ᠰᠦᠨ ᠱᠤᠤ ᠴᠧᠩ ᠰᠢᠶᠠᠩᠭᠠᠩ ᠤᠨ ᠳ᠋ᠠ ᠭᠦᠩ ᠸᠧᠨ ᠬᠤᠢ ᠵᠠᠭᠤᠴᠢᠯᠠᠭᠤᠷ ᠤᠨ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠯᠢ ᠳ᠋ᠡ ᠬᠤᠩ ᠲᠠᠢ ᠠᠭᠤᠯᠵᠠᠪᠠ
ᠨᠡᠶᠢᠲᠡᠯᠡᠭᠰᠡᠨ ᠴᠠᠭ᠄
2024/7/25
   7 ᠰᠠᠷ᠎ᠠ ᠶᠢᠨ 24 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠭᠦᠭᠡᠬᠤᠲᠠ ᠳᠤ ᠰᠢᠶᠠᠩᠭᠠᠩ ᠤᠨ ᠳ᠋ᠠ ᠭᠦᠩ ᠸᠧᠨ ᠬᠤᠢ ᠵᠠᠭᠤᠴᠢᠯᠠᠭᠤᠷ ᠤᠨ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠯᠢ ᠳ᠋ᠡ ᠬᠤᠩ ᠲᠠᠢ ᠠᠭᠤᠯᠵᠠᠪᠠ᠃    ᠰᠦᠨ ᠱᠤᠤ ᠴᠧᠩ ᠯᠢ ᠳ᠋ᠡ ᠬᠤᠩ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠰᠢᠶᠠᠩᠭᠠᠩ ᠤᠨ ᠳ᠋ᠠ ᠭᠦᠩ ᠸᠧᠨ ᠬᠤᠢ ᠵᠠᠭᠤᠴᠢᠯᠠᠭᠤᠷ ᠤᠨ ᠪᠦᠯᠦᠭᠯᠡᠯ ᠤᠨ ᠤᠷᠳᠤ ᠬᠤᠭᠤᠴᠠᠭᠠᠨ ᠤ ᠲᠤᠷᠰᠢ ᠥᠪᠥᠷ ᠮᠣᠩᠭᠤᠯ ᠳᠤ ᠦᠵᠡᠭᠦᠯᠦᠭᠰᠡᠨ ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠬᠡᠭᠰᠡᠨ ᠪᠥᠭᠡᠳ ᠥᠪᠡᠷᠲᠡᠭᠡᠨ ᠵᠠᠰᠠᠬᠤ ᠣᠷᠣᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠪᠠ᠃ ᠲᠡᠷᠡ᠂ ᠥᠪᠥᠷ ᠮᠣᠩᠭᠤᠯ ᠤᠨ ᠨᠤᠲᠤᠭ ᠳᠡᠪᠢᠰᠬᠡᠷ ᠥᠷᠭᠡᠨ ᠠᠭᠤᠳᠠᠮ᠂ ᠪᠠᠶᠢᠭᠠᠯᠢ ᠶᠢᠨ ᠥᠩᠭᠡ ᠦᠵᠡᠮᠵᠢ ᠥᠪᠡᠷᠮᠢᠴᠡ᠂ ᠲᠡᠦᠬᠡ ᠰᠣᠶᠣᠯ ᠤᠨ ᠲᠤᠨᠳᠠᠰᠤ ᠭᠦᠨ ᠵᠤᠵᠠᠭᠠᠨ ᠶᠤᠮ᠂ ᠰᠢᠶᠠᠩᠭᠠᠩ ᠤᠨ ᠡᠯ᠎ᠡ ᠡᠲᠡᠭᠡᠳ ᠤᠨ ᠨᠠᠶᠢᠵᠠ ᠨᠠᠷ ᠪᠣᠯᠣᠨ ᠵᠠᠯᠠᠭᠤᠴᠤᠳ ᠪᠠᠭᠠᠴᠤᠳ ᠤᠨ ᠥᠪᠥᠷ ᠮᠣᠩᠭᠤᠯ ᠳᠤ ᠢᠯᠡᠭᠦᠬᠡᠨ ᠢᠷᠡᠵᠦ ᠲᠣᠭᠤᠷᠢᠨ ᠦᠵᠡᠵᠦ᠂ ᠥᠪᠥᠷ ᠮᠣᠩᠭᠤᠯ ᠢ ᠭᠦᠨᠵᠡᠭᠡᠢ ᠣᠶᠢᠯᠠᠭᠠᠬᠤ ᠶᠢ ᠪᠠᠶᠠᠷᠯᠠᠨ ᠤᠭᠲᠤᠵᠤ ᠪᠠᠶᠢᠨ᠎ᠠ᠃ ᠰᠢᠶᠠᠩᠭᠠᠩ ᠤᠨ ᠳ᠋ᠠ ᠭᠦᠩ ᠸᠧᠨ ᠬᠤᠢ ᠵᠠᠭᠤᠴᠢᠯᠠᠭᠤᠷ ᠤᠨ ᠪᠦᠯᠦᠭᠯᠡᠯ ᠤᠨ ᠬᠢᠨ ᠭᠤᠣᠯ ᠵᠠᠭᠤᠴᠢᠯᠠᠭᠤᠷ ᠤᠨ ᠳᠠᠪᠠᠭᠤᠯᠢᠭ ᠢᠶᠠᠨ ᠪᠠᠳᠠᠷᠠᠭᠤᠯᠵᠤ᠂ ᠥᠪᠥᠷ ᠮᠣᠩᠭᠤᠯ ᠤᠨ ᠬᠥᠭᠵᠢᠯᠲᠡ ᠶᠢᠨ ᠦᠷ᠎ᠡ ᠪᠦᠲᠦᠭᠡᠯ ᠪᠣᠯᠣᠨ ᠥᠷᠭᠡᠨ ᠠᠭᠤᠳᠠᠮ ᠠᠯᠤᠰ ᠢᠷᠡᠭᠡᠳᠦᠢ ᠶᠢ ᠢᠳᠡᠪᠬᠢᠲᠡᠢ ᠤᠬᠠᠭᠤᠯᠵᠤ᠂ ᠥᠪᠥᠷ ᠮᠣᠩᠭᠤᠯ ᠤᠨ ᠰᠠᠶᠢᠨ ᠰᠠᠶᠢᠬᠠᠨ ᠳᠦᠷᠢ ᠲᠥᠷᠬᠦ ᠶᠢ ᠢᠯᠡᠷᠡᠭᠦᠯᠬᠦ ᠳᠤ ᠬᠦᠴᠦᠨ ᠨᠡᠮᠡᠷᠢᠯᠡᠵᠦ᠂ ᠨᠡᠩ ᠤᠯᠠᠨ ᠰᠢᠶᠠᠩᠭᠠᠩ ᠤᠨ ᠪᠡᠯᠡᠳᠦ ᠰᠢᠶᠠᠩᠭᠠᠩ ᠤᠨ ᠠᠵᠤ ᠠᠬᠤᠶᠢᠯᠠᠯ ᠢ ᠥᠪᠥᠷ ᠮᠣᠩᠭᠤᠯ ᠳᠤ ᠲᠠᠳᠠᠨ ᠠᠪᠴᠢᠷᠠᠵᠤ ᠪᠡᠯᠡ ᠣᠷᠣᠭᠤᠯᠤᠨ ᠦᠢᠯᠡᠰ ᠪᠣᠰᠬᠠᠬᠤ ᠶᠢ ᠬᠦᠰᠡᠵᠦ ᠪᠠᠶᠢᠨ᠎ᠠ᠃ ᠪᠢᠳᠡ ᠶᠠᠭ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ ᠪᠤᠢ᠂ ᠰᠢᠶᠠᠩᠭᠠᠩ ᠤᠨ ᠳ᠋ᠠ ᠭᠦᠩ ᠸᠧᠨ ᠬᠤᠢ ᠵᠠᠭᠤᠴᠢᠯᠠᠭᠤᠷ ᠤᠨ ᠪᠦᠯᠦᠭᠯᠡᠯ ᠤᠨ ᠬᠢᠨ ᠤᠯᠠᠨ ᠲᠠᠯ᠎ᠠ ᠪᠠᠷ ᠬᠥᠭᠦᠷᠭᠡ ᠬᠤᠯᠪᠣᠭᠠᠰᠤ ᠪᠣᠯᠵᠤ᠂ ᠥᠪᠥᠷ ᠮᠣᠩᠭᠤᠯ ᠪᠣᠯᠣᠨ ᠰᠢᠶᠠᠩᠭᠠᠩ ᠬᠤᠶᠠᠷ ᠭᠠᠵᠠᠷ ᠤᠨ ᠠᠵᠤ ᠠᠬᠤᠢ ᠠᠷᠠᠯᠵᠢᠶᠠᠨ ᠤ ᠬᠠᠮᠲᠤᠷᠠᠯᠴᠠᠭ᠎ᠠ ᠪᠣᠯᠣᠨ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠵᠡᠢ᠃    ᠯᠢ ᠳ᠋ᠡ ᠬᠤᠩ ᠪᠦᠯᠦᠭᠯᠡᠯ ᠤᠨ ᠬᠥᠭᠵᠢᠯᠲᠡ ᠵᠢᠴᠢ ︽ᠹᠠᠨ ᠴᠠᠩ ᠵᠢᠶᠠᠩ ᠠᠵᠢᠯᠯᠠᠭ᠎ᠠ — ᠰᠢᠶᠠᠩᠭᠠᠩ ᠤᠨ ᠵᠠᠭᠤᠴᠢᠯᠠᠭᠤᠷ ᠤᠨ ᠰᠤᠷᠤᠬᠴᠢᠳ ᠤᠨ ᠥᠪᠥᠷ ᠮᠣᠩᠭᠤᠯ ᠳᠠᠬᠢ ᠠᠶᠠᠯᠠᠯ︾ ᠤᠨ ᠰᠣᠷᠪᠤᠯᠵᠢᠯᠠᠭ᠎ᠠ ᠶᠢᠨ ᠠᠵᠢᠯᠯᠠᠭ᠎ᠠ ᠶᠢᠨ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠵᠤ᠂ ᠥᠪᠥᠷ ᠮᠣᠩᠭᠤᠯ ᠤᠨ ᠬᠢᠨ ᠠᠵᠢᠯᠯᠠᠭ᠎ᠠ ᠶᠢ ᠴᠢᠬᠤᠯᠠᠴᠢᠯᠠᠨ ᠦᠵᠡᠵᠦ ᠳᠡᠮᠵᠢᠭᠰᠡᠨ ᠳᠤ ᠲᠠᠯᠠᠷᠬᠠᠪᠠ᠃ ᠲᠡᠷᠡ᠂ ᠣᠶᠢᠷ᠎ᠠ ᠶᠢᠨ ᠵᠢᠯ ᠠᠴᠠ ᠥᠪᠥᠷ ᠮᠣᠩᠭᠤᠯ ᠳᠤ ᠯᠤᠲᠤ ᠶᠡᠭᠡ ᠬᠤᠪᠢᠷᠠᠯᠲᠠ ᠭᠠᠷᠴᠤ᠂ ᠬᠤᠳᠠ ᠬᠥᠳᠡᠭᠡ ᠶᠢᠨ ᠳᠦᠷᠰᠦ ᠪᠠᠶᠢᠳᠠᠯ ᠰᠢᠨᠡᠳᠦᠨ ᠬᠤᠪᠢᠷᠠᠵᠤ᠂ ᠺᠠᠳ᠋ᠷ ᠤᠯᠠᠨ ᠲᠦᠮᠡᠨ ᠴᠤᠬ ᠵᠢᠪᠬᠤᠭ᠎ᠠ ᠲᠡᠭᠦᠯᠳᠡᠷ ᠪᠣᠯᠵᠤ᠂ ᠰᠠᠶᠢᠨ ᠰᠠᠶᠢᠬᠠᠨ ᠬᠥᠭᠵᠢᠯᠲᠡ ᠶᠢᠨ ᠬᠠᠨᠳᠤᠰᠢ ᠨᠢ ᠬᠥᠮᠥᠰ ᠲᠤ ᠭᠦᠨ ᠰᠠᠭᠤᠭᠳᠠᠯ ᠥᠭᠴᠡᠢ᠃ ᠰᠢᠶᠠᠩᠭᠠᠩ ᠤᠨ ᠳ᠋ᠠ ᠭᠦᠩ ᠸᠧᠨ ᠬᠤᠢ ᠵᠠᠭᠤᠴᠢᠯᠠᠭᠤᠷ ᠤᠨ ᠪᠦᠯᠦᠭᠯᠡᠯ ᠤᠨ ᠬᠢᠨ ᠵᠠᠭᠤᠴᠢᠯᠠᠭᠤᠷ ᠤᠨ ᠵᠢᠭᠰᠠᠭᠠᠯ᠂ ᠤᠯᠠᠨ ᠤᠯᠤᠰ ᠤᠨ ᠳᠠᠮᠵᠢᠭᠤᠯᠭ᠎ᠠ ᠶᠢᠨ ᠳᠠᠪᠠᠭᠤᠯᠢᠭ ᠢᠶᠠᠨ ᠠᠰᠢᠭᠯᠠᠵᠤ᠂ ᠥᠪᠥᠷ ᠮᠣᠩᠭᠤᠯ ᠤᠨ ᠦᠯᠢᠭᠡᠷ ᠢ ᠰᠠᠶᠢᠲᠤᠷ ᠶᠠᠷᠢᠵᠤ᠂ ᠰᠢᠶᠠᠩᠭᠠᠩ ᠪᠣᠯᠣᠨ ᠥᠪᠥᠷ ᠮᠣᠩᠭᠤᠯ ᠤᠨ ᠠᠵᠤ ᠠᠬᠤᠢ᠂ ᠰᠣᠶᠣᠯ᠂ ᠰᠣᠶᠣᠯ ᠢᠷᠭᠡᠨᠰᠢᠯ ᠵᠡᠷᠭᠡ ᠬᠦᠷᠢᠶᠡᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠬᠤ ᠳᠤ ᠨᠡᠩ ᠶᠡᠭᠡ ᠦᠢᠯᠡᠳᠦᠯ ᠦᠵᠡᠭᠦᠯᠦᠨ᠎ᠡ ᠭᠡᠵᠦ ᠬᠡᠯᠡᠪᠡ᠃    ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠵᠧᠩ ᠬᠤᠩ ᠹᠠᠨ᠂ ᠢᠦᠢ ᠯᠢ ᠰᠢᠨ ᠠᠭᠤᠯᠵᠠᠯᠲᠠ ᠳᠤ ᠣᠷᠣᠯᠴᠠᠵᠠᠢ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号