ᠰᠢᠨᠡᠵᠠᠮ ᠰᠤᠮᠤ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠪᠠ ᠠᠮᠢ ᠠᠬᠤᠢ ᠣᠷᠴᠢᠨ ᠲᠣᠭᠤᠷᠢᠨ ᠤ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠵᠢᠷᠤᠭ ᠲᠣᠯᠪᠤ ᠶᠢ ᠬᠠᠷᠭᠤᠭᠤᠯᠤᠨ ᠪᠠᠶᠢᠴᠠᠭᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠪᠡ
ᠨᠡᠶᠢᠲᠡᠯᠡᠭᠰᠡᠨ ᠴᠠᠭ᠄
2024/7/26
   ᠠᠮᠢ ᠠᠬᠤᠢ ᠶᠢᠨ ᠠᠮᠤᠷ ᠲᠦᠪᠰᠢᠨ ᠤ ᠬᠤᠷᠢᠭ᠎ᠠ ᠱᠤᠭᠤᠮ ᠢ ᠤᠯᠠᠮ ᠨᠢᠭᠡ ᠠᠯᠬᠤᠮ ᠰᠠᠶᠢᠲᠤᠷ ᠰᠠᠬᠢᠵᠤ᠂ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢ ᠡᠷᠡᠰ ᠨᠠᠶᠢᠳᠠᠪᠤᠷᠢᠵᠢᠭᠤᠯᠬᠤ ᠶᠢᠨ ᠲᠥᠯᠥᠭᠡ᠂ ᠳᠡᠭᠡᠳᠦ ᠱᠠᠲᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠪᠠ ᠠᠮᠢ ᠠᠬᠤᠢ ᠶᠢᠨ ᠣᠷᠴᠢᠨ ᠲᠣᠭᠤᠷᠢᠨ ᠤ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯᠯᠠᠭ᠎ᠠ ᠶᠢᠨ ᠶᠡᠷᠦᠩᠬᠡᠢ ᠪᠠᠶᠢᠷᠢᠯᠠᠭᠤᠯᠤᠯᠲᠠ ᠪᠠ ᠬᠠᠮᠢᠶ᠎ᠠ ᠪᠦᠬᠦᠢ ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ᠂ ᠣᠶᠢᠷ᠎ᠠ ᠶᠢᠨ ᠡᠳᠦᠷ ᠤᠳ ᠲᠤ᠂ ᠰᠢᠨᠠᠵᠠᠮ ᠰᠤᠮᠤ ᠦᠳᠲᠡᠷ ᠲᠦᠷᠭᠡᠨ ᠬᠥᠳᠡᠯᠦᠯᠴᠡᠵᠦ᠂ ᠨᠠᠷᠢᠨ ᠨᠢᠮᠪᠠᠢ ᠪᠠᠶᠢᠷᠢᠯᠠᠭᠤᠯᠤᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠪᠠ ᠠᠮᠢ ᠠᠬᠤᠢ ᠶᠢᠨ ᠣᠷᠴᠢᠨ ᠲᠣᠭᠤᠷᠢᠨ ᠳᠤ ᠬᠤᠯᠪᠣᠭᠳᠠᠭᠰᠠᠨ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠵᠢᠷᠤᠭ ᠲᠣᠯᠪᠤ ᠶᠢ ᠬᠠᠷᠭᠤᠭᠤᠯᠤᠨ ᠪᠠᠶᠢᠴᠠᠭᠠᠬᠤ ᠠᠵᠢᠯ ᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠪᠠ᠃    ᠡᠯ᠎ᠡ ᠭᠠᠴᠠᠭᠠᠨ ᠤ ᠳᠠᠭᠠᠭᠠᠴᠢᠯᠠᠭᠰᠠᠨ ᠬᠡᠰᠡᠭ ᠤᠨ ᠤᠳᠤᠷᠢᠳᠤᠯᠭ᠎ᠠ᠂ ᠨᠢᠭᠡᠳᠦᠭᠡᠷ ᠱᠦᠵᠢ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ᠂ ᠠᠵᠢᠯᠯᠠᠬᠤ ᠳᠤᠭᠤᠶᠢᠯᠠᠩ ᠪᠠ ᠰᠤᠮᠤ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ ᠲᠠᠢ ᠨᠢᠭᠲᠠ ᠬᠠᠮᠵᠢᠯᠴᠠᠨ᠂ ᠬᠠᠮᠵᠢᠯᠴᠠᠨ ᠠᠬᠢᠭᠤᠯᠵᠤ᠂ ᠵᠢᠷᠤᠭ ᠳᠠᠷᠠᠭᠠᠯᠠᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠪᠠ ᠠᠮᠢ ᠠᠬᠤᠢ ᠶᠢᠨ ᠣᠷᠴᠢᠨ ᠲᠣᠭᠤᠷᠢᠨ ᠤ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠰᠡᠵᠢᠭᠯᠡᠯᠲᠡᠢ ᠵᠢᠷᠤᠭ ᠲᠣᠯᠪᠤ ᠶᠢ ᠲᠤᠬᠠᠢ ᠶᠢᠨ ᠭᠠᠵᠠᠷ ᠲᠤᠨᠢ ᠬᠠᠶᠢᠨ ᠰᠢᠨᠵᠢᠵᠦ᠂ ᠪᠠᠶᠢᠳᠠᠯ ᠢ ᠣᠶᠢᠯᠠᠭᠠᠨ ᠬᠠᠷᠭᠤᠭᠤᠯᠤᠨ ᠪᠠᠶᠢᠴᠠᠭᠠᠵᠤ᠂ ᠬᠠᠮᠢᠶ᠎ᠠ ᠪᠦᠬᠦᠢ ᠭᠡᠷᠡᠴᠢ ᠪᠣᠯᠬᠤ ᠮᠡᠳᠡᠭᠡ ᠵᠠᠩᠭᠢ ᠶᠢ ᠴᠤᠭᠯᠠᠭᠤᠯᠵᠤ᠂ ᠵᠢᠷᠤᠭ ᠲᠣᠯᠪᠤ ᠶᠢᠨ ᠣᠷᠣᠰᠢᠵᠤ ᠪᠠᠶᠢᠭ᠎ᠠ ᠣᠷᠣᠨ ᠪᠠᠶᠢᠷᠢ᠂ ᠬᠤᠪᠢᠷᠠᠯᠲᠠ ᠶᠢᠨ ᠰᠢᠯᠲᠠᠭᠠᠨ᠂ ᠬᠤᠪᠢᠷᠠᠯᠲᠠ ᠶᠢᠨ ᠬᠡᠪᠴᠢᠶ᠎ᠡ ᠵᠡᠷᠭᠡ ᠮᠡᠳᠡᠭᠡ ᠵᠠᠩᠭᠢ ᠶᠢ ᠳᠠᠩᠰᠠᠯᠠᠬᠤ ᠠᠵᠢᠯ ᠢ ᠰᠠᠶᠢᠲᠤᠷ ᠬᠢᠵᠦ᠂ ᠵᠢᠷᠤᠭ ᠲᠣᠯᠪᠤ ᠶᠢᠨ ᠣᠷᠣᠨ ᠪᠠᠶᠢᠷᠢ᠂ ᠲᠠᠯᠠᠪᠠᠢ᠂ ᠭᠠᠵᠠᠷ ᠤᠨ ᠬᠠᠷᠢᠶᠠᠲᠤ ᠴᠢᠨᠠᠷ᠂ ᠣᠳᠣᠬᠢ ᠪᠠᠶᠢᠳᠠᠯ ᠵᠡᠷᠭᠡ ᠦᠨᠳᠦᠰᠦᠨ ᠪᠠᠶᠢᠳᠠᠯ ᠢ ᠦᠨᠡᠨ ᠬᠦ ᠲᠣᠳᠣᠷᠬᠠᠢ ᠣᠶᠢᠯᠠᠭᠠᠵᠤ᠂ ᠵᠢᠷᠤᠭ ᠲᠣᠯᠪᠤ ᠶᠢ ᠬᠠᠷᠭᠤᠭᠤᠯᠤᠨ ᠪᠠᠶᠢᠴᠠᠭᠠᠬᠤ ᠠᠵᠢᠯ ᠤᠨ ᠰᠠᠭᠤᠷᠢ ᠲᠤᠭ᠎ᠠ ᠲᠣᠳᠣᠷᠬᠠᠢ᠂ ᠪᠠᠶᠢᠳᠠᠯ ᠲᠣᠳᠣᠷᠬᠠᠢ᠂ ᠠᠷᠭ᠎ᠠ ᠬᠡᠮᠵᠢᠶ᠎ᠡ ᠦᠨᠡᠨ ᠪᠣᠳᠠᠲᠠᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃    ᠳᠠᠷᠠᠭᠠᠴᠢ ᠶᠢᠨ ᠠᠯᠬᠤᠮ ᠳᠤ᠂ ᠰᠢᠨᠠᠵᠠᠮ ᠰᠤᠮᠤ ᠣᠢ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠡᠬᠡ ᠳᠠᠩᠰᠠ ᠶᠢᠨ ᠬᠠᠮᠢᠶᠠᠷᠤᠯᠲᠠ ᠶᠢ ᠲᠡᠭᠦᠯᠳᠡᠷᠵᠢᠭᠦᠯᠦᠨ᠂ ᠭᠡᠷᠡᠴᠢ ᠮᠠᠲ᠋ᠧᠷᠢᠶᠠᠯ ᠢ ᠦᠯᠡᠳᠡᠭᠡᠨ ᠬᠠᠳᠠᠭᠠᠯᠠᠵᠤ᠂ ᠪᠦᠲᠦᠭᠡᠨ ᠪᠠᠶᠢᠭᠤᠯᠤᠯᠲᠠ ᠪᠠ ᠠᠮᠢ ᠠᠬᠤᠢ ᠣᠷᠴᠢᠨ ᠲᠣᠭᠤᠷᠢᠨ ᠤ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠵᠢᠷᠤᠭ ᠲᠣᠯᠪᠤ ᠶᠢᠨ ᠠᠰᠠᠭᠤᠳᠠᠯ ᠢ ᠦᠨᠡᠨ ᠬᠦ ᠣᠨᠣᠪᠴᠢᠲᠠᠢ ᠣᠶᠢᠯᠠᠭᠠᠵᠤ᠂ ᠰᠠᠭᠤᠷᠢ ᠲᠤᠭ᠎ᠠ ᠶᠢ ᠪᠣᠳᠠᠲᠠᠢ ᠣᠶᠢᠯᠠᠭᠠᠬᠤ ᠪᠣᠯᠤᠨ᠎ᠠ᠃ ᠡᠭᠦᠨ ᠤ ᠬᠠᠮᠲᠤ᠂ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠮᠠᠯᠴᠢᠨ ᠲᠠᠷᠢᠶᠠᠴᠢᠨ ᠲᠦᠮᠡᠨ ᠤ ᠠᠮᠢ ᠠᠬᠤᠢ ᠶᠢᠨ ᠬᠠᠮᠠᠭᠠᠯᠠᠯᠲᠠ ᠶᠢᠨ ᠬᠢᠨᠠᠯᠲᠠ ᠬᠠᠮᠢᠶᠠᠷᠤᠯᠲᠠ ᠳᠤ ᠬᠠᠮᠲᠤ ᠪᠠᠷ ᠣᠷᠣᠯᠴᠠᠬᠤ ᠶᠢ ᠵᠣᠷᠢᠭᠵᠢᠭᠤᠯᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠦᠵᠡᠯ ᠤᠬᠠᠮᠰᠠᠷ ᠢ ᠴᠢᠩᠭᠠᠷᠠᠭᠤᠯᠤᠨ᠂ ᠬᠥᠮᠦᠨ ᠪᠦᠬᠦᠨ ᠠᠮᠢ ᠠᠬᠤᠢ ᠶᠢᠨ ᠬᠠᠮᠠᠭᠠᠯᠠᠯᠲᠠ ᠶᠢ ᠬᠠᠯᠠᠮᠵᠢᠯᠠᠬᠤ᠂ ᠳᠡᠮᠵᠢᠬᠦ ᠪᠠ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠢ ᠪᠣᠯᠭᠠᠬᠤ ᠬᠡᠷᠡᠭᠲᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号