ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ 2024 ᠣᠨ ᠤ ᠶᠢᠰᠦᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/29
    7 ᠰᠠᠷ᠎ᠠ ᠶᠢᠨ 26 ᠤ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ 2024 ᠣᠨ ᠤ ᠶᠢᠰᠦᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠼᠠᠢ ᠪᠦᠦ ᠵᠢᠶᠦ᠋ᠨ ᠬᠤᠷᠠᠯ ᠡᠷᠬᠢᠯᠡᠪᠡ᠃    ᠬᠤᠷᠠᠯ ᠳᠡᠭᠡᠷ᠎ᠡ ᠶᠡᠷᠦᠩᠬᠡᠢ ᠱᠦᠵᠢ ᠰᠢ ᠶᠢᠨ ᠫᠢᠩ 2023 ᠣᠨ ᠤ 10 ᠰᠠᠷ᠎ᠠ ᠶᠢᠨ 27 ᠤ ᠡᠳᠦᠷ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠶᠢᠰᠦᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷ᠎ᠡ ᠶᠠᠷᠢᠶ᠎ᠠ ᠲᠠᠯᠪᠢᠬᠤ᠂ ᠰᠠᠬᠢᠯᠭ᠎ᠠ ᠪᠠᠲᠤ ᠶᠢ ᠵᠥᠷᠢᠴᠡᠭᠰᠡᠨ ᠠᠵᠢᠯᠯᠠᠭ᠎ᠠ ᠶᠢᠨ ᠨᠡᠶᠢᠲᠡᠯᠢᠭ ᠬᠡᠷᠡᠭ ᠤᠨ ᠵᠢᠱᠢᠶ᠎ᠡ ᠪᠣᠯᠤᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠣᠷᠣᠨ ᠨᠤᠲᠤᠭ ᠤᠨ ᠬᠤᠷᠢᠶᠠᠨ ᠤ ᠠᠵᠢᠯ ᠤᠨ ᠳᠦᠷᠢᠮ︾ ᠵᠡᠷᠭᠡ ᠠᠭᠤᠯᠭ᠎ᠠ ᠶᠢ ᠰᠤᠷᠤᠯᠴᠠᠪᠠ᠃    ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ ᠰᠠᠶᠢᠲᠤᠷ ᠬᠢᠵᠦ᠂ ᠵᠢᠷᠭᠤᠭᠠᠨ ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠰᠠᠶᠢᠲᠤᠷ ᠠᠳᠬᠤᠬᠤ ᠵᠡᠷᠭᠡ ᠡᠯ᠎ᠡ ᠵᠦᠢᠯ ᠤᠨ ᠠᠵᠢᠯ ᠤᠨ ᠬᠠᠷᠠᠯᠲᠠ ᠶᠢ ᠰᠠᠶᠢᠲᠤᠷ ᠬᠢᠵᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠵᠤ᠂ ᠰᠢᠨ᠎ᠡ ᠵᠠᠮ ᠢ ᠨᠡᠭᠡᠭᠡᠬᠦ᠂ ᠳᠤᠮᠳᠠᠳᠤ ᠤᠷᠤᠰᠬᠠᠯ ᠳᠤ ᠣᠷᠣᠬᠤ ᠬᠠᠷᠠᠯᠲᠠ ᠶᠢ ᠪᠡᠶᠡᠯᠡᠭᠦᠯᠬᠦ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠤᠬᠠᠭᠤᠯᠭ᠎ᠠ ᠬᠥᠮᠦᠵᠢᠯ ᠢ ᠬᠦᠴᠦᠯᠡᠨ ᠰᠠᠶᠢᠲᠤᠷ ᠠᠳᠬᠤᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠢᠳᠡᠪᠬᠢᠲᠡᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠭᠡᠷ ᠣᠷᠣᠨ ᠤ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ ᠦᠭᠡᠢ ᠪᠠᠶᠢᠭᠤᠯᠵᠤ᠂ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠬᠥᠮᠦᠵᠢᠭᠦᠯᠦᠨ ᠬᠥᠲᠥᠯᠥᠨ ᠵᠢᠯᠣᠭᠤᠳᠴᠤ ᠪᠠᠶᠢᠭᠠᠳ ᠵᠥᠪ ᠣᠨᠣᠪᠴᠢᠲᠠᠢ ᠤᠯᠤᠰ ᠤᠨ ᠦᠵᠡᠯᠲᠡ᠂ ᠲᠡᠦᠬᠡ ᠶᠢᠨ ᠦᠵᠡᠯᠲᠡ᠂ ᠦᠨᠳᠦᠰᠦᠲᠡᠨ ᠤ ᠦᠵᠡᠯᠲᠡ᠂ ᠰᠣᠶᠣᠯ ᠤᠨ ᠦᠵᠡᠯᠲᠡ᠂ ᠱᠠᠰᠢᠨ ᠰᠤᠷᠲᠠᠬᠤᠨ ᠤ ᠦᠵᠡᠯᠲᠡ ᠶᠢ ᠪᠠᠲᠤ ᠪᠣᠢ ᠪᠣᠯᠭᠠᠬᠤ ᠬᠡᠷᠡᠭᠲᠡᠢ᠃    ᠬᠤᠷᠠᠯ ᠠᠴᠠ᠂ ᠨᠡᠶᠢᠲᠡᠯᠢᠭ ᠬᠡᠷᠡᠭ ᠤᠨ ᠵᠢᠱᠢᠶ᠎ᠡ ᠶᠢᠨ ᠰᠡᠷᠡᠮᠵᠢᠯᠡᠭᠦᠯᠬᠦ ᠬᠥᠮᠦᠵᠢᠯ ᠢ ᠦᠷᠭᠦᠯᠵᠢᠯᠡᠨ ᠰᠠᠶᠢᠲᠤᠷ ᠥᠷᠨᠢᠭᠦᠯᠵᠦ᠂ ᠨᠡᠶᠢᠲᠡᠯᠢᠭ ᠬᠡᠷᠡᠭ ᠤᠨ ᠵᠢᠱᠢᠶ᠎ᠡ ᠪᠠᠷ ᠰᠡᠷᠡᠮᠵᠢᠯᠡᠭᠦᠯᠬᠦ ᠬᠥᠮᠦᠵᠢᠯ ᠢ ᠥᠷᠨᠢᠭᠦᠯᠬᠦ ᠶᠢᠨ ᠴᠢᠬᠤᠯᠠ ᠠᠭᠤᠯᠭ᠎ᠠ ᠪᠣᠯᠭᠠᠵᠤ᠂ ᠬᠡᠷᠡᠭ ᠢᠶᠠᠷ ᠰᠠᠬᠢᠯᠭ᠎ᠠ ᠪᠠᠲᠤ ᠶᠢ ᠡᠷᠬᠢᠮᠯᠡᠬᠦ᠂ ᠬᠡᠷᠡᠭ ᠢᠶᠠᠷ ᠬᠠᠤᠯᠢ ᠶᠢ ᠲᠠᠶᠢᠯᠪᠤᠷᠢᠯᠠᠬᠤ᠂ ᠬᠡᠷᠡᠭ ᠢᠶᠠᠷ ᠬᠠᠷᠢᠭᠤᠴᠠᠯᠭ᠎ᠠ ᠶᠢ ᠥᠭᠦᠯᠡᠬᠦ ︽ᠠᠮᠢᠳᠤᠯᠢᠭ ᠵᠢᠭᠠᠬᠤ ᠮᠠᠲ᠋ᠧᠷᠢᠶᠠᠯ︾ ᠪᠣᠯᠭᠠᠵᠤ᠂ ᠤᠬᠠᠮᠰᠠᠷ ᠠᠴᠠ ᠪᠠᠨ ᠨᠠᠮ ᠤᠨ ᠰᠠᠬᠢᠯᠭ᠎ᠠ ᠪᠠᠲᠤ ᠶᠣᠰᠣ ᠳᠦᠷᠢᠮ ᠢᠶᠠᠷ ᠲᠤᠰ ᠪᠡᠶ᠎ᠡ ᠶᠢᠨ ᠦᠭᠡ ᠶᠠᠷᠢᠶ᠎ᠠ ᠦᠢᠯᠡ ᠠᠵᠢᠯᠯᠠᠭ᠎ᠠ ᠪᠠᠨ ᠵᠢᠷᠤᠮᠵᠢᠭᠤᠯᠵᠤ᠂ ᠰᠠᠬᠢᠯᠭ᠎ᠠ ᠪᠠᠲᠤ ᠶᠢ ᠵᠢᠷᠤᠮᠯᠠᠨ ᠬᠠᠤᠯᠢ ᠴᠠᠭᠠᠵᠠ ᠶᠢ ᠰᠠᠬᠢᠬᠤ ᠤᠬᠠᠮᠰᠠᠷ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠠᠬᠢᠯᠭ᠎ᠠ ᠪᠠᠲᠤ ᠶᠣᠰᠣ ᠳᠦᠷᠢᠮ ᠢ ᠦᠨᠡᠨ ᠬᠦ ᠪᠠᠲᠤ ᠴᠡᠭᠡᠵᠢᠯᠡᠵᠦ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠵᠢᠯ ᠳᠠᠭᠠᠨ ᠣᠷᠣᠯᠴᠠᠬᠤ ᠬᠡᠷᠡᠭᠲᠡᠢ᠃ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠣᠷᠣᠨ ᠨᠤᠲᠤᠭ ᠤᠨ ᠬᠤᠷᠢᠶᠠᠨ ᠤ ᠠᠵᠢᠯ ᠤᠨ ᠳᠦᠷᠢᠮ︾ ᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠰᠤᠷᠤᠯᠴᠠᠬᠤ ᠪᠠᠷ ᠮᠡᠳᠡᠯᠭᠡ ᠶᠢ ᠠᠬᠢᠭᠤᠯᠬᠤ᠂ ᠮᠡᠳᠡᠯᠭᠡ ᠪᠠᠷ ᠬᠢᠬᠦ ᠶᠢ ᠠᠬᠢᠭᠤᠯᠬᠤ ᠶᠢ ᠪᠠᠷᠢᠮᠲᠠᠯᠠᠵᠤ᠂ ︽ᠳᠦᠷᠢᠮ︾ ᠤᠨ ᠠᠭᠤᠯᠭ᠎ᠠ ᠶᠢ ᠭᠦᠨᠵᠡᠭᠡᠢ ᠣᠶᠢᠯᠠᠭᠠᠨ ᠡᠵᠡᠮᠰᠢᠵᠦ᠂ ᠭᠦᠨᠵᠡᠭᠡᠢ ᠣᠶᠢᠯᠠᠭᠠᠨ ᠡᠵᠡᠮᠰᠢᠵᠦ᠂ ᠲᠥᠷᠥ ᠪᠠᠷᠢᠬᠤ ᠴᠢᠳᠠᠪᠤᠷᠢ ᠪᠠ ᠤᠳᠤᠷᠢᠳᠬᠤ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠯ᠎ᠡ ᠵᠦᠢᠯ ᠤᠨ ᠠᠵᠢᠯ ᠦᠢᠯᠡᠰ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ ᠭᠡᠵᠡᠢ᠃    ᠬᠤᠷᠠᠯ ᠠᠴᠠ ︽ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠭᠤᠣᠯ ᠱᠤᠭᠤᠮ ᠢ ᠪᠦᠬᠦ ᠲᠠᠯ᠎ᠠ ᠪᠠᠷ ᠲᠤᠭᠤᠰᠢᠯᠠᠭᠤᠯᠬᠤ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ︾ ᠲᠣᠭᠤᠷᠢᠨ ᠳᠤ ᠰᠠᠨᠠᠯ ᠢᠶᠠᠨ ᠰᠣᠯᠢᠯᠴᠠᠵᠤ ᠰᠤᠳᠤᠯᠤᠨ ᠶᠠᠷᠢᠯᠴᠠᠪᠠ᠃    ᠬᠤᠷᠠᠯ ᠳᠡᠭᠡᠷ᠎ᠡ᠂ ᠼᠠᠢ ᠪᠦᠦ ᠵᠢᠶᠦ᠋ᠨ ᠪᠠᠰᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠡᠳᠦᠪ ᠤᠨ ᠲᠣᠭᠤᠷᠢᠨ ᠳᠤ ᠲᠤᠰᠬᠠᠢ ᠰᠡᠳᠦᠪᠲᠦ ᠨᠠᠮ ᠤᠨ ᠬᠢᠴᠢᠶᠡᠯ ᠣᠷᠣᠪᠠ᠃    ᠴᠡᠩᠭᠡᠯᠳᠦ᠂ ᠲᠦᠩ ᠬᠤᠩ ᠶᠠᠨ᠂ ᠪᠠᠭᠠᠲᠤᠷ ᠵᠡᠷᠭᠡ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠬᠤᠷᠠᠯ ᠳᠤ ᠣᠷᠣᠯᠴᠠᠪᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号