ᠰᠢ ᠶᠢᠨ ᠫᠢᠩ ᠰᠢᠶᠠᠮᠧᠨ ᠤ ᠠᠭᠠᠷ ᠤᠨ ᠠᠶᠠᠯᠠᠯ ᠤᠨ ᠬᠢᠵᠠᠭᠠᠷᠲᠤ ᠺᠣᠮᠫᠠᠨᠢ ᠶᠢᠨ ᠪᠦᠬᠦ ᠠᠵᠢᠯᠲᠠᠳ ᠲᠤ ᠬᠠᠷᠢᠭᠤ ᠵᠠᠬᠢᠳᠠᠯ ᠢᠯᠡᠭᠡᠵᠦ ᠴᠢᠬᠤᠯᠠᠴᠢᠯᠠᠭᠰᠠᠨ ᠨᠢ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠠᠷᠢᠮᠲᠠᠯᠠᠵᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠢᠯᠡᠴᠢᠯᠡᠵᠦ ᠬᠤᠶᠠᠷ ᠬᠥᠪᠡᠭᠡᠨ ᠤ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠬᠤ ᠲᠠᠯ᠎ᠠ ᠪᠠᠷ ᠢᠳᠡᠪᠬᠢᠲᠡᠢ ᠪᠠᠷ ᠦᠢᠯᠡᠳᠦᠯ ᠢᠶᠠᠨ ᠪᠠᠳᠠᠷᠠᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2024/7/25
   ᠰᠢᠶᠠᠮᠧᠨ ᠤ ᠠᠭᠠᠷ ᠤᠨ ᠠᠶᠠᠯᠠᠯ ᠤᠨ ᠬᠢᠵᠠᠭᠠᠷᠲᠤ ᠺᠣᠮᠫᠠᠨᠢ ᠪᠠᠶᠢᠭᠤᠯᠤᠭᠳᠠᠭᠰᠠᠨ 40 ᠵᠢᠯ ᠤᠨ ᠣᠶ ᠶᠢᠨ ᠲᠠᠰᠢᠷᠠᠮ ᠢᠶᠠᠷ ᠂ ᠨᠠᠮ ᠤᠨ ᠲᠥᠪ ᠬᠤᠷᠢᠶᠠᠨ ᠤ ᠶᠡᠷᠦᠩᠬᠡᠶ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠣᠶᠢᠷ᠎ᠠ ᠶᠢᠨ ᠡᠳᠦᠷ ᠰᠢᠶᠠᠮᠧᠨ ᠤ ᠠᠭᠠᠷ ᠤᠨ ᠠᠶᠠᠯᠠᠯ ᠤᠨ ᠬᠢᠵᠠᠭᠠᠷᠳᠤ ᠺᠣᠮᠫᠠᠨᠢ ᠶᠢᠨ ᠪᠥᠬᠦ ᠠᠵᠢᠯᠲᠠᠨ ᠳᠤ ᠬᠠᠷᠢᠭᠤ ᠵᠠᠬᠢᠳᠠᠯ ᠢᠯᠡᠭᠡᠵᠦ᠂ ᠲᠡᠳᠡᠨ ᠳᠤ ᠬᠠᠯᠠᠭᠤᠨ ᠮᠡᠨᠳᠤᠴᠢᠯᠠᠯ ᠬᠥᠷᠭᠡᠵᠥ ᠪᠠᠶᠢᠬᠤ ᠪᠠᠨ ᠢᠯᠡᠳᠭᠡᠭᠰᠡᠨ ᠪᠥᠭᠡᠳ ᠴᠢᠩ ᠰᠡᠳᠭᠢᠯ ᠤᠨ ᠬᠦᠰᠡᠯ ᠨᠠᠶᠢᠳᠠᠯᠭ᠎ᠠ ᠳᠤᠷᠠᠳᠴᠠᠶ᠃   