ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠠᠵᠢᠯᠴᠢᠨ ᠤ ᠶᠡᠷᠦᠩᠬᠡᠢ ᠡᠪᠯᠡᠯ ᠤᠨ ᠲᠡᠷᠢᠭᠦᠯᠡᠭᠴᠢ ᠵᠠᠩ ᠶᠢᠨ ᠱᠤᠸᠠᠩ ᠨᠠᠷ ᠲᠦᠯᠢᠶᠡᠮᠤᠳᠤ ᠪᠠᠯᠭᠠᠰᠤᠨ ᠤ ᠮᠣᠭᠠᠶᠢᠲᠤ ᠭᠠᠴᠠᠭ᠎ᠠ ᠳᠤ ᠬᠦᠷᠴᠦ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠨᠥᠬᠦᠵᠦ ᠰᠣᠩᠭᠤᠬᠤ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2024/7/26
   7 ᠰᠠᠷ᠎ᠠ ᠶᠢᠨ 25 ᠤ ᠡᠳᠦᠷ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠠᠵᠢᠯᠴᠢᠨ ᠤ ᠶᠡᠷᠦᠩᠬᠡᠢ ᠡᠪᠯᠡᠯ ᠤᠨ ᠲᠡᠷᠢᠭᠦᠯᠡᠭᠴᠢ ᠵᠠᠩ ᠶᠢᠨ ᠱᠤᠸᠠᠩ ᠨᠠᠷ ᠲᠦᠯᠢᠶᠡᠮᠤᠳᠤ ᠪᠠᠯᠭᠠᠰᠤᠨ ᠤ ᠮᠣᠭᠠᠶᠢᠲᠤ ᠭᠠᠴᠠᠭ᠎ᠠ ᠳᠤ ᠭᠦᠨᠵᠡᠭᠡᠶᠢᠷᠡᠨ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠰᠣᠨᠣᠰᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠬᠤᠰᠢᠭᠤᠨ ᠤ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠨᠥᠬᠦᠨ ᠰᠣᠩᠭᠤᠬᠤ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠴᠤ᠂ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠤ ᠳᠠᠷᠤᠭ᠎ᠠ ᠴᠧᠨ ᠰᠢᠶᠣᠤ ᠯᠢᠶᠠᠩ᠂ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠮᠠ ᠸᠧᠨ ᠰᠢᠶᠠᠩ ᠪᠠᠷ᠎ᠠ ᠪᠣᠯᠪᠠ᠃    ᠪᠠᠶᠢᠴᠠᠭᠠᠨ ᠰᠤᠳᠤᠯᠤᠯᠲᠠ ᠶᠢᠨ ᠳᠤᠮᠳᠠ᠂ ᠵᠠᠩ ᠶᠢᠨ ᠱᠤᠸᠠᠩ ᠨᠠᠷ ᠲᠦᠯᠢᠶᠡᠮᠤᠳᠤ ᠪᠠᠯᠭᠠᠰᠤᠨ ᠤ ᠳᠣᠯᠣᠳᠤᠭᠠᠷ ᠰᠣᠩᠭᠤᠭᠤᠯᠢ ᠶᠢᠨ ᠲᠣᠭᠤᠷᠢᠭ ᠤᠨ ᠮᠣᠭᠠᠶᠢᠲᠤ ᠭᠠᠴᠠᠭ᠎ᠠ ᠶᠢᠨ ᠨᠥᠬᠦᠵᠦ ᠰᠣᠩᠭᠤᠬᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠪᠡᠯᠡᠳᠬᠡᠯ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠰᠣᠩᠭᠤᠭᠤᠯᠢ ᠶᠢᠨ ᠠᠷᠠᠳ ᠤᠨ ᠨᠡᠷᠡᠰ᠂ ᠠᠩᠬ᠎ᠠ ᠠᠯᠬᠤᠮ ᠤᠨ ᠵᠢᠱᠢᠭᠳᠡᠭᠰᠡᠳ ᠢ ᠬᠡᠷᠡᠮ ᠳᠤ ᠭᠠᠷᠭᠠᠭᠰᠠᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠪᠠᠶᠢᠴᠠᠭᠠᠨ ᠵᠢᠯᠣᠭᠤᠳᠬᠤ ᠳᠤᠭᠤᠶᠢᠯᠠᠩ ᠠᠴᠠ ᠴᠢᠬᠤᠯᠠᠴᠢᠯᠠᠭᠰᠠᠨ ᠨᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠨᠥᠬᠦᠵᠦ ᠰᠣᠩᠭᠤᠬᠤ ᠠᠵᠢᠯ ᠳᠤ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠦᠢᠯᠡᠳᠦᠯᠭᠡᠵᠢᠭᠦᠯᠵᠦ᠂ ᠳᠡᠰ ᠳᠠᠷᠠᠭᠠᠯᠠᠯ ᠪᠠ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠨ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠤᠨ ᠱᠠᠭᠠᠷᠳᠠᠯᠭ᠎ᠠ ᠶᠣᠰᠣᠭᠠᠷ ᠡᠯ᠎ᠡ ᠵᠠᠩᠭᠢᠯᠠᠭ᠎ᠠ ᠶᠢᠨ ᠠᠵᠢᠯ ᠢ ᠬᠠᠤᠯᠢ ᠶᠣᠰᠣᠭᠠᠷ ᠰᠠᠶᠢᠲᠤᠷ ᠬᠢᠬᠦ ᠬᠡᠷᠡᠭᠲᠡᠢ︔ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠲᠠᠢ ᠬᠠᠷᠢᠭᠤ ᠮᠡᠳᠡᠭᠦᠯᠵᠦ ᠨᠡᠪᠲᠡᠷᠡᠯᠴᠡᠬᠦ ᠪᠠᠨ ᠴᠢᠩᠭᠠᠳᠬᠠᠵᠤ᠂ ᠬᠠᠮᠢᠶ᠎ᠠ ᠪᠦᠬᠦᠢ ᠮᠠᠲ᠋ᠧᠷᠢᠶᠠᠯ ᠢᠶᠠᠨ ᠴᠠᠭ ᠲᠤᠬᠠᠢ ᠳᠤᠨᠢ ᠮᠡᠳᠡᠭᠦᠯᠦᠨ ᠬᠦᠷᠭᠡᠬᠦ ᠬᠡᠷᠡᠭᠲᠡᠢ︔ ᠨᠥᠬᠦᠵᠦ ᠰᠣᠩᠭᠤᠬᠤ ᠠᠵᠢᠯ ᠤᠨ ᠶᠡᠷᠦᠩᠬᠡᠢ ᠱᠠᠭᠠᠷᠳᠠᠯᠭ᠎ᠠ ᠪᠠ ᠦᠨᠳᠦᠰᠦᠨ ᠵᠠᠷᠴᠢᠮ ᠢ ᠣᠨᠣᠪᠴᠢᠲᠠᠢ ᠡᠵᠡᠮᠳᠡᠵᠦ᠂ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠲᠤᠰ ᠤᠳᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠨᠥᠬᠦᠵᠦ ᠰᠣᠩᠭᠤᠬᠤ ᠠᠵᠢᠯ ᠢ ᠥᠨᠳᠥᠷ ᠪᠠᠷᠢᠮᠵᠢᠶ᠎ᠠ ᠪᠠᠷ᠂ ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号