ᠭᠤᠣᠯ ᠤᠨ ᠪᠠᠶᠢᠰᠢᠩ ᠪᠠᠯᠭᠠᠰᠤ ᠡᠮᠡᠭᠲᠡᠶᠢᠴᠦᠳ ᠤᠨ ᠡᠷᠬᠡ ᠠᠰᠢᠭ ᠢ ᠬᠠᠮᠠᠭᠠᠯᠠᠬᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/26
   ᠡᠮᠡᠭᠲᠡᠶᠢᠴᠦᠳ ᠤᠨ ᠬᠠᠤᠯᠢ ᠪᠠᠷ ᠵᠠᠰᠠᠬᠤ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠡᠮᠡᠭᠲᠡᠶᠢᠴᠦᠳ ᠤᠨ ᠬᠠᠤᠯᠢ ᠶᠣᠰᠣᠨ ᠤ ᠡᠷᠬᠡ ᠠᠰᠢᠭ ᠢ ᠪᠦᠲᠦᠮᠵᠢᠲᠡᠢ ᠬᠠᠮᠠᠭᠠᠯᠠᠬᠤ ᠶᠢᠨ ᠲᠥᠯᠥᠭᠡ᠂ 7 ᠰᠠᠷ᠎ᠠ ᠶᠢᠨ 25 ᠤ ᠡᠳᠦᠷ᠂ ᠭᠤᠣᠯ ᠤᠨ ᠪᠠᠶᠢᠰᠢᠩ ᠪᠠᠯᠭᠠᠰᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠬᠢᠩᠭᠠᠨ ᠠᠶᠢᠮᠠᠭ ᠤᠨ ︽ᠴᠠᠭᠠᠨ ᠬᠤᠰᠤᠨ ᠡᠮᠡᠭᠲᠡᠢ ᠬᠠᠤᠯᠢᠴᠢ ᠶᠢᠨ ᠦᠢᠯᠡᠴᠢᠯᠡᠭᠡᠨ ᠤ ᠪᠦᠯᠬᠦᠮ︾ ᠤᠨ ᠪᠦᠷᠢᠯᠳᠦᠬᠦᠨ᠂ ᠥᠪᠥᠷ ᠮᠣᠩᠭᠤᠯ ᠤᠨ ᠰᠢᠨ ᠰᠢᠨ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠴᠠᠩ ᠱᠣ᠋ ᠮᠧᠢ ᠬᠠᠤᠯᠢᠴᠢ ᠶᠢ ᠤᠷᠢᠵᠤ ︽ᠡᠮᠡᠭᠲᠡᠢ ᠬᠠᠤᠯᠢᠴᠢ ᠠᠴᠠ ᠲᠣᠭᠤᠷᠢᠨ ᠪᠠᠭᠤᠵᠤ ᠰᠤᠷᠪᠤᠯᠵᠢᠯᠠᠬᠤ︾ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠳᠤᠪᠤ ᠶᠢᠨ ᠡᠩᠭᠡᠷ ᠭᠠᠴᠠᠭᠠᠨ ᠤ ᠡᠮᠡᠭᠲᠡᠶᠢᠴᠦᠳ ᠨᠡᠶᠢᠲᠡ 30 ᠭᠠᠷᠤᠢ ᠬᠥᠮᠦᠨ ᠣᠷᠣᠯᠴᠠᠵᠠᠢ᠃    ᠠᠵᠢᠯᠯᠠᠭ᠎ᠠ ᠶᠢᠨ ᠳᠤᠮᠳᠠ᠂ ᠪᠠᠶᠢᠩᠭᠤ ᠶᠢᠨ ᠬᠠᠤᠯᠢᠴᠢ ᠬᠤᠷᠠᠯ ᠳᠤ ᠣᠷᠣᠯᠴᠠᠭᠰᠠᠨ ᠣᠯᠠᠨ ᠲᠦᠮᠡᠨ ᠳᠤ ︽ᠢᠷᠭᠡᠨ ᠤ ᠬᠠᠤᠯᠢ ᠶᠢᠨ ᠪᠢᠴᠢᠭ ᠤᠨ ᠤᠷᠤᠭ ᠭᠡᠷ ᠪᠦᠯᠢ ᠶᠢᠨ ᠬᠠᠭᠤᠳᠠᠰᠤ︾ ᠪᠠ ︽ᠭᠡᠷ ᠪᠦᠯᠢ ᠶᠢᠨ ᠬᠦᠴᠦᠷᠬᠡᠭᠯᠡᠯ ᠢ ᠡᠰᠡᠷᠭᠦᠴᠡᠬᠦ ᠬᠠᠤᠯᠢ︾ ᠳᠠᠬᠢ ᠡᠮᠡᠭᠲᠡᠶᠢᠴᠦᠳ ᠤᠨ ᠡᠷᠬᠡ ᠠᠰᠢᠭ ᠢ ᠬᠠᠮᠠᠭᠠᠯᠠᠬᠤ ᠲᠤᠬᠠᠢ ᠬᠤᠯᠪᠣᠭᠳᠠᠯ ᠪᠦᠬᠦᠢ ᠲᠣᠭᠲᠠᠭᠠᠯ ᠢ ᠭᠤᠣᠯᠳᠠᠯᠭ᠎ᠠ ᠲᠠᠢ ᠲᠠᠶᠢᠯᠪᠤᠷᠢᠯᠠᠭᠰᠠᠨ ᠪᠥᠭᠡᠳ ᠪᠣᠳᠠᠲᠤ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠡᠮᠡᠭᠲᠡᠶᠢᠴᠦᠳ ᠤᠨ ᠬᠠᠤᠯᠢ ᠴᠠᠭᠠᠵᠠ ᠶᠢᠨ ᠡᠷᠬᠡ ᠠᠰᠢᠭ ᠢ ᠬᠠᠮᠠᠭᠠᠯᠠᠬᠤ ᠠᠷᠭ᠎ᠠ ᠵᠠᠮ᠂ ᠬᠠᠤᠯᠢ ᠴᠠᠭᠠᠵᠠ ᠶᠢᠨ ᠲᠤᠰᠠᠯᠠᠮᠵᠢ ᠭᠤᠶᠤᠴᠢᠯᠠᠬᠤ ᠨᠥᠬᠦᠴᠡᠯ᠂ ᠬᠦᠷᠢᠶ᠎ᠡ ᠬᠡᠪᠴᠢᠶ᠎ᠡ᠂ ᠳᠡᠰ ᠳᠠᠷᠠᠭᠠᠯᠠᠯ ᠵᠡᠷᠭᠡ ᠬᠤᠯᠪᠣᠭᠳᠠᠯ ᠪᠦᠬᠦᠢ ᠮᠡᠳᠡᠯᠭᠡ ᠶᠢᠨ ᠲᠤᠬᠠᠢ ᠣᠯᠠᠨ ᠲᠦᠮᠡᠨ ᠤ ᠰᠡᠵᠢᠭ ᠢ ᠲᠠᠶᠢᠯᠵᠤ᠂ ᠬᠠᠤᠯᠢ ᠴᠠᠭᠠᠵᠠ ᠶᠢᠨ ᠵᠦᠢᠯ ᠵᠤᠷᠪᠤᠰ ᠪᠠ ᠬᠡᠷᠡᠭ ᠤᠨ ᠵᠢᠱᠢᠶ᠎ᠡ ᠶᠢ ᠤᠶᠠᠯᠳᠤᠭᠤᠯᠬᠤ ᠬᠡᠯᠪᠡᠷᠢ ᠪᠠᠷ ᠳᠠᠮᠵᠢᠭᠤᠯᠤᠨ᠂ ᠥᠷᠭᠡᠨ ᠣᠯᠠᠨ ᠡᠮᠡᠭᠲᠡᠶᠢᠴᠦᠳ ᠲᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠮᠡᠳᠡᠯᠭᠡ ᠶᠢᠨ ᠠᠮᠢᠳᠤᠯᠢᠭ ᠲᠠᠶᠢᠯᠤᠮᠵᠢ ᠬᠢᠪᠡ᠃ ᠲᠠᠶᠢᠯᠤᠮᠵᠢ ᠳᠠᠭᠤᠰᠤᠭᠰᠠᠨ ᠤ ᠳᠠᠷᠠᠭ᠎ᠠ᠂ ᠲᠤᠬᠠᠢ ᠶᠢᠨ ᠲᠠᠯᠠᠪᠤᠷ ᠤᠨ ᠡᠮᠡᠭᠲᠡᠶᠢᠴᠦᠳ ᠥᠪᠡᠷ ᠤᠨ ᠠᠩᠬᠠᠷᠴᠤ ᠪᠠᠶᠢᠭ᠎ᠠ ᠠᠰᠠᠭᠤᠳᠠᠯ ᠤᠨ ᠲᠤᠬᠠᠢ ᠡᠩ ᠤᠨ ᠬᠠᠤᠯᠢᠴᠢ ᠲᠠᠢ ᠰᠠᠨᠠᠯ ᠢᠶᠠᠨ ᠰᠣᠯᠢᠯᠴᠠᠪᠠ᠃    ᠲᠤᠰ ᠤᠳᠠᠭᠠᠨ ᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠨᠢ ᠡᠮᠡᠭᠲᠡᠶᠢᠴᠦᠳ ᠤᠨ ᠡᠷᠬᠡ ᠠᠰᠢᠭ ᠢ ᠬᠠᠮᠠᠭᠠᠯᠠᠬᠤ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠬᠠᠮᠤᠭ ᠤᠨ ᠳᠥᠭᠦᠮ ᠣᠶᠢᠯᠠᠭᠠᠮᠵᠢᠲᠠᠢ ᠦᠭᠡ ᠬᠡᠯᠡ ᠪᠠᠷ ᠤᠬᠠᠭᠤᠯᠵᠤ᠂ ᠥᠷᠭᠡᠨ ᠣᠯᠠᠨ ᠡᠮᠡᠭᠲᠡᠶᠢᠴᠦᠳ ᠤᠨ ᠬᠠᠤᠯᠢ ᠪᠠᠷ ᠵᠠᠰᠠᠬᠤ ᠤᠬᠠᠮᠰᠠᠷ ᠪᠠ ᠥᠪᠡᠷ ᠢ ᠪᠠᠨ ᠬᠠᠮᠠᠭᠠᠯᠠᠬᠤ ᠤᠬᠠᠮᠰᠠᠷ ᠢ ᠴᠢᠩᠭᠠᠳᠬᠠᠵᠤ᠂ ᠬᠠᠤᠯᠢ ᠴᠠᠭᠠᠵᠠ ᠶᠢᠨ ᠵᠡᠪᠰᠡᠭ ᠢᠶᠠᠷ ᠲᠤᠰ ᠪᠡᠶ᠎ᠡ ᠶᠢᠨ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠴᠢᠳᠠᠪᠤᠷᠢ ᠪᠠᠨ ᠳᠡᠭᠡᠭᠰᠢᠯᠡᠭᠦᠯᠪᠡ᠃ ᠳᠠᠷᠠᠭᠠᠴᠢ ᠶᠢᠨ ᠠᠯᠬᠤᠮ ᠳᠤ᠂ ᠭᠤᠣᠯ ᠤᠨ ᠪᠠᠶᠢᠰᠢᠩ ᠪᠠᠯᠭᠠᠰᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠤᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠪᠦᠬᠦ ᠨᠡᠶᠢᠭᠡᠮ ᠢᠶᠠᠷ ᠢᠶᠠᠨ ᠡᠮᠡᠭᠲᠡᠶᠢᠴᠦᠳ ᠬᠡᠦᠬᠡᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠢ ᠪᠣᠯᠭᠠᠵᠤ᠂ ᠭᠡᠷ ᠪᠦᠯᠢ ᠶᠢᠨ ᠡᠶ᠎ᠡ ᠵᠣᠬᠢᠴᠠᠯ ᠂ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠳᠤ ᠬᠦᠴᠦᠲᠡᠢ ᠪᠠᠲᠤᠯᠠᠭ᠎ᠠ ᠬᠠᠩᠭᠠᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号