ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ  ᠬᠤᠷᠢᠶ᠎ᠠ ᠰᠤᠯᠠ ᠣᠷᠣᠯᠴᠠᠭᠰᠠᠨ ᠲᠥᠯᠥᠭᠡᠯᠡᠭᠴᠢᠳ ᠤᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/26
   7 ᠰᠠᠷ᠎ᠠ ᠶᠢᠨ 24 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠠᠩ ᠱᠤᠤ ᠴᠦᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠨᠢᠭᠡᠳᠦᠭᠡᠷ ᠬᠤᠷᠠᠯ ᠳᠤ ᠰᠤᠯᠠ ᠣᠷᠣᠯᠴᠠᠭᠰᠠᠨ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠲᠠᠢ ᠶᠠᠷᠢᠯᠴᠠᠬᠤ ᠬᠤᠷᠠᠯ ᠬᠢᠵᠤ ᠰᠠᠨᠠᠯ ᠢᠶᠠᠨ ᠰᠣᠯᠢᠯᠴᠠᠪᠠ᠃ ᠨᠠᠷᠢᠨ ᠪᠢᠴᠢᠭ ᠤᠨ ᠳᠠᠷᠤᠭ᠎ᠠ ᠱᠢ ᠸᠤᠨ ᠰᠢᠤᠸᠠᠢ ᠬᠤᠷᠠᠯ ᠢ ᠡᠷᠭᠢᠯᠡᠵᠡᠢ᠃   ᠶᠠᠷᠢᠯᠴᠠᠬᠤ ᠬᠤᠷᠠᠯ ᠳᠡᠭᠡᠷ᠎ᠡ᠂ ᠲᠥᠯᠥᠭᠡᠯᠡᠭᠴᠢᠳ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠭᠰᠡᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠳᠡᠮᠵᠢᠬᠦ ᠵᠢᠴᠢ ᠲᠥᠯᠥᠭᠡᠯᠡᠭᠴᠢᠳ ᠤᠨ ᠲᠤᠰᠬᠠᠶ ᠮᠡᠷᠭᠡᠵᠢᠯ ᠤᠨ ᠳᠠᠪᠠᠭᠤᠯᠢᠭ ᠢᠶᠠᠨ ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠣᠭᠤᠷᠢᠨ ᠳᠤ ᠤᠯᠤᠯᠳᠠ ᠲᠦᠷᠦᠭᠳᠡᠯ ᠢᠶᠠᠨ ᠰᠣᠯᠢᠯᠴᠠᠬᠤ ᠶᠢᠨ ᠬᠠᠮᠲᠤ ᠰᠠᠨᠠᠯ ᠰᠠᠨᠠᠭᠤᠯᠭ᠎ᠠ ᠳᠤᠷᠠᠳᠪᠠ᠃ᠬᠤᠷᠠᠯ ᠠᠴᠠ᠂ ᠠᠷᠠᠳ ᠤᠨ ᠲᠥᠯᠥᠭᠡᠯᠡᠭᠴᠢᠳ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠬᠥᠭᠵᠢᠯᠲᠡ ᠶᠢᠨ ᠴᠢᠬᠤᠯᠠ ᠴᠢᠨᠠᠷ ᠢ ᠭᠦᠨᠵᠡᠭᠡᠶ ᠲᠠᠨᠢᠵᠤ᠂ ᠲᠣᠰ ᠪᠡᠶ᠎ᠡ ᠶᠢᠨ ᠳᠠᠪᠠᠭᠤᠯᠢᠭ ᠲᠠᠭᠠᠨ ᠰᠠᠭᠤᠷᠢᠯᠠᠨ᠂ ᠬᠥᠭᠵᠢᠯᠲᠡ ᠶᠢᠨ ᠢᠲᠡᠭᠡᠯ ᠢᠶᠠᠨ ᠪᠠᠲᠤᠳᠬᠠᠵᠤ᠂ ᠠᠵᠤ ᠠᠬᠤᠶᠢᠯᠠᠯ ᠢ ᠬᠦᠴᠦᠷᠬᠡᠭᠵᠢᠭᠦᠯᠦᠨ ᠰᠢᠯᠢᠳᠡᠭᠵᠢᠭᠦᠯᠬᠦ ᠪᠠᠷ ᠴᠢᠷᠮᠠᠶᠢᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠠᠷᠠᠳ ᠤᠨ ᠲᠥᠯᠥᠭᠡᠯᠡᠭᠴᠢᠳ ᠤᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠭᠡᠵᠦ ᠵᠢᠭᠠᠵᠤ ᠭᠠᠷᠭᠠᠪᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号