ᠰᠢ ᠶᠢᠨ ᠫᠢᠩ ᠬᠠᠷᠢᠭᠤ ᠵᠠᠬᠢᠳᠠᠯ ᠳᠠᠭᠠᠨ᠂ ᠪᠢ ᠰᠢᠶᠠᠮᠧᠨ ᠳᠤ ᠠᠵᠢᠯᠯᠠᠵᠤ ᠪᠠᠶᠢᠬᠤ ᠳᠠᠭᠠᠨ ᠰᠢᠶᠠᠮᠧᠨ ᠤ ᠠᠭᠠᠷ ᠤᠨ ᠠᠶᠠᠯᠠᠯ ᠤᠨ ᠬᠢᠵᠠᠭᠠᠷᠳᠤ ᠺᠣᠮᠫᠠᠨᠢ ᠶᠢᠨ ᠠᠩᠬ᠎ᠠ ᠡᠭᠦᠳᠦᠯᠲᠡ ᠳᠤ ᠣᠷᠣᠯᠴᠠᠵᠤ᠂ 40 ᠵᠢᠯ ᠤᠨ ᠲᠤᠷᠰᠢ ᠺᠣᠮᠫᠠᠨᠢ ᠶᠢᠨ ᠦᠰᠦᠨ ᠪᠤᠶᠢᠵᠢᠯᠲᠠ ᠶᠢ ᠠᠩᠬᠠᠷᠤᠭᠰᠠᠭᠠᠷ ᠢᠷᠡᠵᠠᠢ᠃ ᠤᠳᠤ ᠭᠠᠷ ᠬᠤᠭᠤᠰᠣᠨ ᠢᠶᠠᠷ ᠠᠳᠠᠯ ᠪᠤᠰᠬᠠᠭᠰᠠᠨ ᠰᠢᠶᠠᠮᠧᠨ ᠤ ᠠᠭᠠᠷ ᠤᠨ ᠠᠶᠠᠯᠠᠯ ᠤᠨ ᠬᠢᠵᠠᠭᠠᠷᠲᠤ ᠺᠣᠮᠫᠠᠨᠢ ᠥᠰᠥᠷᠥᠯᠳᠠ ᠶᠢᠨ ᠴᠢᠨᠠᠷᠳᠠᠢ ᠬᠥᠭᠵᠢᠯᠲᠡ ᠶᠢ ᠪᠡᠶᠡᠯᠡᠭᠦᠯᠦᠭᠰᠡᠨ ᠢ ᠦᠵᠡᠭᠡᠳ ᠪᠢ ᠮᠠᠰᠢ ᠪᠠᠶᠠᠷᠯᠠᠵᠤ ᠪᠠᠶᠢᠨ᠎ᠠ ᠭᠡᠪᠡ᠃ᠰᠢ ᠶᠢᠨ ᠫᠢᠩ᠂ ᠰᠢᠨ᠎ᠡ ᠴᠠᠭ ᠦᠶ᠎ᠡ ᠰᠢᠨ᠎ᠡ ᠠᠶᠠᠨ ᠳᠤ᠂ ᠲᠠ ᠨᠠᠷ ᠤᠨ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠭᠤᠣᠯᠯᠠᠭᠴᠢ ᠦᠷᠢᠰᠦᠯᠳᠦᠬᠦ ᠬᠦᠴᠦᠨ ᠢᠶᠠᠨ ᠴᠢᠩᠭᠠᠳᠬᠠᠵᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠴᠣᠭᠴᠠᠯᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ᠂ ᠬᠤᠶᠠᠷ ᠬᠥᠪᠡᠭᠡᠨ ᠤ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠬᠤ ᠲᠠᠯ᠎ᠠ ᠪᠠᠷ ᠢᠳᠡᠪᠬᠢᠲᠡᠢ ᠪᠠᠷ ᠦᠢᠯᠡᠳᠦᠯ ᠢᠶᠠᠨ ᠪᠠᠳᠠᠷᠠᠭᠤᠯᠵᠤ᠂ ᠠᠷᠠᠳ ᠤᠨ ᠠᠭᠠᠷ ᠤᠨ ᠠᠶᠠᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠵᠠᠮ ᠬᠠᠷᠢᠯᠴᠠᠭᠠᠨ ᠤ ᠬᠦᠴᠦᠷᠬᠡᠭ ᠤᠯᠤᠰ ᠢ ᠪᠥᠳᠤᠭᠡᠨ ᠪᠠᠶᠢᠭᠤᠯᠬᠤ ᠳᠤ ᠨᠡᠩ ᠤᠯᠠᠨ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃   ᠰᠢᠶᠠᠮᠧᠨ ᠤ ᠠᠭᠠᠷ ᠤᠨ ᠠᠶᠠᠯᠠᠯ ᠤᠨ ᠬᠢᠵᠠᠭᠠᠷᠲᠤ ᠺᠣᠮᠫᠠᠨᠢ 1984 ᠣᠨ ᠤ 7 ᠰᠠᠷ᠎ᠠ ᠳᠤ ᠪᠠᠶᠢᠭᠤᠯᠤᠭᠳᠠᠵᠤ᠂ ᠮᠠᠨ ᠤ ᠤᠯᠤᠰ ᠤᠨ ᠠᠩᠬᠠᠳᠠᠭᠴᠢ ᠤᠳᠤ ᠦᠶ᠎ᠡ ᠶᠢᠨ ᠠᠵᠤ ᠠᠬᠤᠶᠢᠯᠠᠯ ᠤᠨ ᠲᠦᠷᠢᠮ ᠢᠶᠠᠷ ᠡᠵᠡᠩᠨᠡᠭᠰᠡᠨ ᠠᠭᠠᠷ ᠤᠨ ᠠᠶᠠᠯᠠᠯ ᠤᠨ ᠺᠣᠮᠫᠠᠨᠢ ᠪᠣᠯᠤᠨ᠎ᠠ᠃ ᠰᠢᠶᠠᠮᠧᠨ ᠳᠤ ᠠᠵᠢᠯᠯᠠᠵᠤ ᠪᠠᠶᠢᠬᠤ ᠳᠠᠭᠠᠨ᠂ ᠰᠢ ᠶᠢᠨ ᠫᠢᠩ ᠠᠩᠬ᠎ᠠ ᠡᠭᠦᠳᠬᠦ ᠱᠠᠲᠤᠨ ᠳᠤ ᠪᠠᠶᠢᠭᠰᠠᠨ ᠰᠢᠶᠠᠮᠧᠨ ᠤ ᠠᠭᠠᠷ ᠤᠨ ᠠᠶᠠᠯᠠᠯ ᠤᠨ ᠬᠢᠵᠠᠭᠠᠷᠳᠤ ᠺᠣᠮᠫᠠᠨᠢ ᠶᠢᠨ ᠣᠯᠠᠨ ᠬᠦᠴᠢᠷ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠭᠰᠡᠨ ᠪᠥᠭᠡᠳ ᠰᠢᠶᠠᠮᠧᠨ ᠤ ᠠᠭᠠᠷ ᠤᠨ ᠠᠶᠠᠯᠠᠯ ᠤᠨ ᠬᠢᠵᠠᠭᠠᠷᠳᠤ ᠺᠣᠮᠫᠠᠨᠢ ᠶᠢᠨ ᠥᠭᠡᠷᠡᠴᠢᠯᠡᠯᠲᠡ ᠬᠥᠭᠵᠢᠯᠲᠡ ᠶᠢ ᠢᠮᠠᠭᠲᠠ ᠬᠠᠯᠠᠮᠵᠢᠯᠠᠨ ᠵᠢᠯᠣᠭᠤᠳᠴᠠᠶ᠃ ᠣᠳᠣᠬᠠᠨ ᠳᠤ᠂ ᠰᠢᠶᠠᠮᠧᠨ ᠤ ᠠᠭᠠᠷ ᠤᠨ ᠠᠶᠠᠯᠠᠯ ᠤᠨ ᠬᠢᠵᠠᠭᠠᠷᠳᠤ ᠺᠣᠮᠫᠠᠨᠢ ᠶᠢᠨ ᠡᠵᠡᠩᠨᠡᠵᠦ ᠪᠠᠶᠢᠭ᠎ᠠ ᠤᠯᠤᠰ ᠤᠨ ᠳᠣᠲᠣᠭᠠᠳᠤ ᠭᠠᠳᠠᠭᠠᠳᠤ ᠶᠢᠨ ᠠᠶᠠᠯᠠᠯ ᠤᠨ ᠱᠤᠭᠤᠮ 400 ᠭᠠᠷᠤᠢ ᠪᠤᠯᠵᠦ᠂ ᠵᠢᠯ ᠤᠨ ᠠᠶᠠᠨᠴᠢᠨ ᠤ ᠵᠥᠭᠡᠭᠡᠪᠦᠷᠢ ᠶᠢᠨ ᠬᠡᠮᠵᠢᠶ᠎ᠡ 4000 ᠲᠦᠮᠡ ᠰᠢᠬᠠᠮ ᠬᠥᠮᠦᠨ ᠤᠳᠠᠭ᠎ᠠ ᠳᠤ ᠬᠦᠷᠴᠦ᠂ ᠨᠢᠰᠦᠯᠲᠡ ᠶᠢᠨ ᠠᠮᠤᠷ ᠲᠦᠪᠰᠢᠨ ᠤ ᠲᠠᠪᠤᠨ ᠤᠳᠤᠨ ᠱᠠᠩᠨᠠᠯ᠂ ᠳᠤᠮᠳᠠᠳᠤ ᠤᠯᠤᠰ ᠤᠨ ᠶᠠᠰᠤ ᠴᠢᠨᠠᠷ ᠤᠨ ᠱᠠᠩᠨᠠᠯ ᠵᠡᠷᠭᠡ ᠢᠷᠠᠭᠤ ᠠᠯᠳᠠᠷ ᠢ ᠬᠦᠷᠳᠡᠵᠦ ᠥᠩᠭᠡᠷᠡᠪᠡ᠃ ᠣᠶᠢᠷ᠎ᠠ ᠳᠤ᠂ ᠰᠢᠶᠠᠮᠧᠨ ᠤ ᠠᠭᠠᠷ ᠤᠨ ᠠᠶᠠᠯᠠᠯ ᠤᠨ ᠬᠢᠵᠠᠭᠠᠷᠳᠤ ᠺᠣᠮᠫᠠᠨᠢ ᠶᠢᠨ ᠪᠥᠬᠦ ᠠᠵᠢᠯᠲᠠᠨ ᠶᠡᠷᠦᠩᠬᠡᠶ ᠱᠦᠵᠢ ᠰᠢ ᠶᠢᠨ ᠫᠢᠩ ᠳᠤ ᠵᠠᠬᠢᠳᠠᠯ ᠪᠢᠴᠢᠵᠦ᠂ ᠺᠣᠮᠫᠠᠨᠢ ᠪᠠᠶᠢᠭᠤᠯᠤᠭᠳᠠᠭᠰᠠᠨ 40 ᠵᠢᠯ ᠤᠨ ᠲᠤᠷᠰᠢ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠳᠤ ᠲᠦᠰᠢᠭᠯᠡᠨ ᠣᠯᠤᠭᠰᠠᠨ ᠬᠥᠭᠵᠢᠯᠲᠡ ᠶᠢᠨ ᠠᠮᠵᠢᠯᠲᠠ ᠪᠦᠲᠦᠮᠵᠢ ᠪᠠᠨ ᠬᠠᠷᠢᠭᠤ ᠮᠡᠳᠡᠭᠦᠯᠵᠦ᠂ ᠣᠭ ᠰᠠᠨᠠᠭ᠎ᠠ ᠪᠠᠨ ᠥᠯᠥ ᠮᠠᠷᠲᠠᠨ᠂ ᠵᠣᠷᠢᠭ ᠢᠶᠠᠨ ᠬᠦᠪᠴᠢᠯᠡᠨ ᠥᠭᠡᠷᠡᠴᠢᠯᠡᠯᠲᠡ ᠬᠢᠵᠦ᠂ ᠺᠣᠮᠫᠠᠨᠢ ᠪᠠᠨ ᠬᠦᠴᠦᠷᠬᠡᠭᠵᠢᠭᠦᠯᠦᠨ ᠰᠢᠯᠢᠳᠡᠭᠵᠢᠭᠦᠯᠵᠦ ᠪᠤᠵᠠᠭᠠᠶᠢᠷᠠᠭᠤᠯᠬᠤ ᠪᠠᠷ ᠴᠢᠷᠮᠠᠶᠢᠵᠤ᠂ ᠲᠠᠶᠢᠸᠠᠨ ᠬᠤᠭᠤᠯᠠᠶ ᠶᠢᠨ ᠬᠤᠶᠠᠷ ᠬᠥᠪᠡᠭᠡᠨ ᠤ ᠠᠭᠤᠰᠤᠯᠴᠠᠨ ᠬᠥᠭᠵᠢᠬᠦ ᠳᠤ ᠢᠳᠡᠪᠬᠢᠲᠡᠶ ᠬᠦᠴᠦᠨ ᠨᠡᠮᠡᠷᠢᠯᠡᠬᠦ ᠵᠣᠷᠢᠭ ᠢᠶᠠᠨ ᠢᠯᠡᠳᠭᠡᠪᠡ᠃    ︵ᠰᠢᠨᠬᠤᠸᠠ ᠬᠤᠷᠢᠶᠠᠨ ᠤ ᠪᠡᠭᠡᠵᠢᠩ ᠤᠨ 7 ᠰᠠᠷ᠎ᠠ ᠶᠢᠨ 24 ᠤ ᠴᠠᠬᠢᠯᠭᠠᠨ ᠮᠡᠳᠡᠭᠡ︶
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号