ᠰᠢᠩ ᠯᠢ ᠰᠢᠨ᠄ ᠬᠠᠷᠢᠭᠤᠴᠠᠯᠭ᠎ᠠ ᠡᠭᠦᠷᠭᠡᠯᠡᠨ ᠬᠤᠪᠢ ᠨᠡᠮᠡᠷᠢ ᠦᠵᠡᠭᠦᠯᠵᠦ ᠵᠣᠯ ᠵᠢᠷᠭᠠᠯᠲᠤ ᠨᠡᠶᠢᠭᠡᠮ ᠲᠣᠭᠤᠷᠢᠭ ᠢ ᠪᠦᠲᠦᠭᠡᠨ ᠪᠠᠶᠢᠭᠤᠯᠤᠨ᠎ᠠ
ᠨᠡᠶᠢᠲᠡᠯᠡᠭᠰᠡᠨ ᠴᠠᠭ᠄
2024/7/29
   ᠰᠢᠩ ᠯᠢ ᠰᠢᠨ᠂ ᠡᠮᠡᠭᠲᠡᠢ᠂ ᠬᠢᠲᠠᠳ ᠦᠨᠳᠦᠰᠦᠲᠡᠨ᠂ 1978 ᠣᠨ ᠤ 1 ᠰᠠᠷ᠎ᠠ ᠳᠤ ᠲᠥᠷᠥᠵᠡᠢ᠂ 2010 ᠣᠨ ᠤ 8 ᠰᠠᠷ᠎ᠠ ᠳᠤ ᠨᠡᠶᠢᠭᠡᠮ ᠲᠣᠭᠤᠷᠢᠭ ᠤᠨ ᠠᠵᠢᠯ ᠳᠤ ᠣᠷᠣᠵᠤ᠂ 2003 ᠣᠨ ᠤ 1 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠵᠠᠢ᠃ ᠣᠳᠣ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠪᠠᠶᠠᠨ ᠨᠡᠶᠢᠭᠡᠮ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠪᠥᠭᠡᠳ ᠰᠠᠭᠤᠭᠠᠯᠢ ᠠᠷᠠᠳ ᠤᠨ ᠵᠥᠪᠯᠡᠯ ᠤᠨ ᠡᠷᠬᠢᠯᠡᠭᠴᠢ ᠶᠢᠨ ᠲᠤᠰᠢᠶᠠᠯ ᠢ ᠬᠠᠷᠢᠭᠤᠴᠠᠵᠤ ᠪᠠᠶᠢᠨ᠎ᠠ᠃ 2024 ᠣᠨ ᠤ 7 ᠰᠠᠷ᠎ᠠ ᠳᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠢᠯᠢᠳᠡᠭ ᠡᠪ ᠬᠠᠮᠲᠤ ᠨᠠᠮ ᠤᠨ ᠭᠡᠰᠢᠭᠦᠨ ᠢᠶᠠᠷ ᠦᠨᠡᠯᠡᠭᠳᠡᠪᠡ᠃    ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠪᠠ    ᠰᠢᠩ ᠯᠢ ᠰᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠬᠠᠮᠲᠤᠷᠠᠭᠰᠠᠨ ᠬᠤᠷᠠᠯ ᠤᠨ ᠲᠣᠭᠲᠠᠴᠠ ᠶᠢ ᠪᠠᠶᠢᠭᠤᠯᠬᠤ ᠪᠠᠷ ᠳᠠᠮᠵᠢᠭᠤᠯᠤᠨ᠂ ᠬᠠᠮᠲᠤᠪᠠᠷ ᠰᠠᠭᠤᠵᠤ ᠬᠠᠮᠲᠤᠪᠠᠷ ᠪᠠᠶᠢᠭᠤᠯᠬᠤ ᠨᠢᠭᠡᠴᠡ ᠶᠢᠨ ᠨᠠᠮ ᠤᠨ ᠵᠣᠬᠢᠶᠠᠨ ᠪᠠᠶᠢᠭᠤᠯᠤᠯᠲᠠ ᠲᠠᠢ ᠨᠡᠶᠢᠭᠡᠮ ᠲᠣᠭᠤᠷᠢᠭ ᠤᠨ ᠪᠠᠶᠢᠭᠤᠯᠤᠯᠲᠠ ᠪᠠ ᠬᠥᠭᠵᠢᠯᠲᠡ ᠶᠢ ᠬᠠᠮᠲᠤᠪᠠᠷ ᠰᠣᠯᠢᠯᠴᠠᠨ ᠪᠠᠶᠢᠷᠢᠯᠠᠭᠤᠯᠵᠤ᠂ ᠨᠡᠩ ᠣᠯᠠᠨ ᠡᠬᠢ ᠪᠠᠶᠠᠯᠢᠭ᠂ ᠦᠢᠯᠡᠴᠢᠯᠡᠭᠡ᠂ ᠬᠠᠮᠢᠶᠠᠷᠤᠯᠲᠠ ᠶᠢ ᠨᠡᠶᠢᠭᠡᠮ ᠲᠣᠭᠤᠷᠢᠭ ᠲᠤ ᠲᠠᠯᠪᠢᠬᠤ ᠬᠡᠷᠡᠭᠲᠡᠢ᠃ ᠲᠡᠷᠡ ︽ᠨᠢᠭᠡ ᠲᠦᠷᠦᠯ ᠲᠡᠮᠳᠡᠭ︾ ᠢ ᠢᠳᠡᠪᠬᠢᠲᠡᠢ ᠡᠭᠦᠳᠴᠦ᠂ ︽ᠨᠢᠭᠡ ᠲᠠᠪᠴᠠᠩ︾ ᠢ ᠥᠷᠭᠡᠳᠬᠡᠵᠦ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠨ᠎ᠡ᠃ ᠨᠡᠶᠢᠭᠡᠮ ᠲᠣᠭᠤᠷᠢᠭ ᠤᠨ ︽ᠵᠠᠯᠠᠭᠤᠴᠤᠳ ᠤᠨ ᠬᠠᠶᠢᠷ᠎ᠠ︾᠂ ︽ᠵᠠᠯᠠᠭᠤᠴᠤᠳ ᠪᠠᠭᠠᠴᠤᠳ ᠤᠨ ᠡᠷᠬᠡ ᠶᠢ ᠬᠠᠮᠠᠭᠠᠯᠠᠬᠤ ᠥᠷᠲᠡᠭᠡ︾᠂ ︽ᠨᠡᠶᠢᠭᠡᠮ ᠲᠣᠭᠤᠷᠢᠭ ᠤᠨ ᠪᠠᠭᠠᠴᠤᠳ ᠤᠨ ᠠᠵᠢᠯ ᠤᠨ ᠵᠦᠪᠯᠡᠯ︾ ᠤᠨ ᠲᠠᠪᠴᠠᠩ ᠳᠤ ᠲᠦᠰᠢᠭᠯᠡᠨ᠂ ᠰᠤᠷᠭᠠᠭᠤᠯᠢ ᠲᠠᠢ ᠬᠤᠯᠪᠣᠭᠠᠯᠠᠨ ︽ᠨᠡᠶᠢᠭᠡᠮ ᠰᠤᠷᠭᠠᠭᠤᠯᠢ ᠶᠢᠨ ᠬᠤᠯᠪᠣᠭ᠎ᠠ︾ ᠶᠢ ᠵᠣᠬᠢᠶᠠᠨ ᠪᠠᠶᠢᠭᠤᠯᠵᠤ᠂ ᠰᠤᠷᠤᠭᠴᠢᠳ ᠤᠨ ᠨᠡᠶᠢᠭᠡᠮ ᠤᠨ ᠦᠢᠯᠡᠳᠦᠯᠭᠡ ᠶᠢᠨ ᠠᠵᠢᠯᠯᠠᠭ᠎ᠠ ᠳᠤ ᠣᠷᠣᠯᠴᠠᠬᠤ ᠲᠠᠪᠴᠠᠩ ᠢ ᠪᠣᠢ ᠪᠣᠯᠭᠠᠵᠤ᠂ ᠡᠭᠦᠨ ᠤ ᠤᠯᠠᠮ ᠠᠴᠠ ᠨᠡᠶᠢᠭᠡᠮ ᠰᠤᠷᠭᠠᠭᠤᠯᠢ ᠶᠢᠨ ᠬᠢᠨ ᠬᠠᠷᠢᠯᠴᠠᠨ ᠨᠥᠬᠦᠪᠥᠷᠢᠯᠡᠭᠰᠡᠨ᠂ ᠣᠷᠭᠠᠨᠢᠭ ᠢᠶᠠᠷ ᠬᠤᠯᠪᠣᠭᠠᠯᠠᠨ ᠬᠥᠳᠡᠯᠦᠯᠴᠡᠭᠰᠡᠨ ᠵᠠᠯᠠᠭᠤᠴᠤᠳ ᠪᠠᠭᠠᠴᠤᠳ ᠤᠨ ᠦᠢᠯᠡᠳᠦᠯᠭᠡ ᠶᠢᠨ ᠰᠤᠷᠭᠠᠨ ᠬᠥᠮᠦᠵᠢᠯ ᠤᠨ ᠰᠢᠰᠲ᠋ᠧᠮ ᠢ ᠪᠠᠶᠢᠭᠤᠯᠵᠤ᠂ ︽ᠨᠠᠮ ᠤᠨ ᠵᠣᠬᠢᠶᠠᠨ ᠪᠠᠶᠢᠭᠤᠯᠤᠯᠲᠠ ᠲᠠᠪᠴᠠᠩ ᠪᠠᠶᠢᠭᠤᠯᠬᠤ᠂ ᠨᠡᠶᠢᠭᠡᠮ ᠲᠣᠭᠤᠷᠢᠭ ᠠᠴᠠ ᠡᠬᠢ ᠪᠠᠶᠠᠯᠢᠭ ᠭᠠᠷᠭᠠᠬᠤ᠂ ᠡᠪᠯᠡᠯ ᠤᠨ ᠭᠡᠰᠢᠭᠦᠨ ᠬᠠᠮᠲᠤ ᠪᠠᠷ ᠣᠷᠣᠯᠴᠠᠬᠤ︾ ᠨᠡᠶᠢᠭᠡᠮᠴᠢᠯᠡᠭᠰᠡᠨ ᠠᠵᠢᠯ ᠤᠨ ᠵᠠᠭᠪᠤᠷ ᠢ ᠪᠣᠢ ᠪᠣᠯᠭᠠᠵᠤ᠂ ᠨᠠᠮ ᠤᠨ ᠪᠠᠶᠢᠭᠤᠯᠤᠯᠲᠠ ᠶᠢᠨ ᠬᠤᠯᠪᠣᠭ᠎ᠠ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠶᠢ ᠪᠡᠶᠡᠯᠡᠭᠦᠯᠦᠨ᠎ᠡ᠃    ᠠᠷᠠᠳ ᠤᠨ ᠰᠠᠨᠠᠯ ᠢ ᠰᠣᠨᠣᠰᠴᠤ ᠦᠢᠯᠡᠴᠢᠯᠡᠭᠡ ᠬᠠᠩᠭᠠᠪᠠ    ᠲᠡᠷᠡ ᠢᠮᠠᠭᠲᠠ ᠣᠯᠠᠨ ᠲᠦᠮᠡᠨ ᠤ ︽ᠰᠡᠳᠬᠢᠯ ᠤᠨ ᠦᠭᠡ︾ ᠶᠢ ᠰᠣᠨᠣᠰᠬᠤ ᠶᠢ ᠪᠠᠷᠢᠮᠲᠠᠯᠠᠵᠤ᠂ ᠣᠯᠠᠨ ᠲᠦᠮᠡᠨ ᠤ ︽ᠳᠡᠷᠭᠡᠳᠡᠬᠢ ᠶᠠᠪᠤᠳᠠᠯ︾ ᠢ ᠠᠩᠬᠠᠷᠴᠤ᠂ ᠣᠯᠠᠨ ᠲᠦᠮᠡᠨ ᠤ ︽ᠠᠮᠢᠳᠤᠷᠠᠯ ᠤᠨ ᠳᠠᠩᠰᠠ︾ ᠶᠢ ᠨᠠᠷᠢᠨ ᠪᠣᠳᠣᠵᠤ᠂ ᠣᠯᠠᠨ ᠲᠦᠮᠡᠨ ᠤ ︽ᠰᠢᠨ᠎ᠡ ᠬᠦᠰᠡᠯ︾ ᠢ ᠪᠡᠶᠡᠯᠡᠭᠦᠯᠪᠡ᠃ ᠲᠠᠪᠴᠠᠩ ᠪᠠᠶᠢᠭᠤᠯᠬᠤ᠂ ᠵᠢᠭᠰᠠᠭᠠᠯ ᠤᠨ ᠭᠠᠵᠠᠷ ᠤᠷᠤᠭᠰᠢ ᠰᠢᠯᠵᠢᠭᠦᠯᠬᠦ᠂ ᠣᠯᠠᠨ ᠲᠠᠯ᠎ᠠ ᠪᠠᠷ ᠬᠤᠯᠪᠣᠭᠠᠯᠠᠨ ᠬᠥᠳᠡᠯᠦᠯᠴᠡᠬᠦ᠂ ᠦᠢᠯᠡᠴᠢᠯᠡᠭᠡ ᠶᠢ ᠰᠢᠯᠢᠳᠡᠭᠵᠢᠭᠦᠯᠦᠨ ᠣᠯᠠᠨ ᠲᠦᠮᠡᠨ ᠲᠠᠢ ᠬᠠᠷᠢᠯᠴᠠᠵᠤ ᠦᠢᠯᠡᠴᠢᠯᠡᠬᠦ ᠪᠠᠷ ᠳᠠᠮᠵᠢᠭᠤᠯᠤᠨ᠂ ︽ᠵᠢᠭᠰᠠᠭᠠᠯ ᠤᠨ ᠭᠠᠵᠠᠷ ᠣᠯᠠᠨ ᠲᠦᠮᠡᠨ ᠢ ᠳᠠᠭᠠᠵᠤ᠂ ᠦᠢᠯᠡᠴᠢᠯᠡᠭᠡ ᠶᠢ ᠬᠡᠷᠡᠭᠴᠡᠭᠡ ᠪᠠᠷ ᠬᠦᠷᠢᠶᠡᠯᠡᠭᠦᠯᠬᠦ︾ ᠪᠣᠯᠭᠠᠪᠠ᠃ ᠲᠣᠬᠤᠨᠢᠭᠤᠯᠵᠤ ᠬᠠᠪᠰᠤᠷᠤᠨ ᠲᠡᠳᠬᠦᠬᠦ᠂ ᠡᠮ ᠡᠮᠨᠡᠯᠭᠡ ᠡᠷᠡᠭᠦᠯ ᠮᠡᠨᠳᠦ ᠶᠢ ᠬᠠᠮᠠᠭᠠᠯᠠᠬᠤ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠡᠷᠭᠡ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠨᠠᠮ ᠤᠨ ᠭᠡᠰᠢᠭᠦᠨ ᠣᠯᠠᠨ ᠲᠦᠮᠡᠨ ᠤ ᠵᠣᠯ ᠵᠢᠷᠭᠠᠯᠲᠤ ᠲᠥᠷᠥᠭᠳᠡᠯ᠂ ᠬᠦᠷᠲᠡᠮᠵᠢ ᠶᠢᠨ ᠲᠥᠷᠥᠭᠳᠡᠯ ᠢ ᠤᠯᠠᠮ ᠨᠢᠭᠡ ᠠᠯᠬᠤᠮ ᠨᠡᠮᠡᠭᠳᠡᠭᠦᠯᠦᠨ᠎ᠡ᠃ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠭᠡᠷ ᠪᠦᠯᠢ ᠬᠦᠴᠢᠷᠳᠡᠯ᠂ ᠰᠤᠷᠭᠠᠭᠤᠯᠢ ᠳᠤ ᠰᠠᠭᠤᠬᠤ ᠳᠤ ᠬᠦᠴᠢᠷ᠂ ᠰᠡᠳᠬᠢᠴᠡ ᠶᠢᠨ ᠡᠷᠡᠭᠦᠯ ᠮᠡᠨᠳᠦ ᠵᠡᠷᠭᠡ ᠪᠣᠳᠠᠲᠠᠢ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠡᠷᠡᠭᠦᠯ ᠢᠶᠠᠷ ᠥᠰᠦᠨ ᠪᠤᠶᠢᠵᠢᠬᠤ ᠳᠤ ︽ᠪᠠᠲᠤᠯᠠᠭ᠎ᠠ︾ ᠣᠯᠭᠤᠬᠤ ᠬᠡᠷᠡᠭᠲᠡᠢ᠃ ᠬᠠᠷᠢᠶᠠᠲᠤ ᠣᠷᠣᠨ ᠤ ᠥᠨᠳᠥᠷ ᠨᠠᠰᠤᠲᠠᠢ ᠨᠠᠰᠤᠲᠠᠨ᠂ ᠵᠡᠮᠳᠡᠭᠴᠦᠳ᠂ ᠬᠦᠴᠢᠷᠳᠡᠯᠲᠡᠢ ᠰᠠᠭᠤᠭᠠᠯᠢ ᠠᠷᠠᠳ ᠵᠡᠷᠭᠡ ᠪᠠᠭᠤᠷᠠᠢ ᠬᠥᠮᠦᠰ ᠲᠤ ᠠᠯᠪᠠᠨ ᠵᠢᠷᠤᠮ ᠤᠨ ᠡᠮᠴᠢᠯᠡᠭᠡ ᠪᠠ ᠲᠣᠭᠲᠠᠮᠠᠯ ᠬᠤᠭᠤᠴᠠᠭ᠎ᠠ ᠲᠠᠢ ᠪᠠᠷ ᠡᠮᠴᠢᠯᠡᠭᠡ ᠬᠦᠷᠭᠡᠬᠦ᠂ ᠡᠮ ᠬᠦᠷᠭᠡᠬᠦ᠂ ᠰᠤᠷᠭᠠᠭᠤᠯᠢ ᠬᠦᠷᠭᠡᠵᠦ᠂ ᠨᠡᠶᠢᠭᠡᠮ ᠲᠣᠭᠤᠷᠢᠭ ᠤᠨ ᠭᠠᠭᠴᠠᠭᠠᠷ ᠰᠠᠭᠤᠭ᠎ᠠ ᠨᠠᠰᠤᠲᠠᠨ᠂ ᠬᠦᠴᠢᠷᠳᠡᠯᠲᠡᠢ 56 ᠡᠷᠦᠬᠡ 100 ᠭᠠᠷᠤᠢ ᠬᠥᠮᠦᠨ ᠢ ᠲᠣᠬᠤᠨᠢᠭᠤᠯᠪᠠ᠃ ︽ᠲᠠᠪᠤ ᠶᠢ ᠣᠷᠣᠭᠤᠯᠬᠤ︾ ᠪᠠᠷ ᠳᠠᠮᠵᠢᠭᠤᠯᠤᠨ ᠠᠵᠢᠯ ᠣᠯᠭᠤᠬᠤ ᠲᠥᠷᠥ ᠶᠢᠨ ᠪᠣᠳᠣᠯᠭ᠎ᠠ ᠶᠢ ᠤᠬᠠᠭᠤᠯᠵᠤ᠂ ᠬᠠᠷᠢᠶ᠎ᠠ ᠣᠷᠣᠨ ᠤ ᠣᠷᠣᠯᠭ᠎ᠠ ᠪᠠᠭᠠᠲᠠᠢ 50 ᠭᠠᠷᠤᠢ ᠰᠠᠭᠤᠭᠠᠯᠢ ᠠᠷᠠᠳ ᠤᠨ ᠠᠵᠢᠯ ᠣᠯᠬᠤ ᠳᠤ ᠬᠦᠴᠢᠷᠲᠡᠢ ᠪᠠᠶᠢᠬᠤ ᠠᠰᠠᠭᠤᠳᠠᠯ ᠢ ᠰᠢᠢᠳᠪᠦᠷᠢᠯᠡᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠨᠠᠮ ᠤᠨ ᠵᠣᠬᠢᠶᠠᠨ ᠪᠠᠶᠢᠭᠤᠯᠤᠯᠲᠠ ᠢᠮᠠᠭᠲᠠ ᠳᠡᠷᠭᠡᠳᠡ ᠪᠠᠶᠢᠬᠤ ᠶᠢ ᠦᠨᠡᠨᠬᠦ ᠮᠡᠳᠡᠷᠡᠭᠦᠯᠪᠡ᠃    ᠣᠯᠠᠨ ᠲᠦᠮᠡᠨ ᠤ ᠬᠦᠴᠢᠷ ᠠᠰᠠᠭᠤᠳᠠᠯ ᠢ ᠰᠢᠢᠳᠪᠦᠷᠢᠯᠡᠪᠡ    ᠲᠡᠷᠡ ᠨᠠᠮ ᠤᠨ ᠭᠡᠰᠢᠭᠦᠨ ᠤ ᠵᠢᠱᠢᠶ᠎ᠡ ᠦᠵᠡᠭᠦᠯᠬᠦ ᠠᠵᠢᠯ ᠤᠨ ᠪᠠᠶᠢᠷᠢ ᠭᠠᠷᠭᠠᠬᠤ᠂ ᠬᠠᠷᠢᠭᠤᠴᠠᠯᠭ᠎ᠠ ᠶᠢᠨ ᠲᠣᠭᠤᠷᠢᠭ ᠬᠤᠪᠢᠶᠠᠬᠤ᠂ ᠨᠠᠮ ᠤᠨ ᠭᠡᠰᠢᠭᠦᠨ ᠤ ᠭᠠᠪᠰᠢᠭᠠᠢ ᠠᠩᠭᠢ ᠪᠠᠶᠢᠭᠤᠯᠬᠤ ᠪᠠᠷ ᠳᠠᠮᠵᠢᠭᠤᠯᠵᠤ᠂ ᠦᠢᠯᠡᠴᠢᠯᠡᠭᠡ ᠶᠢ ᠡᠳᠦᠷ ᠲᠤᠲᠤᠮ ᠤᠨ ᠠᠮᠢᠳᠤᠷᠠᠯ ᠳᠤ ᠠᠭᠤᠰᠤᠯᠴᠠᠭᠤᠯᠵᠤ᠂ ᠣᠯᠠᠨ ᠲᠦᠮᠡᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠰᠠᠨᠠᠭᠠᠴᠢᠯᠠᠭ᠎ᠠ ᠠᠴᠠ ᠪᠠᠨ ᠰᠢᠢᠳᠪᠦᠷᠢᠯᠡᠪᠡ᠃ ᠲᠡᠷᠡ ᠨᠡᠶᠢᠭᠡᠮ ᠲᠣᠭᠤᠷᠢᠭ ᠤᠨ ᠰᠦᠯᠵᠢᠶᠡᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠭᠠᠯ ᠤᠨᠲᠠᠷᠠᠭᠠᠬᠤ᠂ ᠠᠮᠤᠷ ᠲᠦᠪᠰᠢᠨ᠂ ᠦᠶᠡᠷ ᠢ ᠰᠡᠷᠭᠡᠶᠢᠯᠡᠵᠦ ᠪᠠᠴᠢᠮ ᠪᠠᠶᠢᠳᠠᠯ ᠢ ᠠᠷᠭᠠᠴᠠᠵᠤ ᠭᠠᠮᠰᠢᠭ ᠠᠴᠠ ᠠᠪᠤᠷᠠᠬᠤ ᠪᠡᠯᠡᠳᠬᠡᠯ ᠲᠥᠰᠦᠯ ᠢ ᠲᠣᠭᠲᠠᠭᠠᠵᠤ᠂ ᠨᠠᠮ ᠤᠨ ᠭᠡᠰᠢᠭᠦᠨ ᠢ ᠡᠶᠡᠳᠡᠭᠦᠯᠬᠦ ᠡᠩᠨᠡᠭᠡ ᠶᠢ ᠪᠠᠶᠢᠭᠤᠯᠵᠤ᠂ ᠬᠠᠷᠢᠶ᠎ᠠ ᠣᠷᠣᠨ ᠤ ᠬᠠᠷᠢᠶ᠎ᠠ ᠱᠤᠭᠤᠮ ᠤᠨ ᠳᠠᠯᠳᠠ ᠭᠡᠮ᠂ ᠬᠤᠭ ᠨᠣᠪᠰᠢ ᠶᠢ ᠳᠤᠷ᠎ᠠ ᠪᠠᠷ ᠢᠶᠠᠨ ᠬᠠᠶᠠᠬᠤ᠂ ᠬᠥᠷᠰᠢ ᠵᠡᠷᠭᠡᠯᠡᠳᠡᠭᠡ ᠶᠢᠨ ᠵᠥᠷᠢᠴᠡᠯ ᠂ ᠦᠶᠡᠷ ᠤᠨ ᠬᠤᠭᠤᠴᠠᠭᠠᠨ ᠤ ᠲᠦᠭᠰᠢᠭᠦᠷᠢᠲᠦ ᠪᠠᠶᠢᠳᠠᠯ ᠵᠡᠷᠭᠡ ᠪᠠᠶᠢᠳᠠᠯ ᠢ ᠴᠠᠭ ᠲᠤᠬᠠᠢ ᠳᠤᠨᠢ ᠡᠵᠡᠮᠰᠢᠵᠦ᠂ ᠡᠷᠲᠡ ᠵᠢᠭᠰᠠᠭᠠᠨ ᠪᠠᠶᠢᠴᠠᠭᠠᠵᠤ᠂ ᠡᠷᠲᠡ ᠢᠯᠡᠷᠡᠭᠦᠯᠵᠦ᠂ ᠡᠷᠲᠡ ᠰᠢᠢᠳᠪᠦᠷᠢᠯᠡᠵᠦ᠂ ᠵᠢᠭᠰᠠᠭᠠᠨ ᠪᠠᠶᠢᠴᠠᠭᠠᠵᠤ ᠡᠶᠡᠳᠡᠭᠦᠯᠦᠨ ᠰᠢᠢᠳᠪᠦᠷᠢᠯᠡᠬᠦ ᠠᠵᠢᠯ ᠢ ᠪᠠᠶᠢᠩᠭᠤᠵᠢᠭᠤᠯᠵᠤ᠂ ᠳᠦᠷᠢᠮᠵᠢᠭᠦᠯᠵᠦ᠂ ᠵᠢᠷᠤᠮᠵᠢᠭᠤᠯᠪᠠ᠃ 2024 ᠣᠨ ᠳᠤ ᠨᠡᠶᠢᠲᠡ 26 ᠤᠳᠠᠭ᠎ᠠ ᠪᠠᠶᠢᠴᠠᠭᠠᠨ ᠵᠢᠭᠰᠠᠭᠠᠵᠤ᠂ 33 ᠠᠰᠠᠭᠤᠳᠠᠯ ᠢ ᠰᠢᠢᠳᠪᠦᠷᠢᠯᠡᠨ᠂ ᠠᠰᠠᠭᠤᠳᠠᠯ ᠢ ᠨᠢᠭᠡᠳᠦᠭᠡᠷ ᠹᠷᠣᠨᠲ ᠲᠤ ᠰᠢᠢᠳᠪᠦᠷᠢᠯᠡᠵᠦ᠂ ᠵᠥᠷᠢᠴᠡᠯ ᠢ ᠨᠢᠭᠡᠳᠦᠭᠡᠷ ᠹᠷᠣᠨᠲ ᠲᠤ ᠨᠠᠶᠢᠳᠠᠪᠤᠷᠢᠵᠢᠭᠤᠯᠤᠨ᠂ ᠠᠵᠢᠯ ᠢ ᠨᠢᠭᠡᠳᠦᠭᠡᠷ ᠹᠷᠣᠨᠲ ᠲᠤ ᠨᠠᠶᠢᠳᠠᠪᠤᠷᠢᠵᠢᠭᠤᠯᠬᠤ ᠶᠢ ᠦᠨᠡᠨ ᠬᠦ ᠪᠡᠯᠡᠬᠦᠯᠵᠤ ᠪᠠᠶᠢᠨ᠎ᠠ
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号