠭᠤᠯᠢ ᠳᠤ ᠬᠠᠯᠠᠭᠤᠨ ᠲᠤᠰᠬᠠᠯ ᠭᠠᠷᠴᠠᠢ᠃ ᠣᠯᠠᠨ ᠢᠶᠠᠷ ᠢᠶᠠᠨ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠪᠥᠬᠦᠳᠡ ᠬᠤᠷᠠᠯ ᠤᠨ ᠵᠣᠷᠢᠭ ᠰᠠᠨᠠᠭ᠎ᠠ ᠲᠠᠢ ᠦᠨᠡᠨ ᠬᠦ ᠨᠢᠭᠡᠳᠭᠡᠵᠦ᠂ ᠰᠢ ᠶᠢᠨ ᠫᠢᠩ ᠨᠥᠬᠦᠷ ᠢᠶᠠᠷ ᠭᠤᠤᠯᠯᠠᠭᠤᠯᠤᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ᠥᠭᠡᠷᠡᠴᠢᠯᠡᠯᠲᠡ ᠨᠡᠭᠡᠭᠡᠯᠲᠡ ᠶᠢᠨ ᠲᠤᠭ ᠢ ᠥᠨᠳᠥᠷ ᠮᠠᠨᠳᠤᠭᠤᠯᠵᠤ ᠂ ᠰᠡᠳᠭᠢᠯ ᠰᠢᠭᠤᠳᠤᠨ ᠡᠷᠡᠯᠬᠡᠭᠯᠡᠨ ᠤᠷᠤᠭᠰᠢᠯᠠᠵᠤ᠂ ᠦᠨᠡᠨ ᠬᠦ ᠠᠳᠬᠤᠨ ᠪᠣᠳᠠᠲᠠᠶ ᠠᠵᠢᠯᠯᠠᠵᠤ᠂ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠰᠢᠨ᠎ᠡ ᠪᠠᠶᠢᠳᠠᠯ ᠢ ᠲᠠᠰᠤᠷᠠᠯᠲᠠ ᠥᠬᠡᠶ ᠡᠭᠦᠳᠦᠨ᠎ᠡ ᠭᠡᠵᠦ ᠢᠯᠡᠳᠭᠡᠵᠡᠭᠡᠪᠡ᠃   ︽ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠠᠴᠠ᠂ ᠨᠡᠶᠢᠲᠡ ᠶᠢᠨ ᠥᠮᠴᠢᠯᠡᠯ ᠤᠨ ᠠᠵᠤ ᠠᠬᠤᠢ ᠶᠢ ᠡᠷᠡᠰ ᠭᠤᠶᠢᠪᠢᠰᠢ ᠦᠭᠡᠢ ᠪᠠᠬᠢᠵᠢᠭᠦᠯᠦᠨ ᠬᠥᠭᠵᠢᠭᠦᠯᠵᠦ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠭᠵᠢᠯᠲᠡ ᠶᠢ ᠡᠷᠡᠰ ᠭᠤᠶᠢᠪᠢᠰᠢ ᠦᠭᠡᠢ ᠵᠣᠷᠢᠭᠵᠢᠭᠤᠯᠵᠤ ᠂ ᠳᠡᠮᠵᠢᠵᠦ᠂ ᠬᠦᠲᠦᠯᠦᠨ ᠵᠢᠯᠣᠭᠤᠳᠬᠤ ᠬᠡᠷᠡᠭᠲᠡᠢ ᠭᠡᠵᠦ ᠳᠤᠷᠠᠳᠴᠠᠢ᠂ ᠡᠨᠡ ᠨᠢ ᠪᠢᠳᠡᠨ ᠳᠤ ᠮᠠᠰᠢ ᠶᠡᠭᠡ ᠵᠣᠷᠢᠭᠵᠢᠭᠤᠯᠤᠯ ᠪᠣᠯᠤᠭᠰᠠᠨ ᠪᠥᠭᠡᠳ ᠬᠠᠷᠢᠭᠤᠴᠠᠯᠭ᠎ᠠ ᠬᠦᠨᠳᠦ ᠶᠡᠭᠡ ᠭᠡᠳᠡᠭ ᠢ ᠭᠦᠨᠵᠡᠭᠡᠢ ᠮᠡᠳᠡᠷᠡᠭᠦᠯᠵᠡᠢ᠃ ᠪᠢᠳᠠ ᠢᠮᠠᠭᠲᠠ ︿ᠢᠯᠢ ᠪᠤᠯ ᠳᠠᠷᠤᠢ ᠶᠠᠰᠤ ᠴᠢᠨᠠᠷ﹀ ᠭᠡᠬᠦ ᠠᠵᠤ ᠠᠬᠤᠶᠢᠯᠠᠯ ᠤᠨ ᠵᠢᠷᠤᠮᠯᠠᠯ ᠢ ᠵᠢᠷᠤᠮᠯᠠᠵᠤ᠂ ᠶᠠᠰᠤ ᠴᠢᠨᠠᠷ ᠢ ᠠᠵᠤ ᠠᠬᠤᠶᠢᠯᠠᠯ ᠤᠨ ︿ᠠᠮᠢᠨ ᠰᠤᠳᠠᠰᠤ﹀ ᠪᠣᠯᠭᠠᠵᠤ᠂ ᠴᠢᠩᠭ᠎ᠠ ᠬᠠᠲᠠᠭᠤ ᠶᠠᠰᠤ ᠴᠢᠨᠠᠷ ᠤᠨ ᠬᠠᠮᠢᠶᠠᠷᠤᠨ ᠡᠵᠡᠮᠳᠡᠬᠦ ᠪᠠᠷᠢᠮᠵᠢᠶ᠎ᠠ ᠶᠢ ᠦᠢᠯᠡᠳᠬᠦᠨ ᠤ ᠦᠢᠯᠡᠳᠪᠦᠷᠢᠯᠡᠯ ᠤᠨ ᠪᠦᠬᠦ ᠶᠠᠪᠤᠴᠠ ᠳᠤ ᠲᠤᠭᠤᠰᠢᠯᠠᠭᠤᠯᠵᠤ᠂ ᠬᠡᠷᠡᠭᠯᠡᠭᠴᠢᠳ ᠲᠤ ᠠᠮᠤᠷ ᠲᠦᠪᠰᠢᠨ᠂ ᠡᠷᠡᠭᠦᠯ ᠮᠡᠨᠳᠦ ᠴᠢᠨᠠᠷ ᠰᠠᠶᠢᠲᠠᠢ ᠦᠢᠯᠡᠳᠬᠦᠨ ᠬᠠᠩᠭᠠᠨ᠎ᠠ︾ ᠭᠡᠵᠦ ᠢᠯᠢ ᠣᠲᠣ ᠦᠶ᠎ᠡ ᠶᠢᠨ ᠤᠶᠤᠨᠲᠤ ᠡᠷᠡᠭᠦᠯ ᠮᠡᠨᠳᠦ ᠶᠢᠨ ᠬᠥᠨᠳᠡᠶ ᠶᠢᠨ ᠰᠥ᠋ ᠶᠢᠨ ᠲᠠᠯᠬ᠎ᠠ ᠶᠢᠨ ᠪᠥᠬᠦ ᠪᠥᠮᠪᠥᠷᠴᠡᠭ ᠤᠨ ᠤᠶᠤᠨᠲᠤ ᠬᠡᠪ ᠳᠠᠭᠤᠷᠢᠶᠠᠯ ᠤᠨ ᠰᠠᠭᠤᠷᠢᠨ ᠤ ᠶᠠᠰᠤ ᠴᠢᠨᠠᠷ ᠤᠨ ᠮᠡᠷᠭᠡᠵᠢᠯ ᠤᠨ ᠳᠠᠭᠠᠭᠠᠮᠠᠯ ᠰᠢᠤᠢ ᠹᠠ ᠳ᠋ᠦᠩ ᠬᠡᠯᠡᠬᠦ ᠶᠢᠨ ᠬᠠᠮᠳᠤ᠂ ᠨᠠᠩ ᠣᠷᠭᠢᠯᠤᠮ᠎ᠠ ᠬᠠᠯᠠᠭᠤᠨ ᠰᠡᠳᠭᠢᠯᠭᠡ᠂ ᠨᠠᠩ ᠭᠦᠢᠴᠡᠳ ᠡᠷᠴᠢ ᠵᠣᠷᠢᠭ ᠢᠶᠠᠷ ᠠᠵᠢᠯ ᠬᠢᠵᠦ ᠦᠢᠯᠡᠰ ᠪᠤᠰᠬᠠᠨ᠂ ᠠᠷᠠᠳ ᠤᠨ ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠶᠠᠰᠤ ᠴᠢᠨᠠᠷ ᠢ ᠬᠠᠮᠢᠶᠠᠷᠤᠨ ᠡᠵᠡᠮᠳᠡᠬᠦ ︽ᠲᠣᠭᠠᠴᠢᠯᠠᠭᠰᠠᠨ︾ ᠬᠢᠷᠢ ᠲᠦᠪᠰᠢᠨ ᠢ ᠳᠡᠭᠡᠭᠰᠢᠯᠡᠭᠦᠯᠵᠦ᠂ ᠬᠡᠷᠡᠭᠯᠡᠭᠴᠢᠳ ᠲᠤ ᠨᠠᠩ ᠴᠢᠨᠠᠷ ᠰᠠᠶᠢᠲᠠᠶ ᠦᠢᠯᠡᠳᠬᠦᠨ ᠪᠠ ᠦᠢᠯᠡᠴᠢᠯᠡᠭᠡ ᠬᠠᠩᠭᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠭᠡᠪᠡ᠃   ᠣᠷᠣᠨ ᠤ ᠳᠣᠲᠣᠷᠠᠬᠢ ᠲᠣᠮᠣ ᠬᠡᠯᠪᠡᠷᠢ ᠶᠢᠨ ᠨᠤᠭᠤᠭᠠᠨ ᠡᠨᠧᠷᠭᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠦᠯᠦᠭᠯᠡᠯ ᠪᠣᠯᠤᠭᠰᠠᠨ ᠤ ᠬᠤᠪᠢ ᠳᠤ᠂ ᠮᠤᠩ ᠰᠢᠨ ᠪᠦᠯᠦᠭᠯᠡᠯ ᠤᠨ ᠬᠢᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢ ᠢᠮᠠᠭᠲᠠ ᠪᠠᠷᠢᠮᠲᠠᠯᠠᠵᠤ᠂ ᠰᠠᠯᠬᠢᠨ ᠬᠦᠴᠦᠨ ᠤ ᠴᠠᠬᠢᠯᠭᠠᠨ᠂ ᠨᠥᠭᠡᠴᠡ ᠡᠨᠧᠷᠭᠢ᠂ ᠤᠰᠤᠲᠥ᠋ᠷᠥᠭᠴᠢ ᠡᠨᠧᠷᠭᠢ ᠶᠢᠨ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠵᠡᠷᠭᠡ ᠬᠦᠷᠢᠶᠡᠨ ᠤ ᠮᠡᠷᠭᠡᠵᠢᠯ ᠢ ᠰᠤᠳᠤᠯᠤᠨ ᠨᠡᠭᠡᠭᠡᠬᠦ ᠪᠠ ᠠᠵᠤ ᠦᠢᠯᠡᠰ ᠤᠨ ᠪᠠᠶᠢᠷᠢᠰᠢᠭᠤᠯᠤᠯᠲᠠ ᠶᠢᠨ ᠲᠥᠯᠥᠭᠡ ᠴᠢᠷᠮᠠᠶᠢᠵᠤ᠂ ᠣᠷᠳᠣᠰ᠂ ᠪᠤᠭᠤᠲᠤ᠂ ᠤᠯᠠᠭᠠᠨᠬᠠᠳᠠ ᠵᠡᠷᠭᠡ ᠭᠠᠵᠠᠷ ᠲᠤ ᠠᠳᠠᠯᠢ ᠪᠤᠰᠤ ᠬᠡᠯᠪᠡᠷᠢ ᠶᠢᠨ ᠨᠡᠭᠦᠷᠡᠰᠦᠲᠥ᠋ᠷᠥᠭᠴᠢ ᠥᠬᠡᠶ ᠠᠵᠤ ᠦᠢᠯᠡᠰ ᠤᠨ ᠬᠦᠷᠢᠶᠡᠯᠡᠩ ᠢ ᠨᠤᠲᠤᠭᠰᠢᠭᠤᠯᠵᠤ᠂ ᠥᠪᠡᠷᠲᠡᠭᠡᠨ ᠵᠠᠰᠠᠬᠤ ᠣᠷᠣᠨ ᠤ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠢ ᠪᠠᠶᠢᠭᠤᠯᠬᠤ ᠪᠠ ᠡᠨᠧᠷᠭᠢ ᠶᠢᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠳᠤ ᠬᠦᠴᠦᠲᠡᠶ ᠲᠤᠯᠭᠠᠭᠤᠷᠢᠯᠠᠯ ᠬᠠᠩᠭᠠᠪᠠ᠃ ︽ᠲᠠᠷᠠᠭᠠᠴᠢ ᠶᠢᠨ ᠠᠯᠬᠤᠮ ᠳᠤ᠂ ᠪᠢᠳᠡ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢᠶᠠᠷ ᠰᠢᠨᠵᠢᠯᠡᠬᠦ ᠤᠬᠠᠭᠠᠨ ᠲᠤᠭᠡᠶᠢᠡ ᠮᠡᠷᠭᠡᠵᠢᠯ ᠤᠨ ᠰᠢᠨ᠎ᠡ ᠶᠢ ᠡᠭᠦᠳᠬᠦ ᠶᠢ ᠬᠥᠲᠥᠯᠥᠨ ᠳᠠᠭᠠᠭᠤᠯᠵᠤ᠂ ᠨᠡᠭᠦᠷᠡᠰᠦᠲᠥ᠋ᠷᠥᠭᠴᠢ ᠥᠬᠡᠶ ᠤᠰᠤᠲᠥ᠋ᠷᠥᠭᠴᠢ ᠠᠮᠢᠨᠤ᠋᠂ ᠨᠡᠭᠦᠷᠡᠰᠦᠲᠥ᠋ᠷᠥᠭᠴᠢ ᠥᠬᠡᠶ ᠬᠠᠶᠢᠯᠤᠰᠢ᠂ ᠶᠡᠭᠡ ᠬᠡᠪᠴᠢᠶᠡᠨ ᠤ ᠨᠥᠭᠡᠴᠡ ᠡᠨᠧᠷᠭᠢ᠂ ᠡᠯᠡᠰᠦ ᠶᠢ ᠰᠡᠷᠭᠡᠶᠢᠯᠡᠵᠦ ᠡᠯᠡᠰᠦᠷᠬᠡᠭᠵᠢᠯ ᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠵᠡᠷᠭᠡ ᠣᠯᠠᠨ ᠬᠦᠷᠢᠶᠡᠨ ᠳᠤ ᠮᠡᠷᠭᠡᠵᠢᠯ ᠤᠨ ᠰᠢᠪᠲᠤᠯᠤᠯᠲᠠ ᠬᠢᠵᠦ᠂ ᠵᠠᠩᠭᠢᠯᠠᠭ᠎ᠠ ᠶᠢᠨ ᠭᠤᠤᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠪᠠ ᠰᠢᠨᠵᠢᠯᠡᠬᠦ ᠤᠬᠠᠭᠠᠨ ᠲᠤᠭᠡᠶᠢᠡ ᠮᠡᠷᠭᠡᠵᠢᠯ ᠤᠨ ᠦᠷ᠎ᠡ ᠪᠦᠲᠦᠭᠡᠯ ᠢ ᠣᠨᠳᠣᠣᠰᠢᠭᠤᠯᠬᠤ ᠶᠢ ᠴᠢᠩᠭᠠᠳᠬᠠᠵᠤ᠂ ︿ᠰᠢᠨᠵᠢᠯᠡᠬᠦ ᠤᠬᠠᠭᠠᠨ ᠲᠤᠭᠡᠶᠢᠡ ᠮᠡᠷᠭᠡᠵᠢᠯ ᠤᠨ ᠮᠤᠩ ᠰᠢᠨ﹀ ᠤ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠬᠡᠪ ᠳᠠᠭᠤᠷᠢᠶᠠᠯ ᠠᠵᠤ ᠠᠬᠤᠶᠢᠯᠠᠯ ᠪᠣᠯᠬᠤ ᠪᠠᠷ ᠴᠢᠷᠮᠠᠶᠢᠨ᠎ᠠ︾ ᠭᠡᠵᠦ ᠮᠤᠩ ᠰᠢᠨ ᠪᠦᠯᠦᠭᠯᠡᠯ ᠤᠨ ᠶᠡᠷᠦᠩᠬᠡᠢ ᠳᠠᠭᠠᠭᠠᠮᠠᠯ ᠯᠢ ᠸᠧᠢ ᠬᠡᠯᠡᠪᠡ᠃   ᠳᠤᠮᠳᠠᠳᠤ ᠤᠯᠤᠰ ᠤᠨ ᠲᠡᠮᠦᠷ ᠵᠠᠮ ᠤᠨ ᠬᠥᠬᠡᠬᠤᠲᠠ ᠶᠢᠨ ᠲᠣᠪᠴᠢᠶ᠎ᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠬᠥᠬᠡᠬᠤᠲᠠ ᠶᠢᠨ ᠠᠶᠠᠨᠴᠢᠳ ᠤᠨ ᠵᠦᠭᠡᠭᠡᠪᠤᠷᠢ ᠶᠢᠨ ᠬᠡᠰᠡᠭ ᠤᠨ ᠰᠢᠨᠢᠩ ᠤᠨ ᠮᠠᠰᠢᠨ ᠲᠡᠷᠭᠡᠨ ᠤ ᠠᠩᠭᠢ ᠶᠢᠨ ᠳᠡᠳ᠋ ᠳᠠᠷᠤᠭ᠎ᠠ ᠵᠠᠩ ᠵᠢᠩ ᠢᠦᠶ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠠᠴᠠ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠶ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠬᠢᠵᠦ᠂ ᠬᠥᠮᠦᠰ ᠢ ᠵᠣᠷᠢᠭᠵᠢᠭᠤᠯᠤᠨ᠂ ᠤᠷᠤᠭᠰᠢᠯᠠᠬᠤ ᠶᠢ ᠤᠷᠮᠠᠰᠢᠭᠤᠯᠤᠭᠰᠠᠨ ᠪᠠᠶᠢᠨ᠎ᠠ᠃ ᠲᠡᠮᠦᠷ ᠵᠠᠮ ᠤᠨ ᠠᠶᠠᠨᠴᠢᠳ ᠤᠨ ᠵᠦᠭᠡᠭᠡᠪᠤᠷᠢ ᠶᠢᠨ ᠠᠵᠢᠯᠲᠠᠨ ᠠᠵᠢᠯᠴᠢᠨ ᠪᠣᠯᠤᠭᠰᠠᠨ ᠤ ᠬᠤᠪᠢ ᠳᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠠᠪᠴᠢᠷᠠᠭᠰᠠᠨ ᠢᠳᠡᠪᠬᠢᠲᠡᠶ ᠬᠤᠪᠢᠷᠠᠯᠲᠠ ᠪᠠ ᠠᠯᠤᠰ ᠬᠡᠲᠦ ᠶᠢᠨ ᠨᠥᠯᠥᠭᠡ ᠶᠢ ᠭᠦᠨᠵᠡᠭᠡᠶ ᠮᠡᠳᠡᠷᠡᠪᠡ᠃ ᠬᠤᠶᠢᠰᠢᠳᠠ ᠶᠢᠨ ᠠᠵᠢᠯ ᠤᠨ ᠳᠤᠮᠳᠠ ᠪᠦᠭᠦᠳᠡ ᠬᠤᠷᠠᠯ ᠤᠨ ᠵᠣᠷᠢᠭ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠡᠩ ᠴᠢᠩᠭ᠎ᠠ ᠢᠷᠠᠭᠤ ᠠᠯᠳᠠᠷᠲᠤ ᠰᠡᠳᠭᠢᠯᠭᠡ᠂ ᠡᠭᠦᠷᠭᠡᠲᠦ ᠰᠡᠳᠭᠢᠯᠭᠡ ᠪᠠ ᠬᠠᠷᠢᠭᠤᠴᠠᠯᠭᠠᠲᠤ ᠰᠡᠳᠭᠢᠯᠭᠡ ᠪᠠᠷ ᠲᠤᠬᠠᠶᠢᠯᠠᠭᠰᠠᠨ ᠠᠵᠢᠯ ᠳᠠᠭᠠᠨ ᠴᠠᠭᠠᠷᠠᠵᠤ᠂ ᠦᠢᠯᠡᠴᠢᠯᠡᠭᠡᠨ ᠤ ᠴᠢᠳᠠᠪᠤᠷᠢ ᠪᠠᠨ ᠨᠡᠮᠡᠭᠳᠡᠭᠦᠯᠵᠦ᠂ ᠲᠤᠰᠢᠶᠠᠯ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠨ᠎ᠠ ᠭᠡᠵᠦ ᠢᠯᠡᠳᠬᠡᠪᠡ᠃   ︽ᠪᠦᠬᠦᠳᠠ ᠬᠤᠷᠠᠯ ᠠᠴᠠ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠴᠢᠳᠠᠪᠤᠷᠢᠲᠠᠨ ᠤ ᠪᠠᠶᠢᠭᠤᠯᠤᠯ ᠲᠣᠭᠲᠡᠴᠡ ᠶᠢ ᠨᠢᠭᠡ ᠴᠤᠬᠴᠠᠵᠢᠭᠤᠯᠬᠤ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ ᠭᠡᠵᠤ ᠳᠤᠷᠠᠳᠤᠭᠰᠠᠨ ᠨᠢ ᠨᠠᠮ ᠤᠨ ᠲᠥᠪ ᠬᠤᠷᠢᠶ᠎ᠠ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠪᠣᠯᠤᠨ ᠴᠢᠳᠠᠪᠤᠷᠢᠲᠠᠨ ᠤ ᠠᠵᠢᠯ ᠢ ᠳᠡᠭᠡᠳᠦ ᠬᠡᠮᠵᠢᠶ᠎ᠠ ᠪᠠᠷ ᠴᠢᠬᠤᠯᠠᠴᠢᠯᠠᠵᠤ ᠪᠠᠶᠢᠬᠤ ᠶᠢ ᠭᠦᠢᠴᠡᠳ ᠬᠠᠷᠠᠭᠤᠯᠵᠤ ᠪᠠᠶᠢᠨ᠎ᠠ︾᠃ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠨᠠᠮ ᠤᠨ ᠬᠤᠷᠢᠶᠠᠨ ᠤ ᠱᠦᠵᠢ ᠴᠧᠩ ᠲᠤᠤ᠂ ᠥᠪᠥᠷ ᠮᠣᠩᠭᠤᠯ ᠤᠨ ᠶᠡᠭᠡ ᠰᠤᠷᠭᠠᠭᠤᠯᠢ ᠨᠢ ᠥᠪᠡᠷᠲᠡᠭᠡᠨ ᠵᠠᠰᠠᠬᠤ ᠣᠷᠣᠨ ᠤ ᠴᠣᠷ ᠤᠨ ᠭᠠᠭᠴᠠ ᠤᠯᠤᠰ ᠤᠨ ︽ᠬᠤᠤᠰ ᠲᠡᠷᠢᠭᠦᠨ ᠵᠡᠷᠭᠡ︾ ᠶᠢᠨ ᠶᠡᠭᠡ ᠰᠤᠷᠭᠠᠭᠤᠯᠢ ᠪᠣᠯᠤᠭᠰᠠᠨ ᠤ ᠬᠤᠪᠢ ᠳᠤ᠂ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠬᠦᠴᠦᠨ ᠤ ᠴᠢᠬᠤᠯᠠ ᠪᠦᠷᠢᠯᠳᠦᠬᠦᠨ ᠬᠡᠰᠡᠭ ᠮᠥᠨ᠂ ᠰᠤᠷᠭᠠᠭᠤᠯᠢ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠵᠤ ᠤᠬᠠᠭᠤᠯᠤᠨ ᠲᠤᠭᠤᠰᠢᠯᠠᠭᠤᠯᠵᠤ᠂ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠬᠤ᠂ ᠲᠤᠰᠬᠠᠶ ᠮᠡᠷᠭᠡᠵᠢᠯ ᠤᠨ ᠪᠠᠶᠢᠷᠢᠰᠢᠭᠤᠯᠤᠯᠲᠠ ᠶᠢ ᠲᠣᠬᠢᠷᠠᠭᠤᠯᠤᠨ ᠰᠢᠯᠢᠳᠡᠭᠵᠢᠭᠦᠯᠵᠤ᠂ ᠴᠢᠳᠠᠪᠤᠷᠢᠲᠠᠨ ᠢᠶᠠᠷ ᠰᠤᠷᠭᠠᠭᠤᠯᠢ ᠪᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠤ᠂ ᠵᠣᠬᠢᠶᠠᠨ ᠪᠠᠶᠢᠭᠤᠯᠤᠯᠲᠠ ᠲᠠᠢ ᠰᠢᠨᠵᠢᠯᠡᠬᠦ ᠤᠬᠠᠭᠠᠨ ᠤ ᠰᠤᠳᠤᠯᠭᠠᠨ ᠢ ᠲᠠᠰᠤᠷᠠᠯᠲᠠ ᠦᠭᠡᠢ ᠴᠢᠩᠭᠠᠳᠬᠠᠵᠤ᠂ ᠲᠠᠯ᠎ᠠ ᠨᠤᠲᠤᠭ ᠤᠨ ᠭᠡᠷ ᠤᠨ ᠲᠡᠵᠢᠭᠡᠪᠦᠷᠢ ᠶᠢᠨ ᠡᠭᠦᠯᠳᠡᠷ ᠪᠤᠶᠢᠵᠢᠭᠤᠯᠬᠤ ᠪᠦᠬᠦ ᠤᠯᠤᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ᠂ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠬᠢᠭᠡᠳ ᠠᠰᠢᠭᠯᠠᠯᠲᠠ ᠶᠢᠨ ᠪᠦᠬᠦ ᠤᠯᠤᠰ ᠤᠨ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ᠢ ᠪᠦᠬᠦ ᠬᠦᠴᠦ ᠪᠠᠷ ᠢᠶᠠᠨ ᠪᠤᠶᠢᠵᠢᠭᠤᠯᠤᠨ ᠪᠠᠶᠢᠭᠤᠯᠵᠤ᠂ ᠲᠠᠯ᠎ᠠ ᠨᠤᠲᠤᠭ ᠤᠨ ᠭᠡᠷ ᠤᠨ ᠲᠡᠵᠢᠭᠡᠪᠦᠷᠢ ᠶᠢᠨ ᠡᠭᠦᠯᠳᠡᠷ ᠤᠨ ᠰᠢᠨ᠎ᠡ ᠶᠢ ᠡᠭᠦᠳᠬᠦ ᠪᠠ ᠦᠷᠡᠵᠢᠭᠦᠯᠦᠨ ᠪᠤᠶᠢᠵᠢᠭᠤᠯᠬᠤ ᠰᠠᠭᠤᠷᠢᠨ᠂ ᠠᠮᠢᠳᠤ ᠪᠣᠳᠠᠰ ᠤᠨ ᠠᠨᠠᠭᠠᠬᠤ ᠤᠬᠠᠭᠠᠨ ᠤ ᠰᠤᠳᠤᠯᠭᠠᠨ ᠤ ᠬᠦᠷᠢᠶᠡᠯᠡᠩ᠂ ᠡᠨᠧᠷᠭᠢ ᠶᠢᠨ ᠮᠠᠲ᠋ᠧᠷᠢᠶᠠᠯ ᠤᠨ ᠬᠢᠮᠢ ᠶᠢᠨ ᠰᠤᠳᠤᠯᠭᠠᠨ ᠤ ᠬᠦᠷᠢᠶᠡᠯᠡᠩ ᠵᠡᠷᠭᠡ ᠴᠢᠬᠤᠯᠠ ᠶᠡᠭᠡ ᠰᠢᠨᠵᠢᠯᠡᠬᠦ ᠤᠬᠠᠭᠠᠨ ᠤ ᠰᠤᠳᠤᠯᠭᠠᠨ ᠤ ᠲᠠᠪᠴᠠᠩ ᠤᠨ ᠪᠠᠶᠢᠭᠤᠯᠤᠯᠲᠠ ᠶᠢ ᠲᠦᠷᠭᠡᠳᠭᠡᠨ ᠠᠬᠢᠭᠤᠯᠵᠤ᠂ ᠪᠠᠶᠢᠭᠤᠯᠤᠯ ᠲᠣᠭᠲᠡᠴᠡ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠤ᠂ ︽ᠥᠪᠥᠷ ᠮᠣᠩᠭᠤᠯ ᠳᠤ ᠦᠨᠳᠦᠰᠦᠯᠡᠬᠦ᠂ ᠡᠬᠡ ᠤᠯᠤᠰ ᠤᠨ ᠤᠮᠠᠷᠠᠲᠤ ᠬᠢᠯᠢ ᠳᠤ ᠰᠠᠭᠤᠷᠢᠯᠠᠬᠤ᠂ ᠭᠠᠳᠠᠭᠠᠳᠤ ᠶᠢ ᠨᠥᠯᠥᠭᠡᠯᠡᠬᠦ︾ ᠶᠡᠷᠦᠩᠬᠡᠶᠢᠯᠡᠭᠰᠡᠨ ᠴᠢᠨᠠᠷᠲᠠᠶ ᠰᠤᠳᠤᠯᠭᠠᠨ ᠤ ᠬᠡᠯᠪᠡᠷᠢ ᠶᠢᠨ ᠶᠡᠭᠡ ᠰᠤᠷᠭᠠᠭᠤᠯᠢ ᠶᠢ ᠴᠢᠷᠮᠠᠶᠢᠨ ᠡᠷᠬᠢᠯᠡᠵᠤ᠂ ᠬᠤᠶᠠᠷ ᠶᠡᠭᠡ ᠶᠠᠪᠤᠳᠠᠯ ᠳᠤ ᠦᠢᠯᠡᠴᠢᠯᠡᠬᠦ ᠴᠢᠳᠠᠪᠤᠷᠢ ᠪᠠ ᠬᠢᠷᠢ ᠬᠡᠮᠵᠢᠶ᠎ᠠ ᠪᠠᠨ ᠦᠷᠭᠦᠯᠵᠢᠯᠡᠨ ᠳᠡᠭᠡᠭᠰᠢᠯᠡᠭᠦᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠳᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠢᠳᠡᠪᠬᠢᠲᠡᠢ ᠬᠤᠪᠢ ᠨᠡᠮᠡᠷᠢ ᠦᠵᠡᠭᠦᠦᠨ᠎ᠠ ᠭᠡᠵᠤ ᠢᠯᠡᠳᠭᠡᠪᠡ᠃   ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠨᠠᠮ ᠤᠨ ᠬᠤᠷᠢᠶᠠᠨ ᠤ ᠱᠦᠵᠢ ᠴᠧᠨ ᠶᠦᠩ ᠱᠧᠩ᠂ ᠪᠦᠬᠦᠳᠡ ᠬᠤᠷᠠᠯ ᠠᠴᠠ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠶᠢᠨ ᠲᠣᠭᠤᠷᠢᠨ ᠳᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠰᠢᠰᠲ᠋ᠧᠮ ᠲᠠᠢ ᠪᠠᠶᠢᠷᠢᠯᠠᠭᠤᠯᠤᠯᠲᠠ ᠬᠢᠵᠡᠢ᠃ ᠶᠡᠭᠡ ᠳᠡᠭᠡᠳᠦ ᠰᠤᠷᠭᠠᠭᠤᠯᠢ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠢᠭᠡᠳᠦᠭᠡᠷ ᠦᠢᠯᠡᠳᠪᠦᠷᠢᠯᠡᠯ ᠤᠨ ᠬᠦᠴᠦᠨ᠂ ᠴᠢᠳᠠᠪᠤᠷᠢᠲᠠᠨ ᠤ ᠨᠢᠭᠡᠳᠦᠭᠡᠷ ᠡᠬᠢ ᠪᠠᠶᠠᠯᠢᠭ᠂ ᠰᠢᠨ᠎ᠡ ᠶᠢ ᠡᠭᠦᠳᠬᠦ ᠨᠢᠭᠡᠳᠦᠭᠡᠷ ᠬᠥᠳᠡᠯᠭᠡᠬᠦ ᠬᠦᠴᠦᠨ ᠤ ᠴᠢᠬᠤᠯᠠ ᠤᠶᠠᠯᠳᠤᠯ ᠤᠨ ᠴᠡᠭ᠂ ᠵᠠᠩᠭᠢᠯᠠᠭ᠎ᠠ ᠶᠢᠨ ᠲᠥᠪᠯᠡᠷᠡᠯ ᠤᠨ ᠴᠡᠭ ᠪᠣᠯᠤᠭᠰᠠᠨ ᠤ ᠬᠤᠪᠢ ᠳᠤ᠂ ᠥᠭᠡᠷᠡᠴᠢᠯᠡᠯᠲᠡ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠬᠦ ᠪᠠᠷ ᠳᠠᠮᠵᠢᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠤᠶᠢᠵᠢᠭᠤᠯᠬᠤ ᠳᠤ ᠣᠶᠤᠨ ᠤᠬᠠᠭᠠᠨ ᠬᠤᠷᠠᠮᠳᠤᠭᠤᠯᠵᠤ ᠬᠦᠴᠦᠨ ᠴᠢᠳᠠᠯ ᠣᠯᠭᠤᠨ᠎ᠠ᠃ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠬᠢᠨ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠭᠤᠤᠯ ᠰᠡᠳᠦᠪ ᠲᠠᠢ ᠨᠢᠭᠲᠠ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠳᠤ ᠦᠢᠯᠡᠴᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠪᠠᠷ ᠦᠨᠳᠦᠰᠦ ᠪᠣᠯᠭᠠᠨ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠬᠥᠳᠡᠯᠭᠡᠭᠴᠢ ᠬᠦᠴᠦᠨ ᠪᠣᠯᠭᠠᠵᠤ᠂ ᠰᠢᠨ᠎ᠡ ᠶᠢ ᠡᠭᠦᠳᠬᠦ ᠬᠦᠴᠦᠨ ᠢᠶᠠᠷ ᠬᠠᠮᠢᠶᠠᠷᠤᠯᠲᠠ ᠶᠢᠨ ᠪᠠᠶᠢᠭᠤᠯᠤᠯ ᠲᠣᠭᠲᠡᠴᠡ ᠶᠢᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ᠲᠣᠮᠣ ᠪᠦᠯᠬᠦᠮ ᠨᠡᠶᠢᠲᠡ ᠶᠢ ᠵᠣᠬᠢᠶᠠᠨ ᠪᠠᠶᠢᠭᠤᠯᠵᠤ᠂ ᠲᠣᠮᠣ ᠲᠠᠪᠴᠠᠩ ᠢ ᠪᠠᠶᠢᠭᠤᠯᠤᠨ᠂ ᠡᠷᠳᠡᠮ ᠰᠢᠨᠵᠢᠯᠡᠭᠡᠨ ᠤ ᠪᠦᠯᠦᠭᠵᠢᠯ ᠢ ᠴᠣᠭᠴᠠᠯᠠᠵᠤ᠂ ᠥᠪᠡᠷᠲᠡᠭᠡᠨ ᠵᠠᠰᠠᠬᠤ ᠣᠷᠣᠨ ᠤ ᠮᠠᠯ ᠠᠵᠤ ᠠᠬᠤᠶ ᠲᠠᠷᠢᠶᠠᠯᠠᠩ ᠤᠨ ᠬᠥᠭᠵᠢᠯᠲᠡ ᠶᠢᠨ ︽ᠤᠶᠤᠨᠳᠤ ᠵᠢᠷᠦᠬᠡ︾ ᠪᠠ ᠳᠡᠭᠡᠳᠦ ᠲᠠᠰ ᠤᠨ ᠣᠶᠤᠨ ᠤ ᠬᠥᠮᠥᠷᠭᠡ ᠪᠣᠯᠬᠤ ᠪᠠᠷ ᠴᠢᠷᠮᠠᠶᠢᠨ᠂ ᠥᠭᠡᠷᠡᠴᠢᠯᠡᠯᠲᠡ ᠨᠡᠭᠡᠭᠡᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠡᠷᠡᠯ ᠰᠠᠴᠤᠷᠠᠩᠭᠤᠶ ᠠᠮᠵᠢᠯᠲᠠ ᠶᠢ ᠡᠭᠦᠳᠬᠦ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠠ ᠭᠡᠵᠤ ᠢᠯᠡᠳᠭᠡᠪᠡ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号