︽ᠰᠥᠨᠢ ᠶᠢᠨ ᠠᠵᠤ ᠠᠬᠤᠢ︾ ᠬᠥᠷ ᠬᠥᠭᠵᠢᠶᠡᠨ ᠲᠠᠢ ᠰᠠᠶᠢᠵᠢᠷᠠᠪᠠ
ᠨᠡᠶᠢᠲᠡᠯᠡᠭᠰᠡᠨ ᠴᠠᠭ᠄
2024/7/29
   ᠣᠶᠢᠷ᠎ᠠ ᠶᠢᠨ ᠵᠢᠯ ᠠᠴᠠ ᠨᠠᠰᠢ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠬᠡᠷᠡᠭᠯᠡᠭᠡ ᠪᠠᠷ ᠠᠵᠤ ᠠᠬᠤᠢ ᠶᠢᠨ ᠨᠡᠮᠡᠭᠳᠡᠯ ᠢ ᠳᠠᠶᠢᠴᠢᠯᠠᠬᠤ ᠶᠢ ᠪᠠᠷᠢᠮᠲᠠᠯᠠᠵᠤ᠂ ᠬᠤᠳᠠᠯᠳᠤᠭᠠᠨ ᠤ ᠡᠷᠦᠬᠡ ᠶᠢᠨ ᠡᠬᠢ ᠪᠠᠶᠠᠯᠢᠭ ᠢ ᠢᠳᠡᠪᠬᠢᠲᠡᠢ ᠠᠭᠤᠳᠠᠯᠵᠤ᠂ ᠣᠨᠴᠠᠯᠢᠭᠲᠤ ᠠᠮᠲᠠᠲᠤ ᠢᠳᠡᠭᠡᠨ ᠢ ᠣᠷᠣᠭᠤᠯᠤᠨ ᠠᠪᠴᠢᠷᠠᠵᠤ᠂ ᠲᠦᠰᠢᠶᠡᠲᠦ ᠬᠤᠳᠠᠯᠳᠤᠭᠠᠨ ᠤ ᠬᠤᠲᠠ ᠶᠢᠨ ᠠᠮᠲᠠᠲᠤ ᠢᠳᠡᠭᠡᠨ ᠤ ᠵᠡᠭᠡᠯᠢ ᠶᠢ ᠥᠳᠬᠡᠨ ᠵᠤᠵᠠᠭᠠᠨ ᠠᠭᠤᠷ ᠠᠮᠢᠰᠬᠤᠯ ᠲᠠᠢ ᠭᠠᠵᠠᠷ ᠪᠣᠯᠭᠠᠵᠤ᠂ ᠬᠥᠭᠵᠢᠨ ᠮᠠᠨᠳᠤᠭᠰᠠᠨ ︽ᠤᠳᠤᠭ᠎ᠠ︾ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ︽ᠰᠥᠨᠢ ᠶᠢᠨ ᠠᠵᠤ ᠠᠬᠤᠢ︾ ᠶᠢ ᠬᠥᠭᠵᠢᠭᠡᠵᠦ᠂ ᠬᠡᠷᠡᠭᠯᠡᠭᠡ ᠶᠢ ᠳᠠᠶᠢᠴᠢᠯᠠᠬᠤ ︽ᠰᠢᠨ᠎ᠡ ᠬᠥᠳᠡᠯᠭᠡᠭᠦᠷ︾ ᠪᠣᠯᠤᠭᠰᠠᠨ ᠪᠠᠶᠢᠨ᠎ᠠ᠃    ᠠᠮᠲᠠᠲᠠᠢ ᠰᠢᠷᠠᠭᠰᠠᠨ ᠬᠤᠨᠢᠨ ᠤ ᠮᠢᠬ᠎ᠠ ᠶᠢ ᠠᠮᠲᠠᠯᠠᠵᠤ ᠦᠵᠡᠬᠦ᠃ ᠳᠠᠭᠠᠭᠠᠮᠠᠯ ᠨᠢᠭᠡ ᠬᠤᠪᠢ ᠲᠣᠭᠤᠭ᠎ᠠ ᠲᠠᠢ ᠮᠢᠬ᠎ᠠ ᠠᠪᠤᠶ᠎ᠠ᠃ ᠣᠷᠣᠢ ᠨᠢ ᠲᠦᠱᠢᠶᠡᠲᠦ ᠬᠤᠳᠠᠯᠳᠤᠭᠠᠨ ᠤ ᠬᠤᠲᠠ ᠶᠢᠨ ᠠᠮᠲᠠᠲᠤ ᠢᠳᠡᠭᠡᠨ ᠤ ᠵᠡᠭᠡᠯᠢ ᠳᠤ ᠣᠷᠣᠵᠤ᠂ ᠲᠣᠰᠣᠯᠢᠭ ᠬᠤᠨᠢᠨ ᠮᠢᠬᠠᠨ ᠤ ᠬᠡᠯᠬᠢᠶ᠎ᠡ᠂ ᠠᠩᠬᠢᠯᠤᠮ᠎ᠠ ᠦᠨᠦᠷ ᠬᠠᠮᠠᠷ ᠭᠠᠳᠠᠮ᠎ᠠ ᠱᠢᠷᠠᠭᠰᠠᠨ ᠵᠢᠭᠠᠰᠤ᠂ ᠥᠩᠭᠡ ᠪᠤᠳᠤᠭ ᠨᠢ ᠬᠥᠮᠦᠨ ᠢ ᠲᠠᠲᠠᠬᠤ ᠢᠳᠡᠱᠢᠨ ᠨᠣᠭᠤᠭ᠎ᠠ ᠶᠢᠨ ᠬᠡᠯᠬᠢᠶ᠎ᠡ᠂ ᠲᠤ ᠲᠤ ᠬᠥᠭᠡᠰᠦ ᠦᠦ︖ ᠭᠤᠸᠠᠨ ᠳ᠋ᠦᠩ ᠳᠤ ᠴᠢᠨᠠᠵᠤ᠂ ᠡᠯ᠎ᠡ ᠵᠦᠢᠯ ᠤᠨ ᠣᠨᠴᠠᠯᠢᠭᠲᠤ ᠠᠮᠲᠠᠲᠤ ᠢᠳᠡᠭᠡᠨ ᠨᠢ ᠬᠥᠮᠦᠰ ᠲᠤ ᠱᠢᠯᠦᠰᠦ ᠭᠤᠭᠤ ᠵᠢᠨ᠎ᠠ᠂ ᠬᠡᠷᠡᠭᠯᠡᠭᠴᠢᠳ ᠰᠤᠯᠠ ᠢᠳᠡᠭᠡᠨ ᠤ ᠳᠡᠯᠭᠡᠭᠦᠷ ᠤᠨ ᠡᠮᠦᠨ᠎ᠡ ᠰᠡᠳᠬᠢᠯ ᠤᠨ ᠠᠮᠲᠠᠲᠤ ᠢᠳᠡᠭᠡᠨ ᠢ ᠰᠣᠩᠭᠤᠵᠤ᠂ ᠭᠤᠷᠪᠠ ᠲᠠᠪᠤᠨ ᠰᠠᠶᠢᠨ ᠨᠠᠶᠢᠵᠠ ᠲᠠᠢ ᠪᠠᠨ ᠨᠢᠭᠡ ᠱᠢᠷᠡᠭᠡ ᠣᠯᠵᠤ᠂ ᠢᠳᠡᠬᠦ ᠶᠢᠨ ᠳᠠᠭᠠᠤ ᠶᠠᠷᠢᠯᠴᠠᠵᠤ᠂ ᠰᠡᠷᠢᠭᠦᠨ ᠵᠤᠨ ᠤ ᠴᠠᠭ ᠮᠥᠴᠡ ᠶᠢ ᠡᠳ᠋ᠯᠡᠨ᠎ᠡ᠃    ︽ᠠᠵᠢᠯ ᠠᠴᠠ ᠪᠠᠨ ᠪᠠᠭᠤᠭᠰᠠᠨ ᠤ ᠳᠠᠷᠠᠭ᠎ᠠ ᠭᠡᠷ ᠤᠨ ᠬᠥᠮᠦᠰ ᠲᠠᠢ ᠪᠠᠨ ᠲᠣᠭᠤᠷᠢᠵᠤ᠂ ᠰᠤᠯᠠ ᠢᠳᠡᠭᠡᠨ ᠤ ᠲᠥᠷᠥᠯ ᠵᠦᠢᠯ ᠮᠠᠰᠢ ᠣᠯᠠᠨ᠂ ᠦᠨ᠎ᠡ ᠨᠢ ᠴᠦ ᠴᠥᠮ ᠮᠠᠰᠢ ᠬᠢᠮᠳᠠ᠂ ᠠᠷᠠᠳ ᠲᠤ ᠮᠠᠰᠢ ᠳᠣᠲᠣᠨᠣ ᠰᠠᠨᠠᠭᠳᠠᠵᠤ ᠪᠠᠶᠢᠨ᠎ᠠ᠂ ᠬᠠᠮᠤᠭ ᠤᠨ ᠭᠤᠣᠯ ᠨᠢ ᠪᠠᠰᠠ ᠰᠠᠭᠤᠳᠠᠯ ᠬᠠᠩᠭᠠᠭᠰᠠᠨ ᠶᠤᠮ᠂ ᠡᠨᠡ ᠲᠠᠯ᠎ᠠ ᠪᠠᠷ ᠪᠢ ᠮᠠᠰᠢ ᠰᠠᠶᠢᠨ ᠰᠠᠨᠠᠭᠳᠠᠵᠤ ᠪᠠᠶᠢᠨ᠎ᠠ᠂ ᠤᠴᠢᠷ ᠨᠢ ᠵᠤᠨ ᠪᠣᠯᠪᠠᠯ ᠣᠷᠣᠢ ᠶᠢᠨ ᠰᠠᠯᠬᠢ ᠦᠯᠢᠶᠡᠵᠦ᠂ ᠭᠡᠷ ᠤᠨ ᠬᠥᠮᠦᠰ ᠲᠠᠢ ᠪᠠᠨ ᠬᠠᠮᠲᠤ ᠪᠠᠶᠠᠷᠯᠠᠨ᠎ᠠ︾ ᠬᠡᠵᠤ ᠬᠤᠰᠢᠭᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠮᠠᠨᠳᠤᠯ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠴᠧᠨ ᠤᠶᠤᠨ ᠬᠡᠯᠡᠪᠡ᠃    ᠰᠥᠨᠢ ᠶᠢᠨ ᠵᠠᠬ᠎ᠠ ᠳᠡᠯᠭᠡᠭᠦᠷ ᠤᠨ ᠳᠡᠯᠪᠡᠷᠡᠯᠲᠡ ᠳᠤ ᠪᠠᠰᠠ ᠴᠥᠭᠡᠨ ᠪᠤᠰᠤ ᠵᠠᠯᠠᠭᠤᠴᠤᠳ ᠤᠨ ᠮᠠᠶᠢᠮᠠᠢ ᠳᠡᠯᠭᠡᠬᠦ ᠪᠠᠷ ᠢᠷᠡᠵᠦ᠂ ᠵᠠᠯᠠᠭᠤᠴᠤᠳ ᠰᠥᠨᠢ ᠶᠢᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠬᠡᠷᠡᠭᠯᠡᠭᠡᠨ ᠤ ︽ᠭᠤᠣᠯ ᠬᠦᠴᠦᠨ︾ ᠪᠠᠶᠢᠭᠰᠠᠨ ᠠᠴᠠ ᠪᠠᠨ ᠢᠳᠡᠭ ᠢᠳᠡᠭ ᠢᠶᠠᠷ ᠬᠥᠭᠵᠢᠨ ᠬᠤᠪᠢᠷᠠᠵᠤ᠂ ᠵᠠᠯᠠᠭᠤᠴᠤᠳ ᠴᠤ ᠰᠥᠨᠢ ᠶᠢᠨ ᠠᠵᠤ ᠠᠬᠤᠢ ᠳᠤ ᠨᠡᠩ ᠣᠯᠠᠨ ᠠᠮᠢᠵᠢᠷᠠᠯ ᠤᠨ ᠬᠦᠴᠦᠨ ᠨᠡᠮᠡᠷᠢᠯᠡᠬᠦ ᠶᠢᠨ ᠬᠠᠮᠲᠤ ᠣᠯᠠᠨ ᠲᠦᠮᠡᠨ ᠤ ᠠᠵᠢᠯ ᠣᠯᠭᠤᠯᠲᠠ ᠶᠢᠨ ᠠᠰᠠᠭᠤᠳᠠᠯ ᠢ ᠰᠢᠢᠳᠪᠦᠷᠢᠯᠡᠵᠦ᠂ ᠣᠷᠣᠯᠭ᠎ᠠ ᠶᠢᠨ ᠨᠡᠮᠡᠭᠳᠡᠯ ᠢ ᠠᠬᠢᠭᠤᠯᠪᠠ᠃    ︽ᠵᠤᠨ ᠪᠣᠯᠤᠭᠰᠠᠭᠠᠷ ᠪᠢ ᠠᠳᠡ ᠰᠤᠯᠠ ᠢᠳᠡᠭᠡᠨ ᠬᠤᠳᠠᠯᠳᠤᠨ᠎ᠠ᠂ ᠣᠳᠣ ᠵᠣᠴᠢᠨ ᠤᠯᠠᠮ ᠠᠴᠠ ᠤᠯᠠᠮ ᠣᠯᠠᠰᠢᠷᠠᠵᠤ᠂ ᠮᠠᠶᠢᠮᠠᠢ ᠨᠢ ᠤᠯᠠᠮ ᠠᠴᠠ ᠤᠯᠠᠮ ᠬᠥᠭᠵᠢᠶᠡᠨ ᠲᠠᠢ ᠪᠣᠯᠵᠤ᠂ ᠨᠢᠭᠡ ᠵᠤᠨ ᠦᠨᠳᠦᠰᠦᠨ ᠳᠡᠭᠡᠨ 10 ᠲᠦᠮᠡᠨ ᠲᠥᠭᠦᠷᠢᠭ ᠬᠤᠳᠠᠯᠳᠤᠨ᠎ᠠ︾ ᠬᠡᠵᠤ ᠵᠢᠵᠢᠭ ᠳᠡᠯᠭᠡᠭᠦᠷ ᠤᠨ ᠡᠵᠡᠨ ᠳ᠋ᠠᠢ ᠫᠧᠩ ᠬᠡᠯᠡᠪᠡ᠃    ︽ᠰᠥᠨᠢ ᠶᠢᠨ ᠠᠵᠤ ᠠᠬᠤᠢ︾ ᠨᠢᠭᠡ ᠲᠠᠯ᠎ᠠ ᠪᠠᠷ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠲᠠᠢ ᠬᠤᠯᠪᠣᠯᠳᠤᠵᠤ᠂ ᠨᠥᠭᠦᠭᠡ ᠲᠠᠯ᠎ᠠ ᠪᠠᠷ ᠠᠷᠠᠳ ᠤᠨ ᠠᠮᠢᠳᠤᠷᠠᠯ ᠲᠠᠢ ᠬᠤᠯᠪᠣᠯᠳᠤᠵᠤ᠂ ᠠᠮᠢᠳᠤᠷᠠᠯ ᠢᠶᠠᠨ ᠨᠠᠩ ᠥᠭᠡᠳᠡ ᠡᠰᠡᠷᠡᠭ ᠪᠣᠯᠭᠠᠪᠠ᠃ ᠣᠯᠠᠨ ᠲᠦᠮᠡᠨ ᠤ ᠰᠡᠯᠡᠭᠦᠴᠡᠯ ᠤᠨ ᠠᠮᠢᠳᠤᠷᠠᠯ ᠢ ᠪᠠᠶᠠᠯᠢᠭᠵᠢᠭᠤᠯᠬᠤ ᠪᠠᠷ ᠪᠠᠷᠠᠬᠤ ᠦᠭᠡᠢ᠂ ᠪᠠᠰᠠ ᠴᠥᠭᠡᠨ ᠪᠤᠰᠤ ᠦᠢᠯᠡᠰ ᠴᠣᠭᠴᠠᠯᠠᠭᠴᠢ᠂ ᠠᠵᠢᠯ ᠣᠯᠤᠭᠰᠠᠳ ᠲᠤ ᠲᠠᠪᠴᠠᠩ ᠪᠠᠶᠢᠭᠤᠯᠵᠤ ᠥᠭᠭᠦᠭᠰᠡᠨ ᠪᠠᠶᠢᠨ᠎ᠠ᠃ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠨᠠᠷᠢᠯᠢᠬᠵᠢᠭᠤᠯᠤᠭᠰᠠᠨ ᠬᠠᠮᠢᠶᠠᠷᠤᠯᠲᠠ ᠪᠠᠨ ᠨᠠᠷᠢᠯᠢᠭᠵᠢᠭᠤᠯᠤᠨ ᠠᠬᠢᠭᠤᠯᠵᠤ᠂ ᠣᠯᠠᠨ ᠲᠦᠮᠡᠨ ᠤ ᠰᠥᠨᠢ ᠶᠢᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠴᠡᠴᠡᠭᠯᠡᠯᠲᠡ ᠶᠢ ᠴᠢᠷᠮᠠᠶᠢᠨ ᠬᠠᠩᠭᠠᠵᠤ᠂ ᠬᠡᠷᠡᠭᠯᠡᠭᠡᠨ ᠤ ᠵᠠᠬ᠎ᠠ ᠳᠡᠯᠭᠡᠭᠦᠷ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠪᠠ᠃    ︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠡᠵᠡᠩᠨᠡᠯᠲᠡ ᠶᠢᠨ ᠭᠤᠣᠯ ᠴᠣᠭᠴᠠ ᠶᠢᠨ ︿ᠪᠠᠴᠢᠮ ᠪᠡᠷᠬᠡ ᠵᠣᠪᠠᠨᠢᠯ﹀ ᠳᠤ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠠᠵᠢᠯ ᠲᠥᠷᠥᠯ ᠤᠨ ᠡᠵᠡᠩᠨᠡᠯᠲᠡ ᠶᠢᠨ ᠪᠠᠶᠢᠳᠠᠯ᠂ ᠳᠡᠯᠭᠡᠭᠡ ᠮᠠᠶᠢᠮᠠᠢ ᠶᠢᠨ ᠡᠵᠡᠩᠨᠡᠯᠲᠡ ᠶᠢᠨ ᠬᠡᠷᠡᠭᠴᠡᠭᠡ ᠱᠠᠭᠠᠷᠳᠠᠯᠭ᠎ᠠ ᠶᠢ ᠴᠠᠭ ᠲᠤᠬᠠᠢ ᠳᠤᠨᠢ ᠣᠨᠣᠪᠴᠢᠲᠠᠢ ᠡᠵᠡᠮᠰᠢᠵᠦ᠂ ᠬᠡᠷᠡᠭᠴᠡᠭᠡ ᠠᠴᠠ ᠨᠢ ᠪᠣᠯᠵᠣ ᠠᠷᠭ᠎ᠠ ᠪᠣᠳᠣᠯᠭ᠎ᠠ ᠬᠡᠷᠡᠭᠵᠢᠭᠦᠯᠵᠦ᠂ ᠵᠠᠳᠠᠭᠠᠢ ᠵᠠᠬ᠎ᠠ ᠶᠢᠨ ᠠᠵᠤ ᠠᠬᠤᠢ ᠶᠢᠨ ᠠᠷᠠᠳ ᠲᠤ ᠠᠰᠢᠭ ᠬᠦᠷᠲᠡᠭᠡᠬᠦ ᠪᠠ ᠬᠤᠳᠠᠯᠳᠤᠭᠠᠴᠢᠨ ᠳᠤ ᠠᠰᠢᠭ ᠬᠦᠷᠲᠡᠭᠡᠬᠦ ᠦᠢᠯᠡᠳᠦᠯ ᠢ ᠪᠦᠬᠦ ᠲᠠᠯ᠎ᠠ ᠪᠠᠷ ᠪᠠᠳᠠᠷᠠᠭᠤᠯᠤᠨ᠎ᠠ᠃ ᠳᠠᠷᠠᠭᠠᠴᠢ ᠶᠢᠨ ᠠᠯᠬᠤᠮ ᠳᠤ᠂ ᠮᠠᠨ ᠤ ᠲᠣᠪᠴᠢᠶ᠎ᠠ ᠦᠷᠭᠦᠯᠵᠢᠯᠡᠨ ︿ᠬᠤᠸᠠᠷ ᠬᠠᠳᠬᠤᠬᠤ﹀ ᠰᠡᠳᠬᠢᠯ ᠰᠠᠨᠠᠭ᠎ᠠ ᠶᠢ ᠭᠦᠢᠴᠡᠳ ᠪᠠᠳᠠᠷᠠᠭᠤᠯᠵᠤ᠂ ︿ᠬᠤᠸᠠᠷ ᠬᠠᠳᠬᠤᠬᠤ︾ ᠬᠦᠴᠦ ᠣᠷᠣᠭᠤᠯᠵᠤ᠂ ᠬᠠᠤᠯᠢ ᠬᠡᠷᠡᠭᠵᠢᠭᠦᠯᠬᠦ ᠬᠤᠷᠢᠭ᠎ᠠ ᠱᠤᠭᠤᠮ ᠢ ᠪᠠᠲᠤ ᠰᠠᠬᠢᠬᠤ ᠶᠢᠨ ᠬᠠᠮᠲᠤ ᠠᠷᠠᠳ ᠤᠨ ᠠᠮᠢᠳᠤᠷᠠᠯ ᠢ ᠰᠠᠶᠢᠲᠤᠷ ᠦᠢᠯᠡᠴᠢᠯᠡᠵᠦ᠂ ᠬᠤᠲᠠ ᠶᠢᠨ ᠰᠥᠨᠢ ᠶᠢ ᠭᠡᠷᠡᠯᠳᠦᠬᠦᠯᠵᠦ᠂ ᠣᠯᠠᠨ ᠲᠦᠮᠡᠨ ᠤ ᠠᠮᠢᠳᠤᠷᠠᠯ ᠢ ᠪᠠᠶᠠᠰᠬᠠᠨ᠎ᠠ︾ ᠭᠡᠵᠦ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠼᠤᠤ ᠬᠤᠩ ᠲᠤᠤ ᠬᠡᠯᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号