ᠰᠢᠨᠠᠵᠠᠮ ᠰᠤᠮᠤ 2011 ᠣᠨ ᠠᠴᠠ 2018 ᠤᠨ ᠪᠣᠯᠲᠠᠯᠠᠬᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠮᠠᠰᠢᠨ ᠴᠠᠬᠢᠯᠭᠠᠨ ᠬᠤᠳᠳᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/26
   7 ᠰᠠᠷ᠎ᠠ ᠶᠢᠨ 24 ᠤ ᠡᠳᠦᠷ᠂ ᠰᠢᠨᠠᠵᠠᠮ ᠰᠤᠮᠤ 2011 ᠣᠨ ᠠᠴᠠ 2018 ᠤᠨ ᠪᠣᠯᠲᠠᠯᠠᠬᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠮᠠᠰᠢᠨ ᠴᠠᠬᠢᠯᠭᠠᠨ ᠬᠤᠳᠳᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠠᠬᠢᠭᠤᠯᠬᠤ ᠬᠤᠷᠠᠯ ᠬᠢᠵᠦ᠂ ᠬᠤᠷᠠᠯ ᠢ ᠰᠤᠮᠤᠨ ᠤ ᠨᠠᠮ ᠤᠨ ᠬᠤᠷᠢᠶᠠᠨ ᠤ ᠱᠦᠵᠢ ᠰᠢᠦᠢ ᠲᠢᠶᠠᠨ ᠡᠷᠬᠢᠯᠡᠵᠦ᠂ ᠰᠤᠮᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ᠂ ᠬᠡᠰᠡᠭ ᠳᠠᠭᠠᠭᠠᠴᠢᠯᠠᠭᠰᠠᠨ ᠤᠳᠤᠷᠢᠳᠤᠯᠭ᠎ᠠ ᠬᠤᠷᠠᠯ ᠳᠤ ᠣᠷᠣᠯᠴᠠᠪᠠ᠃    ᠬᠤᠷᠠᠯ ᠠᠴᠠ 2011 ᠣᠨ ᠠᠴᠠ 2018 ᠤᠨ ᠪᠣᠯᠲᠠᠯᠠᠬᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠮᠠᠰᠢᠨ ᠴᠠᠬᠢᠯᠭᠠᠨ ᠬᠤᠳᠳᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠠᠬᠢᠴᠠ ᠶᠢ ᠰᠣᠨᠣᠰᠤᠭᠰᠠᠨ ᠪᠥᠭᠡᠳ ᠳᠠᠷᠠᠭᠠᠴᠢ ᠶᠢᠨ ᠠᠯᠬᠤᠮ ᠤᠨ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠳᠠᠬᠢᠨ ᠲᠣᠬᠢᠷᠠᠭᠤᠯᠵᠤ᠂ ᠳᠠᠬᠢᠨ ᠪᠠᠶᠢᠷᠢᠯᠠᠭᠤᠯᠪᠠ᠃    ᠬᠤᠷᠠᠯ ᠠᠴᠠ ᠱᠠᠭᠠᠷᠳᠠᠭᠰᠠᠨ ᠨᠢ᠂ ᠡᠯ᠎ᠡ ᠳᠠᠭᠠᠭᠠᠴᠢᠯᠠᠭᠰᠠᠨ ᠤᠳᠤᠷᠢᠳᠤᠯᠭ᠎ᠠ ᠤᠯᠤᠰ ᠲᠥᠷᠥ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠮᠠᠰᠢᠨ ᠴᠠᠬᠢᠯᠭᠠᠨ ᠬᠤᠳᠳᠤᠭ ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠴᠢᠬᠤᠯᠠ ᠴᠢᠨᠠᠷ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠬᠠᠮᠢᠶ᠎ᠠ ᠪᠦᠬᠦᠢ ᠬᠥᠮᠦᠰ ᠢ ᠵᠣᠬᠢᠶᠠᠨ ᠪᠠᠶᠢᠭᠤᠯᠤᠨ ᠭᠠᠴᠠᠭ᠎ᠠ ᠠᠶᠢᠯ ᠳᠤ ᠭᠦᠨᠵᠡᠭᠡᠶᠢᠷᠡᠨ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠵᠦ᠂ ᠴᠠᠭ ᠤᠨ ᠵᠠᠩᠭᠢᠶᠠᠰᠤ ᠪᠠ ᠠᠵᠢᠯ ᠤᠨ ᠱᠠᠭᠠᠷᠳᠠᠯᠭ᠎ᠠ ᠶᠢ ᠴᠢᠩᠭ᠎ᠠ ᠠᠩᠬᠠᠷᠴᠤ᠂ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠡᠬᠡ ᠳᠠᠩᠰᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠭᠠᠷᠠᠭ ᠤᠨ ᠲᠣᠬᠢᠷᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ ᠠᠵᠢᠯ ᠤᠨ ᠠᠬᠢᠴᠠ ᠶᠢᠨ ᠪᠠᠶᠢᠳᠠᠯ ᠢ ᠬᠠᠷᠢᠭᠤ ᠮᠡᠳᠡᠭᠦᠯᠵᠦ᠂ ᠮᠠᠰᠢᠨ ᠴᠠᠬᠢᠯᠭᠠᠨ ᠬᠤᠳᠳᠤᠭ ᠤᠨ ᠬᠡᠪ ᠤᠨ ᠶᠣᠰᠣᠭᠠᠷ ᠬᠡᠷᠡᠭᠯᠡᠬᠦ ᠶᠢ ᠦᠨᠡᠨᠬᠦ ᠪᠠᠲᠤᠯᠠᠬᠤ ᠬᠡᠷᠡᠭᠲᠡᠢ᠃ ᠮᠠᠰᠢᠨ ᠴᠠᠬᠢᠯᠭᠠᠨ ᠬᠤᠳᠳᠤᠭ ᠢ ᠬᠠᠮᠢᠶᠠᠷᠤᠨ ᠬᠠᠮᠠᠭᠠᠯᠠᠬᠤ ᠳᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠠᠮᠢᠶᠠᠷᠤᠨ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠲᠥᠬᠦᠭᠡᠷᠦᠮᠵᠢ ᠶᠢᠨ ᠤᠷᠲᠤ ᠬᠤᠭᠤᠴᠠᠭ᠎ᠠ ᠪᠠᠷ ᠦᠢᠯᠡᠳᠦᠯ ᠢᠶᠠᠨ ᠪᠠᠳᠠᠷᠠᠭᠤᠯᠬᠤ ᠶᠢ ᠪᠠᠲᠤᠯᠠᠬᠤ ᠬᠡᠷᠡᠭᠲᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号