ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠨ ᠭᠠᠮᠰᠢᠭ ᠠᠴᠠ ᠠᠪᠤᠷᠠᠬᠤ ᠠᠵᠢᠯ ᠢ ᠰᠤᠳᠤᠯᠤᠨ ᠪᠠᠶᠢᠷᠢᠯᠠᠭᠤᠯᠪᠠ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠬᠢᠯᠡᠵᠡᠢ
ᠨᠡᠶᠢᠲᠡᠯᠡᠭᠰᠡᠨ ᠴᠠᠭ᠄
2024/7/26
    ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠬᠤᠷᠢᠶ᠎ᠠ 7 ᠰᠠᠷ᠎ᠠ ᠶᠢᠨ 25 ᠤ ᠡᠳᠦᠷ ᠬᠤᠷᠠᠯ ᠬᠤᠷᠠᠯᠳᠤᠭᠤᠯᠵᠤ᠂ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠵᠦ ᠭᠠᠮᠰᠢᠭ ᠠᠴᠠ ᠠᠪᠤᠷᠠᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠬᠢᠯᠡᠭᠰᠡᠨ ᠪᠥᠭᠡᠳ ᠴᠢᠬᠤᠯᠠ ᠶᠠᠷᠢᠶ᠎ᠠ ᠲᠠᠯᠪᠢᠪᠠ᠃    ᠬᠤᠷᠠᠯ ᠠᠴᠠ ᠵᠢᠭᠠᠵᠤ ᠭᠠᠷᠭᠠᠭᠰᠠᠨ ᠨᠢ᠂ ᠡᠨᠡ ᠵᠢᠯ ᠮᠠᠨ ᠤ ᠤᠯᠤᠰ ᠤᠨ ᠠᠭᠤᠷ ᠠᠮᠢᠰᠬᠤᠯ ᠤᠨ ᠵᠢᠯ ᠤᠨ ᠪᠠᠶᠢᠳᠠᠯ ᠤᠨ ᠵᠥᠷᠢᠶ᠎ᠡ ᠭᠠᠷᠴᠤ᠂ ᠰᠢᠷᠦᠭᠦᠨ ᠪᠣᠷᠣᠭᠠᠨ ᠤ ᠶᠠᠪᠤᠴᠠ ᠣᠯᠠᠨ᠂ ᠴᠠᠭ ᠬᠤᠭᠤᠴᠠᠭ᠎ᠠ ᠤᠷᠲᠤ᠂ ᠭᠤᠣᠯ ᠮᠥᠷᠡᠨ ᠤ ᠦᠶᠡᠷ ᠤᠨ ᠪᠠᠶᠢᠳᠠᠯ ᠡᠷᠲᠡ ᠡᠭᠦᠰᠴᠦ᠂ ᠬᠥᠭᠵᠢᠯᠲᠡ ᠲᠦᠷᠭᠡᠨ ᠪᠠᠶᠢᠵᠤ᠂ ᠵᠠᠷᠢᠮ ᠭᠠᠵᠠᠷ ᠣᠷᠣᠨ ᠳᠠᠬᠢᠨ ᠳᠠᠪᠲᠠᠨ ᠰᠢᠷᠦᠭᠦᠨ ᠪᠣᠷᠣᠭᠠᠨ ᠤ ᠳᠠᠭᠠᠷᠢᠯᠲᠠ ᠳᠤ ᠤᠴᠠᠷᠠᠵᠤ᠂ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠬᠦ ᠪᠠᠶᠢᠳᠠᠯ ᠬᠦᠨᠳᠦ ᠨᠣᠴᠢᠲᠠᠢ ᠨᠠᠷᠢᠨ ᠪᠤᠳᠤᠯᠢᠶᠠᠨᠲᠠᠢ ᠪᠠᠶᠢᠨ᠎ᠠ᠃ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠡᠯ᠎ᠡ ᠱᠠᠲᠤᠨ ᠤ ᠨᠠᠮ ᠤᠨ ᠬᠤᠷᠢ᠊ ᠡᠶ᠎ᠡ ᠪᠣᠯᠤᠨ ᠵᠠᠰᠠᠭ ᠤᠨ ᠣᠷᠳᠣᠨ ᠦᠳᠲᠡᠷ ᠲᠦᠷᠭᠡᠨ ᠬᠥᠳᠡᠯᠦᠯᠴᠡᠵᠦ᠂ ᠪᠦᠬᠦ ᠬᠦᠴᠦᠨ ᠢᠶᠠᠷ ᠢᠶᠠᠨ ᠠᠷᠭᠠᠴᠠᠭᠠᠵᠤ᠂ ᠤᠯᠤᠰ ᠤᠨ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠶᠡᠷᠦᠩᠬᠡᠢ ᠵᠢᠯᠣᠭᠤᠳᠬᠤ ᠭᠠᠵᠠᠷ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠨᠢᠭᠡᠴᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠬᠦᠴᠦ ᠪᠠᠨ ᠬᠠᠮᠲᠤᠳᠬᠠᠨ ᠬᠠᠮᠵᠢᠯᠴᠠᠵᠤ᠂ ᠴᠢᠯᠥᠭᠡᠯᠡᠬᠦ ᠴᠡᠷᠢᠭ ᠪᠣᠯᠤᠨ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ᠂ ᠤᠯᠤᠰ ᠤᠨ ᠶᠡᠷᠦᠩᠬᠡᠶᠢᠯᠡᠭᠰᠡᠨ ᠴᠢᠨᠠᠷᠲᠠᠢ ᠭᠠᠯ ᠤᠨᠲᠠᠷᠠᠭᠠᠵᠤ ᠠᠪᠤᠷᠠᠨ ᠲᠤᠰᠠᠯᠠᠬᠤ ᠡᠩᠨᠡᠭᠡ ᠪᠣᠯᠤᠨ ᠡᠯ᠎ᠡ ᠲᠥᠷᠥᠯ ᠤᠨ ᠲᠤᠰᠬᠠᠢ ᠠᠪᠤᠷᠠᠨ ᠲᠤᠰᠠᠯᠠᠬᠤ ᠬᠦᠴᠦᠨ ᠵᠠᠷᠯᠢᠭ ᠢ ᠰᠣᠨᠣᠰᠤᠮᠠᠭᠴᠠ ᠬᠥᠳᠡᠯᠦᠯᠴᠡᠵᠦ᠂ ᠡᠮᠦᠨ᠎ᠡ ᠨᠢ ᠭᠠᠪᠰᠢᠭᠠᠶᠢᠯᠠᠵᠤ᠂ ᠥᠷᠭᠡᠨ ᠣᠯᠠᠨ ᠺᠠᠳ᠋ᠷ ᠣᠯᠠᠨ ᠲᠦᠮᠡᠨ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠵᠤ᠂ ᠣᠯᠠᠨ ᠢᠶᠠᠷ ᠢᠶᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠭᠡᠷ ᠣᠷᠣᠨ ᠢᠶᠠᠨ ᠰᠠᠬᠢᠨ ᠬᠠᠮᠠᠭᠠᠯᠠᠬᠤ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠬᠠᠮᠲᠤ ᠪᠠᠷ ᠪᠠᠶᠢᠭᠤᠯᠵᠤ᠂ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠵᠦ ᠦᠶᠡᠷ ᠲᠠᠢ ᠲᠡᠮᠡᠴᠡᠵᠦ ᠭᠠᠮᠰᠢᠭ ᠠᠴᠠ ᠠᠪᠤᠷᠠᠬᠤ ᠠᠵᠢᠯ ᠴᠢᠬᠤᠯᠠ ᠱᠠᠲᠤᠴᠢ ᠴᠢᠨᠠᠷᠲᠠᠢ ᠦᠷ᠎ᠡ ᠪᠦᠲᠦᠭᠡᠯ ᠣᠯᠪᠠ᠃    ᠬᠤᠷᠠᠯ ᠠᠴᠠ ᠴᠢᠬᠤᠯᠠᠴᠢᠯᠠᠭᠰᠠᠨ ᠨᠢ᠂ ᠣᠳᠣᠬᠠᠨ ᠳᠤ ᠮᠠᠨ ᠤ ᠤᠯᠤᠰ ᠶᠠᠭ ︽ᠳᠣᠯᠣᠭᠠᠨ ᠰᠠᠷ᠎ᠠ ᠶᠢᠨ ᠰᠡᠭᠦᠯᠴᠢ ᠨᠠᠢᠮᠠᠨ ᠰᠠᠷ᠎ᠠ ᠶᠢᠨ ᠡᠬᠢᠨ︾ ᠤ ᠦᠶᠡᠷ ᠢ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭᠠᠨ ᠳᠤ ᠪᠠᠶᠢᠵᠤ᠂ ᠬᠥᠬᠡᠮᠥ᠋ᠷᠡᠨ ᠵᠡᠷᠭᠡ ᠰᠠᠪᠠ ᠭᠠᠵᠠᠷ ᠤᠨ ᠦᠶᠡᠷ ᠢ ᠰᠡᠷᠭᠡᠶᠢᠯᠡᠬᠦ ᠣᠷᠭᠢᠯ᠂ ᠦᠶᠡᠷ ᠢ ᠰᠡᠷᠭᠡᠶᠢᠯᠡᠬᠦ ᠬᠠᠰᠢᠯᠭ᠎ᠠ᠂ ᠤᠰᠤᠲᠤᠯ ᠢ ᠵᠠᠯᠠᠬᠤ ᠳᠠᠷᠤᠯᠲᠠ ᠶᠢ ᠪᠠᠭᠠᠰᠬᠠᠬᠤ ᠦᠭᠡᠢ ᠪᠠᠶᠢᠵᠤ᠂ ᠬᠠᠲᠤᠨ ᠭᠤᠣᠯ᠂ ᠬᠤᠸᠠᠢ ᠾᠧ᠂ ᠬᠠᠢ ᠾᠧ ᠭᠤᠣᠯ᠂ ᠰᠦᠩ ᠯᠢᠶᠣᠤ ᠶᠢᠨ ᠰᠠᠪᠠ ᠭᠠᠵᠠᠷ ᠲᠤ ᠨᠡᠯᠢᠶᠡᠳ ᠬᠦᠨᠳᠦ ᠦᠶᠡᠷ ᠤᠨ ᠪᠠᠶᠢᠳᠠᠯ ᠭᠠᠷᠴᠤ ᠮᠡᠳᠡᠨ᠎ᠡ᠃ ᠡᠯ᠎ᠡ ᠬᠤᠯᠪᠣᠭᠳᠠᠯ ᠪᠦᠬᠦᠢ ᠭᠠᠵᠠᠷ ᠣᠷᠣᠨ᠂ ᠰᠠᠯᠠᠭ᠎ᠠ ᠮᠥᠴᠢᠷ ᠪᠣᠯᠤᠨ ᠨᠢᠭᠡᠴᠢ ᠶᠢᠨ ᠬᠢᠨ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠬᠦ ᠡᠨᠡ ᠬᠦ ᠬᠥᠪᠴᠢ ᠶᠢ ᠢᠮᠠᠭᠲᠠ ᠴᠢᠩᠭᠠᠯᠠᠵᠤ᠂ ᠠᠵᠢᠯ ᠤᠨ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠵᠦ᠂ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠵᠦ ᠭᠠᠮᠰᠢᠭ ᠠᠴᠠ ᠠᠪᠤᠷᠠᠬᠤ ᠡᠨᠡ ᠬᠦ ᠬᠠᠲᠠᠭᠤ ᠳᠠᠶᠢᠯᠠᠯᠳᠤᠭᠠᠨ ᠤ ᠢᠯᠠᠯᠲᠠ ᠶᠢ ᠡᠷᠡᠰ ᠣᠯᠬᠤ ᠬᠡᠷᠡᠭᠲᠡᠢ᠃  ᠬᠤᠷᠠᠯ ᠠᠴᠠ ᠵᠢᠭᠠᠵᠤ ᠭᠠᠷᠭᠠᠭᠰᠠᠨ ᠨᠢ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠢ ᠪᠠᠲᠤᠯᠠᠬᠤ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠬᠢᠨᠠᠨ ᠬᠡᠮᠵᠢᠬᠦ ᠠᠷᠭ᠎ᠠ ᠪᠠᠷᠢᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠤᠷᠢᠳᠴᠢᠯᠠᠨ ᠰᠡᠷᠡᠮᠵᠢᠯᠡᠭᠦᠯᠬᠦ ᠣᠨᠣᠪᠴᠢ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠤᠷᠢᠳᠴᠢᠯᠠᠨ ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠬᠤ ᠶᠢ ᠴᠤᠤᠷᠢᠶᠠᠲᠤᠨ ᠳᠠᠭᠠᠵᠤ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠨ᠂ ᠳᠠᠭᠠᠬᠤ ᠬᠤᠷᠳᠤᠴᠠ ᠶᠢ ᠳᠡᠭᠡᠭᠰᠢᠯᠡᠭᠦᠯᠵᠦ᠂ ᠰᠡᠷᠭᠡᠶᠢᠯᠡᠯᠲᠡ ᠶᠢᠨ ᠭᠤᠣᠯᠳᠠᠯᠭ᠎ᠠ ᠶᠢ ᠲᠣᠪᠤᠶᠢᠯᠭᠠᠨ᠂ ᠦᠨᠳᠦᠰᠦᠨ ᠱᠠᠲᠤᠨ ᠤ ᠦᠵᠦᠭᠦᠷ ᠢ ᠴᠢᠩᠭ᠎ᠠ ᠠᠩᠬᠠᠷᠴᠤ᠂ ᠠᠶᠤᠯ ᠲᠠᠢ ᠣᠷᠣᠨ ᠤ ᠣᠯᠠᠨ ᠲᠦᠮᠡᠨ ᠢ ᠤᠷᠢᠳᠴᠢᠯᠠᠨ ᠡᠷᠡᠰ ᠰᠢᠭᠤᠷᠬᠠᠢ ᠰᠢᠯᠵᠢᠭᠦᠯᠵᠦ᠂ ᠬᠥᠮᠦᠨ ᠬᠠᠷ᠎ᠠ ᠦᠬᠦᠵᠦ ᠰᠢᠷᠬᠠᠲᠤᠬᠤ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠢ᠃ ᠴᠢᠬᠤᠯᠠ ᠬᠠᠰᠢᠯᠭ᠎ᠠ ᠳᠡᠯᠡᠩ ᠤᠨ ᠤᠰᠤᠨ ᠴᠥᠭᠦᠷᠥᠮ ᠪᠣᠯᠤᠨ ᠰᠠᠭᠤᠷᠢ ᠲᠥᠬᠦᠭᠡᠷᠦᠮᠵᠢ ᠶᠢᠨ ᠠᠮᠤᠷ ᠲᠦᠪᠰᠢᠨ ᠢ ᠦᠨᠡᠨ ᠬᠦ ᠪᠠᠲᠤᠯᠠᠵᠤ᠂ ᠦᠶᠡᠷ ᠢ ᠰᠡᠷᠭᠡᠶᠢᠯᠡᠨ ᠲᠣᠭᠤᠷᠢᠨ ᠪᠠᠶᠢᠴᠠᠭᠠᠵᠤ ᠰᠡᠷᠭᠡᠶᠢᠯᠡᠨ ᠬᠠᠮᠠᠭᠠᠯᠠᠬᠤ ᠳᠦᠷᠢᠮ ᠢ ᠨᠠᠶᠢᠳᠠᠪᠤᠷᠢᠵᠢᠭᠤᠯᠵᠤ ᠂ ᠪᠠᠭᠤᠷᠠᠢ ᠬᠠᠰᠢᠯᠭ᠎ᠠ ᠶᠢᠨ ᠬᠡᠰᠡᠭ᠂ ᠠᠶᠤᠯᠲᠠᠢ ᠪᠠᠷᠢᠯᠭ᠎ᠠ ᠶᠢᠨ ᠠᠶᠤᠯᠲᠠᠢ ᠬᠡᠰᠡᠭ᠂ ᠡᠮᠵᠡᠭ ᠠᠶᠤᠯᠲᠠᠢ ᠤᠰᠤᠨ ᠴᠥᠭᠦᠷᠥᠮ ᠤᠨ ᠭᠤᠣᠯᠳᠠᠯᠭ᠎ᠠ ᠲᠠᠢ ᠬᠤᠷᠢᠭᠯᠠᠯᠲᠠ ᠶᠢ ᠳᠣᠪᠤᠶᠢᠯᠭᠠᠨ᠂ ᠠᠶᠤᠯ ᠢ ᠪᠠᠶᠢᠴᠠᠭᠠᠵᠤ ᠠᠶᠤᠯ ᠲᠦᠭᠰᠢᠭᠦᠷᠢ ᠶᠢ ᠠᠷᠢᠯᠭᠠᠬᠤ ᠡᠷᠴᠢᠮ ᠢᠶᠠᠨ ᠴᠢᠩᠭᠠᠷᠠᠭᠤᠯᠵᠤ᠂ ᠶᠡᠭᠡ ᠭᠤᠣᠯ ᠶᠡᠭᠡ ᠭᠤᠣᠯ ᠤᠨ ᠬᠠᠰᠢᠯᠭ᠎ᠠ ᠶᠢᠨ ᠰᠡᠲᠡᠷᠡᠯᠲᠡ᠂ ᠲᠣᠮᠣ ᠬᠡᠯᠪᠡᠷᠢ ᠶᠢᠨ ᠪᠠ ᠭᠤᠣᠯᠳᠠᠯᠭ᠎ᠠ ᠲᠠᠢ ᠳᠤᠮᠳᠠ ᠬᠡᠯᠪᠡᠷᠢ ᠶᠢᠨ ᠤᠰᠤᠨ ᠴᠥᠭᠦᠷᠥᠮ ᠤᠨ ᠨᠤᠷᠠᠬᠤ ᠠᠴᠠ ᠡᠷᠡᠰ ᠵᠠᠶᠢᠯᠠᠰᠬᠢᠬᠦ ᠬᠡᠷᠡᠭᠲᠡᠢ᠃ ᠦᠶᠡᠷ ᠢ ᠰᠡᠷᠭᠡᠶᠢᠯᠡᠬᠦ ᠪᠠᠷᠢᠯᠭ᠎ᠠ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠦᠶᠡᠷ ᠢ ᠲᠣᠭᠲᠠᠭᠠᠨ ᠬᠠᠳᠠᠭᠠᠯᠠᠬᠤ ᠣᠷᠣᠨ ᠢ ᠬᠡᠷᠡᠭᠯᠡᠬᠦ ᠪᠡᠯᠡᠳᠬᠡᠯ ᠢ ᠨᠠᠷᠢᠯᠢᠭᠵᠢᠭᠤᠯᠬᠤ ᠬᠡᠷᠡᠭᠲᠡᠢ᠃ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠂ ᠪᠠᠷᠠᠭᠤᠨ ᠣᠷᠣᠨ ᠤ ᠬᠡᠢ ᠶᠢ ᠵᠡᠭᠦᠨᠰᠢ ᠳᠠᠮᠵᠢᠭᠤᠯᠬᠤ᠂ ᠵᠠᠰᠠᠮᠠᠯ ᠵᠠᠮ ᠲᠡᠮᠦᠷ ᠵᠠᠮ ᠵᠡᠷᠭᠡ ᠴᠢᠬᠤᠯᠠ ᠰᠠᠭᠤᠷᠢ ᠲᠥᠬᠦᠭᠡᠷᠦᠮᠵᠢ ᠵᠢᠴᠢ ᠬᠤᠲᠠ ᠶᠢᠨ ᠭᠠᠵᠠᠷ ᠳᠣᠣᠷᠠᠬᠢ ᠣᠷᠣᠨ ᠵᠠᠢ᠂ ᠬᠥᠭᠦᠷᠭᠡ ᠶᠢᠨ ᠭᠤᠯᠳᠤᠩ ᠤᠨ ᠨᠦᠬᠡᠨ ᠵᠠᠮ ᠵᠡᠷᠭᠡ ᠭᠤᠣᠯᠳᠠᠯᠭ᠎ᠠ ᠲᠠᠢ ᠬᠡᠰᠡᠭ ᠲᠤ ᠴᠢᠭᠯᠡᠭᠦᠯᠦᠨ᠂ ᠠᠶᠤᠯ ᠲᠦᠭᠰᠢᠭᠦᠷᠢ ᠶᠢᠨ ᠳᠠᠯᠳᠠ ᠭᠡᠮ ᠢ ᠤᠯᠠᠮ ᠨᠢᠭᠡ ᠠᠯᠬᠤᠮ ᠵᠢᠭᠰᠠᠭᠠᠨ ᠪᠠᠶᠢᠴᠠᠭᠠᠵᠤ᠂ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠠᠶᠤᠯ ᠦᠭᠡᠢ ᠠᠵᠢᠯᠯᠠᠭᠠᠨ ᠢ ᠪᠠᠲᠤᠯᠠᠬᠤ ᠬᠡᠷᠡᠭᠲᠡᠢ᠃    ᠬᠤᠷᠠᠯ ᠠᠴᠠ᠂ ᠠᠶᠤᠯ ᠭᠠᠮᠰᠢᠭ ᠠᠴᠠ ᠠᠪᠤᠷᠠᠨ ᠲᠤᠰᠠᠯᠠᠬᠤ ᠭᠠᠮᠰᠢᠭ ᠠᠴᠠ ᠠᠪᠤᠷᠠᠬᠤ ᠠᠵᠢᠯ ᠢ ᠪᠦᠬᠦ ᠬᠦᠴᠦᠨ ᠢᠶᠠᠷ ᠢᠶᠠᠨ ᠥᠷᠨᠢᠭᠦᠯᠵᠦ᠂ ᠨᠢᠭᠡᠳᠦᠯᠲᠡᠢ ᠲᠥᠯᠥᠪᠵᠢᠭᠦᠯᠦᠨ ᠪᠠᠶᠢᠷᠢᠯᠠᠭᠤᠯᠬᠤ ᠪᠠ ᠤᠷᠢᠳᠴᠢᠯᠠᠨ ᠤᠷᠢᠳᠴᠢᠯᠠᠨ ᠲᠣᠬᠢᠷᠠᠭᠤᠯᠬᠤ ᠶᠢ ᠴᠢᠩᠭᠠᠳᠬᠠᠬᠤ ᠬᠡᠷᠡᠭᠲᠡᠢ᠃ ᠴᠢᠯᠥᠭᠡᠯᠡᠬᠦ ᠴᠡᠷᠢᠭ᠂ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ᠂ ᠭᠠᠯ ᠤᠨᠲᠠᠷᠠᠭᠠᠬᠤ᠂ ᠲᠥᠪ ᠤᠨ ᠠᠵᠤ ᠠᠬᠤᠶᠢᠯᠠᠯ ᠵᠡᠷᠭᠡ ᠡᠯ᠎ᠡ ᠲᠠᠯ᠎ᠠ ᠶᠢᠨ ᠬᠦᠴᠦᠨ ᠪᠠᠴᠢᠮ ᠪᠠᠶᠢᠳᠠᠯ ᠢ ᠠᠷᠭᠠᠴᠠᠬᠤ ᠪᠠᠶᠢᠳᠠᠯ ᠢ ᠴᠠᠭ ᠢᠮᠠᠭᠲᠠ ᠪᠠᠲᠤᠯᠠᠵᠤ᠂ ᠨᠢᠭᠡᠳᠦᠯᠲᠡᠢ ᠲᠣᠬᠢᠷᠠᠭᠤᠯᠤᠯᠲᠠ ᠶᠢ ᠳᠠᠭᠠᠵᠤ᠂ ᠲᠦᠷᠭᠡᠨ ᠬᠥᠳᠡᠯᠦᠯᠴᠡᠵᠦ᠂ ᠥᠨᠳᠥᠷ ᠪᠦᠲᠦᠮᠵᠢᠲᠡᠢ ᠪᠠᠷ ᠠᠪᠤᠷᠠᠨ ᠲᠤᠰᠠᠯᠠᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠭᠠᠮᠰᠢᠭ ᠠᠴᠠ ᠠᠪᠤᠷᠠᠬᠤ ᠪᠡᠯᠡ ᠮᠥᠩᠭᠦ ᠶᠢ ᠴᠠᠭ ᠲᠤᠬᠠᠢ ᠳᠤᠨᠢ ᠳᠣᠷᠣᠭᠰᠢ ᠪᠠᠭᠤᠯᠭᠠᠵᠤ᠂ ᠭᠠᠮᠰᠢᠭ ᠠᠴᠠ ᠠᠪᠤᠷᠠᠬᠤ ᠡᠳ᠋ ᠪᠣᠳᠠᠰ ᠢ ᠰᠢᠯᠵᠢᠭᠦᠯᠦᠨ ᠲᠡᠭᠡᠭᠡᠪᠦᠷᠢᠯᠡᠵᠦ᠂ ᠳᠠᠭᠠᠳᠬᠠᠯ ᠤᠨ ᠲᠥᠯᠥᠪᠦᠷᠢ ᠶᠢ ᠲᠦᠷᠭᠡᠳᠬᠡᠨ᠂ ᠭᠠᠮᠰᠢᠭᠳᠠᠭᠰᠠᠨ ᠣᠯᠠᠨ ᠲᠦᠮᠡᠨ ᠢ ᠲᠣᠬᠢᠲᠠᠢ ᠲᠥᠪᠬᠢᠨᠡᠭᠦᠯᠵᠦ᠂ ᠣᠯᠠᠨ ᠲᠦᠮᠡᠨ ᠤ ᠡᠪᠡᠳᠴᠢᠨ ᠦᠵᠡᠭᠦᠯᠬᠦ᠂ ᠰᠤᠷᠤᠭᠴᠢᠳ ᠤᠨ ᠰᠤᠷᠭᠠᠭᠤᠯᠢ ᠡᠬᠢᠯᠡᠬᠦ ᠵᠡᠷᠭᠡ ᠬᠡᠷᠡᠭᠴᠡᠭᠡ ᠱᠠᠭᠠᠷᠳᠠᠯᠭ᠎ᠠ ᠶᠢᠨ ᠪᠠᠲᠤᠯᠠᠭ᠎ᠠ ᠶᠢ ᠰᠠᠶᠢᠲᠤᠷ ᠬᠢᠬᠦ ᠬᠡᠷᠡᠭᠲᠡᠢ᠃ ᠤᠰᠤᠨ ᠠᠰᠢᠭᠯᠠᠯᠲᠠ᠂ ᠴᠠᠬᠢᠯᠭᠠᠨ ᠬᠦᠴᠦᠨ᠂ ᠵᠠᠮ ᠬᠠᠷᠢᠯᠴᠠᠭ᠎ᠠ᠂ ᠴᠢᠮᠡᠭᠡ ᠨᠡᠪᠲᠡᠷᠡᠯᠭᠡ ᠵᠡᠷᠭᠡ ᠡᠪᠳᠡᠭᠳᠡᠭᠰᠡᠨ ᠰᠠᠭᠤᠷᠢ ᠲᠥᠬᠦᠭᠡᠷᠦᠮᠵᠢ ᠶᠢ ᠱᠠᠯᠠᠪᠳᠠᠨ ᠵᠠᠰᠠᠵᠤ᠂ ᠭᠠᠮᠰᠢᠭᠳᠠᠭᠰᠠᠨ ᠣᠯᠠᠨ ᠲᠦᠮᠡᠨ ᠢ ᠵᠣᠬᠢᠶᠠᠨ ᠪᠠᠶᠢᠭᠤᠯᠤᠨ ᠳᠠᠭᠠᠭᠤᠯᠵᠤ ᠦᠢᠯᠡᠳᠪᠦᠷᠢᠯᠡᠯ ᠢ ᠨᠢ ᠰᠡᠷᠭᠦᠭᠡᠵᠦ᠂ ᠭᠡᠷ ᠣᠷᠣᠨ ᠢᠶᠠᠨ ᠳᠠᠬᠢᠨ ᠪᠠᠶᠢᠭᠤᠯᠬᠤ ᠬᠡᠷᠡᠭᠲᠡᠢ ᠃ ᠲᠠᠷᠢᠶᠠᠯᠠᠩ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠲᠠᠷᠢᠶᠠᠯᠠᠩ ᠤᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ ᠭᠠᠮᠰᠢᠭᠳᠠᠭᠰᠠᠨ ᠬᠦᠴᠢᠷᠳᠡᠯᠲᠡᠢ ᠣᠯᠠᠨ ᠲᠦᠮᠡᠨ ᠢ ᠬᠠᠯᠠᠮᠵᠢᠯᠠᠨ ᠬᠠᠪᠰᠤᠷᠴᠤ᠂ ᠭᠠᠮᠰᠢᠭ ᠠᠴᠠ ᠪᠣᠯᠵᠤ ᠶᠠᠳᠠᠭᠤᠷᠠᠬᠤ ᠪᠠ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠤᠲᠠ ᠶᠢᠨ ᠦᠶᠡᠷ ᠢ ᠰᠡᠷᠭᠡᠶᠢᠯᠡᠵᠦ ᠤᠰᠤᠲᠤᠯ ᠢ ᠵᠠᠯᠠᠬᠤ ᠴᠢᠳᠠᠪᠤᠷᠢ ᠶᠢ ᠳᠡᠭᠡᠭᠰᠢᠯᠡᠭᠦᠯᠦᠨ᠂ ᠠᠶᠤᠯ ᠲᠦᠭᠰᠢᠭᠦᠷᠢ ᠶᠡᠬᠡᠲᠡᠢ ᠤᠰᠤᠨ ᠴᠥᠭᠦᠷᠥᠮ᠂ ᠳᠤᠮᠳᠠ ᠵᠢᠵᠢᠭ ᠭᠤᠣᠯ ᠮᠥᠷᠡᠨ ᠤ ᠬᠠᠰᠢᠯᠭ᠎ᠠ᠂ ᠦᠶᠡᠷ ᠢ ᠲᠣᠭᠲᠠᠭᠠᠨ ᠬᠠᠳᠠᠭᠠᠯᠠᠬᠤ ᠵᠡᠷᠭᠡ ᠦᠶᠡᠷ ᠢ ᠰᠡᠷᠭᠡᠶᠢᠯᠡᠬᠦ ᠪᠠᠷᠢᠯᠭ᠎ᠠ ᠪᠠ ᠲᠠᠷᠢᠶᠠᠨ ᠭᠠᠵᠠᠷ ᠤᠨ ᠤᠰᠤᠲᠤᠯ ᠢ ᠵᠠᠯᠠᠬᠤ ᠳᠤᠲᠠᠭᠤᠳᠠᠯ ᠢ ᠨᠥᠬᠦᠪᠥᠷᠢᠯᠡᠵᠦ᠂ ᠪᠠᠶᠢᠭᠠᠯᠢ ᠶᠢᠨ ᠭᠠᠢ ᠭᠠᠮᠰᠢᠭ ᠤᠨ ᠶᠡᠷᠦᠩᠬᠡᠶᠢᠯᠡᠭᠰᠡᠨ ᠠᠶᠤᠯ ᠲᠦᠭᠰᠢᠭᠦᠷᠢ ᠶᠢ ᠨᠡᠶᠢᠳᠡᠮ ᠪᠠᠶᠢᠴᠠᠭᠠᠭᠰᠠᠨ ᠦᠷ᠎ᠡ ᠪᠦᠲᠦᠭᠡᠯ ᠢ ᠰᠠᠶᠢᠲᠤᠷ ᠬᠡᠷᠡᠭᠯᠡᠵᠦ᠂ ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠰᠠᠭᠤᠷᠢ ᠪᠠ ᠬᠦᠴᠦᠨ ᠢ ᠴᠢᠩᠭᠠᠷᠠᠭᠤᠯᠤᠨ᠂ ᠪᠦᠬᠦ ᠨᠡᠶᠢᠭᠡᠮ ᠤᠨ ᠭᠠᠮᠰᠢᠭ ᠢ ᠶᠡᠷᠦᠩᠬᠡᠶᠢᠯᠡᠨ ᠪᠠᠭᠠᠰᠬᠠᠬᠤ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃    ᠬᠤᠷᠠᠯ ᠠᠴᠠ᠂ ᠡᠯ᠎ᠡ ᠱᠠᠲᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠢᠭᠡ ᠲᠠᠯ᠎ᠠ ᠶᠢᠨ ᠬᠥᠭᠵᠢᠯᠲᠡ ᠶᠢ ᠠᠬᠢᠭᠤᠯᠬᠤ᠂ ᠨᠢᠭᠡ ᠲᠠᠯ᠎ᠠ ᠶᠢᠨ ᠠᠮᠤᠷ ᠲᠦᠪᠰᠢᠨ ᠢ ᠪᠠᠲᠤᠯᠠᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ᠂ ᠤᠯᠤᠰ ᠤᠨ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠶᠡᠷᠦᠩᠬᠡᠢ ᠳᠠᠭᠠᠭᠠᠮᠠᠯ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠡᠯ᠎ᠡ ᠱᠠᠲᠤᠨ ᠤ ᠤᠳᠤᠷᠢᠳᠬᠤ ᠺᠠᠳ᠋ᠷ ᠡᠮᠦᠨ᠎ᠡ ᠨᠢ ᠵᠢᠯᠣᠭᠤᠳᠴᠤ᠂ ᠡᠯ᠎ᠡ ᠬᠤᠯᠪᠣᠭᠳᠠᠯ ᠪᠦᠬᠦᠢ ᠲᠠᠯ᠎ᠠ ᠶᠢᠨ ᠬᠢᠨ ᠨᠢᠭᠲᠠ ᠬᠠᠮᠵᠢᠯᠴᠠᠵᠤ᠂ ᠬᠠᠮᠲᠤᠷᠠᠯ ᠬᠦᠴᠦᠨ ᠢ ᠨᠢᠭᠲᠠᠷᠠᠭᠤᠯᠬᠤ ᠬᠡᠷᠡᠭᠲᠡᠢ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠳᠠᠶᠢᠴᠢᠨ ᠪᠠᠬᠢᠯᠡᠯᠲᠡ ᠪᠣᠯᠤᠨ ᠬᠤᠰᠢᠭᠤᠴᠢ ᠵᠢᠱᠢᠶᠡᠴᠢ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠨ ᠭᠠᠮᠰᠢᠭ ᠠᠴᠠ ᠠᠪᠤᠷᠠᠬᠤ ᠡᠮᠦᠨ᠎ᠡ ᠹᠷᠣᠨᠲ ᠲᠤ ᠲᠡᠷᠢᠭᠦᠨ ᠳᠤ ᠣᠷᠣᠬᠤ ᠪᠠᠷ ᠡᠷᠡᠯᠬᠡᠭᠯᠡᠨ ᠲᠡᠮᠡᠴᠡᠵᠦ᠂ ᠬᠠᠷᠢᠭᠤᠴᠠᠯᠭ᠎ᠠ ᠡᠭᠦᠷᠭᠡᠯᠡᠬᠦ ᠶᠢ ᠪᠡᠶᠡᠯᠡᠭᠦᠯᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号