︽ᠰᠥᠨᠢ ᠶᠢᠨ ᠠᠵᠤ ᠠᠬᠤᠢ︾ ᠥᠳᠬᠡᠨ ᠵᠤᠵᠠᠭᠠᠨ ᠪᠠᠶᠢᠨ᠎ᠠ
ᠨᠡᠶᠢᠲᠡᠯᠡᠭᠰᠡᠨ ᠴᠠᠭ᠄
2024/7/3
    ᠶᠠᠭ ᠰᠠᠶᠢᠬᠠᠨ ᠠᠭᠠᠭᠢᠮ᠎ᠠ ᠬᠠᠯᠠᠭᠤᠨ ᠵᠤᠨ ᠬᠦᠷᠴᠦ ᠢᠷᠡᠨ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠲᠦᠰᠢᠶᠡᠲᠦ ᠠᠭᠤᠳᠠᠮ ᠲᠠᠯᠠᠪᠠᠢ ᠳᠤ ᠴᠥᠭᠡᠨ ᠪᠤᠰᠤ ᠰᠠᠭᠤᠭᠠᠯᠢ ᠠᠷᠠᠳ ᠤᠨ ᠵᠤᠨ ᠢ ᠵᠤᠤᠬᠠᠨ ᠨᠠᠮᠢᠷᠠᠬᠤ᠂ ᠰᠡᠯᠡᠭᠦᠴᠡᠨ ᠴᠡᠩᠭᠡᠯᠳᠦᠬᠦ᠂ ᠡᠴᠢᠭᠡ ᠡᠬᠡ ᠦᠷ᠎ᠡ ᠬᠡᠦᠬᠡᠳ ᠢᠶᠠᠷ ᠢᠶᠠᠨ ᠵᠤᠭᠠᠴᠠᠨ ᠨᠠᠭᠠᠳᠬᠤ ᠰᠠᠶᠢᠨ ᠭᠠᠵᠠᠷ ᠪᠣᠯᠵᠤ᠂ ᠬᠤᠲᠠ ᠪᠠᠯᠭᠠᠰᠤᠨ ᠤ ᠰᠥᠨᠢ ᠨᠠᠩ ︽ᠬᠤᠸᠠᠷ ᠫᠤᠤᠵᠢᠩ︾ ᠪᠣᠯᠤᠭᠰᠠᠨ ᠪᠠᠶᠢᠨ᠎ᠠ᠃    ᠣᠷᠣᠢ ᠪᠣᠯᠬᠤ ᠦᠶᠡᠰ᠂ ᠵᠤᠨ ᠤ ᠠᠭᠤᠷ ᠠᠮᠢᠰᠭᠤᠯ ᠠᠭᠠᠵᠢᠮ ᠢᠶᠠᠷ ᠠᠷᠢᠯᠤᠨ᠎ᠠ᠃ ᠥᠨᠳᠥᠷ ᠲᠣᠮᠣ ᠲᠦᠰᠢᠶᠡᠲᠦ ᠠᠭᠤᠳᠠᠮ ᠲᠠᠯᠠᠪᠠᠢ ᠳᠤ ᠬᠥᠮᠦᠨ ᠬᠠᠷ᠎ᠠ ᠨᠠᠭᠠᠰᠢ ᠴᠠᠭᠠᠰᠢ ᠰᠦᠯᠵᠢᠯᠳᠦᠵᠦ᠂ ᠨᠢᠳᠦ ᠭᠢᠯᠠᠰᠤᠮ᠎ᠠ ᠵᠤᠭ᠎ᠠ ᠴᠡᠩᠭᠡᠯ ᠤᠨ ᠲᠥᠬᠦᠭᠡᠷᠦᠮᠵᠢ ᠨᠢ ᠨᠢᠳᠦᠨ ᠳᠤ ᠦᠵᠡᠭᠳᠡᠨ᠂ ᠴᠠᠬᠢᠯᠭᠠᠨ ᠢᠶᠠᠷ ᠲᠡᠷᠭᠡ ᠨᠠᠭᠠᠳᠬᠤ᠂ ᠫᠢᠯᠠ ᠦᠰᠦᠷᠬᠦ ᠣᠷᠣ᠂ ᠴᠠᠭᠠᠷᠢᠭ ᠲᠣᠭᠤᠷᠢᠭᠤᠯ᠂ ᠵᠤᠭᠠᠩ ᠤᠨ ᠬᠡᠷᠢᠶ᠎ᠡ ᠲᠦᠷᠬᠢᠬᠦ᠂ ᠬᠡᠢ ᠪᠥᠮᠪᠦᠭᠡ ᠶᠢᠨ ᠫᠤᠤᠳᠠᠯᠭ᠎ᠠ ᠵᠡᠷᠭᠡ ᠳᠡᠯᠭᠡᠴᠡ ᠶᠢᠨ ᠣᠷᠣ ᠶᠢ ᠳᠡᠰ ᠳᠠᠷᠠᠭᠠᠯᠠᠨ ᠡᠮᠬᠢ ᠵᠢᠷᠤᠮ ᠲᠠᠢ ᠵᠢᠭᠰᠠᠵᠤ ᠪᠠᠶᠢᠯ᠎ᠠ᠃ ᠲᠦᠰᠢᠶᠡᠲᠦ ᠠᠭᠤᠳᠠᠮ ᠲᠠᠯᠠᠪᠠᠢ ᠳᠤ ᠡᠴᠢᠭᠡ ᠡᠬᠡ ᠦᠷ᠎ᠡ ᠬᠡᠦᠬᠡᠳ ᠤᠨ ᠵᠤᠭ᠎ᠠ ᠴᠡᠩᠭᠡᠯ ᠢ ᠲᠣᠪᠤᠶᠢᠮ᠎ᠠ ᠪᠣᠢ ᠪᠣᠯᠭᠠᠵᠤ᠂ ᠵᠤᠭ᠎ᠠ ᠴᠡᠩᠭᠡᠯ ᠤᠨ ᠪᠡᠶᠡᠴᠢᠯᠡᠨ ᠣᠶᠢᠯᠠᠭᠠᠬᠤ ᠲᠥᠷᠥᠯ ᠵᠦᠢᠯ ᠢ ᠲᠠᠯᠠᠪᠠᠢ ᠳᠤ ᠨᠡᠭᠦᠯᠭᠡᠵᠦ᠂ ᠭᠡᠷ ᠤᠨ ᠠᠬᠠᠮᠠᠳ ᠪᠣᠯᠤᠨ ᠬᠡᠦᠬᠡᠳ ᠢ ︽ᠭᠡᠷ ᠤᠨ ᠡᠭᠦᠳᠡ︾ ᠳᠤ ᠬᠠᠮᠲᠤ ᠪᠠᠷ ᠪᠠᠶᠠᠷ ᠬᠦᠷ ᠲᠠᠢ ᠡᠴᠢᠭᠡ ᠡᠬᠡ ᠦᠷ᠎ᠡ ᠬᠡᠦᠬᠡᠳ ᠤᠨ ᠴᠠᠭ ᠬᠤᠭᠤᠴᠠᠭ᠎ᠠ ᠶᠢ ᠥᠩᠭᠡᠷᠡᠭᠦᠯᠪᠡ᠃    ᠪᠢᠴᠢᠬᠠᠨ ᠨᠠᠶᠢᠵᠠ ᠸᠠᠩ ᠽᠢ ᠢ ᠭᠡᠷ ᠤᠨ ᠠᠬᠠᠮᠠᠳ ᠤᠨ ᠪᠠᠷ᠎ᠠ ᠪᠣᠯᠣᠯᠭ᠎ᠠ ᠲᠠᠢ ᠪᠠᠷ ᠠᠭᠤᠳᠠᠮ ᠲᠠᠯᠠᠪᠠᠢ ᠳᠡᠭᠡᠷ᠎ᠡ ᠡᠷ ᠢᠶᠡ ᠴᠢᠵᠦ ᠵᠤᠭᠠᠩ ᠵᠢᠷᠤᠵᠤ ᠪᠠᠶᠢᠯ᠎ᠠ᠂ ᠨᠢᠭᠡ ᠪᠦᠯᠦᠭ ᠬᠡᠦᠬᠡᠳ ᠬᠦᠷᠢᠶᠡᠯᠡᠨ ᠰᠠᠭᠤᠵᠤ ᠥᠪᠡᠷ ᠢᠶᠠᠨ ᠲᠦᠷᠬᠢᠭᠰᠡᠨ ᠵᠤᠭᠠᠩ ᠢᠶᠠᠨ ᠬᠠᠷᠢᠯᠴᠠᠨ ᠳᠡᠯᠭᠡᠨ ᠦᠵᠡᠭᠦᠯᠪᠡ᠃ ︽ᠡᠨᠡ ᠡᠳᠦᠷ ᠡᠵᠢ ᠲᠠᠢ ᠪᠠᠨ ᠬᠠᠮᠲᠤ ᠵᠤᠭᠠᠩ ᠤᠨ ᠬᠡᠦᠬᠡᠯᠳᠡᠢ ᠨᠠᠭᠠᠳᠴᠤ ᠪᠠᠶᠢᠨ᠎ᠠ᠂ ᠨᠠᠳᠠᠳᠤ ᠲᠤᠩ ᠰᠣᠨᠢᠷᠬᠠᠯᠲᠠᠢ ᠰᠠᠨᠠᠭᠳᠠᠵᠤ ᠪᠠᠶᠢᠨ᠎ᠠ᠂ ᠪᠢ ᠵᠤᠭᠠᠩ ᠤᠨ ᠬᠡᠦᠬᠡᠳ ᠲᠤ ᠥᠩᠭᠡ ᠪᠤᠳᠤᠭ ᠲᠦᠷᠬᠢᠵᠦ ᠥᠭᠭᠦᠶ᠎ᠡ᠂ ᠪᠢ ᠳᠠᠷᠠᠭ᠎ᠠ ᠤᠳᠠᠭ᠎ᠠ ᠪᠠᠰᠠ ᠢᠷᠡᠵᠦ ᠨᠠᠭᠠᠳᠴᠤ ᠪᠣᠯᠤᠨ᠎ᠠ︾ ᠬᠡᠵᠤ ᠸᠠᠩ ᠽᠢ ᠢ ᠬᠡᠯᠡᠪᠡ᠃    ᠬᠤᠰᠢᠭᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠪᠠᠶᠠᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠵᠤᠤ ᠪᠦᠦ᠄ ︽ᠮᠠᠨ ᠤ ᠭᠡᠷ ᠠᠭᠤᠳᠠᠮ ᠲᠠᠯᠠᠪᠠᠢ ᠶᠢᠨ ᠣᠷᠴᠢᠮ ᠰᠠᠭᠤᠵᠤ ᠪᠠᠶᠢᠨ᠎ᠠ᠂ ᠤᠴᠢᠷ ᠦᠭᠡᠢ ᠦᠶ᠎ᠡ ᠳᠤ ᠪᠢ ᠭᠡᠷ ᠤᠨ ᠬᠥᠮᠦᠰ ᠢᠶᠠᠨ ᠳᠠᠭᠠᠭᠤᠯᠤᠨ ᠠᠭᠤᠳᠠᠮ ᠲᠠᠯᠠᠪᠠᠢ ᠶᠢᠨ ᠠᠳᠡ ᠣᠴᠢᠵᠤ ᠨᠠᠭᠠᠳᠤᠨ᠎ᠠ᠂ ᠠᠳᠡ ᠮᠠᠰᠢ ᠬᠥᠷ ᠨᠠᠷᠭᠢᠶᠠᠨ ᠲᠠᠢ᠂ ᠪᠠᠭᠰᠢᠷᠠᠭ᠎ᠠ ᠲᠠᠢ᠂ ᠡᠯ᠎ᠡ ᠵᠦᠢᠯ ᠤᠨ ᠵᠤᠭ᠎ᠠ ᠴᠡᠩᠭᠡᠯ ᠤᠨ ᠲᠥᠬᠦᠭᠡᠷᠦᠮᠵᠢ ᠨᠢ ᠴᠥᠮ ᠪᠠᠶᠢᠨ᠎ᠠ᠂ ᠣᠷᠣᠢ ᠠᠳᠡ ᠢᠷᠡᠵᠦ ᠲᠣᠭᠤᠷᠢᠬᠤ ᠨᠢ ᠮᠠᠰᠢ ᠠᠮᠠᠷᠬᠠᠨ︾ ᠭᠡᠵᠦ ᠬᠡᠯᠡᠪᠡ᠃    ᠲᠦᠰᠢᠶᠡᠲᠦ ᠠᠭᠤᠳᠠᠮ ᠲᠠᠯᠠᠪᠠᠢ ᠳᠡᠭᠡᠷ᠎ᠡ 140 ᠭᠠᠷᠤᠢ ᠳᠡᠯᠭᠡᠴᠡ ᠲᠠᠢ᠂ ᠡᠵᠡᠩᠨᠡᠭᠴᠢ ᠵᠣᠴᠢᠳ ᠲᠤ ᠬᠠᠯᠠᠭᠤᠨ ᠰᠡᠳᠬᠢᠯᠭᠡ ᠪᠠᠷ ᠦᠢᠯᠡᠴᠢᠯᠡᠭᠡ ᠬᠠᠩᠭᠠᠵᠤ᠂ ᠡᠯᠪᠡᠭ ᠪᠠᠶᠠᠯᠢᠭ ᠵᠤᠭ᠎ᠠ ᠴᠡᠩᠭᠡᠯ ᠤᠨ ᠲᠥᠷᠥᠯ ᠵᠦᠢᠯ ᠬᠠᠩᠭᠠᠬᠤ ᠪᠠᠷ ᠳᠠᠮᠵᠢᠨ ᠵᠤᠭᠠᠴᠠᠭᠰᠠᠳ ᠤᠨ ᠬᠥᠯ ᠵᠣᠭᠰᠣᠵᠤ᠂ ᠪᠡᠶᠡᠴᠢᠯᠡᠨ ᠣᠶᠢᠯᠠᠭᠠᠬᠤ᠂ ᠬᠡᠷᠡᠭᠯᠡᠭᠡ ᠬᠢᠵᠦ᠂ ᠦᠢᠯᠡᠴᠢᠯᠡᠭᠡᠨ ᠤ ᠵᠠᠭᠪᠤᠷ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠣᠯᠠᠨ ᠤ ᠵᠤᠭ᠎ᠠ ᠴᠡᠩᠭᠡᠯ ᠤᠨ ᠬᠡᠷᠡᠭᠴᠡᠭᠡ ᠶᠢ ᠬᠠᠩᠭᠠᠵᠤ᠂ ᠪᠠᠶᠠᠷ ᠬᠥᠷ ᠢᠶᠠᠷ ᠪᠢᠯᠬᠠᠵᠤ᠂ ᠪᠦᠬᠦ᠋ᠢᠯᠡ ᠲᠠᠯᠠᠪᠠᠢ ᠳᠤ ᠬᠥᠷ ᠬᠥᠭᠵᠢᠶᠡᠨ ᠲᠠᠢ ᠪᠠᠶᠢᠳᠠᠯ ᠢᠯᠡᠷᠡᠵᠡᠢ᠃    ᠠᠭᠤᠳᠠᠮ ᠲᠠᠯᠠᠪᠠᠢ ᠶᠢᠨ ᠬᠤᠳᠠᠯᠳᠤᠭᠠᠴᠢᠨ ᠡᠷᠦᠬᠡ ᠵᠠᠩ ᠱᠣ᠋ ᠮᠧᠢ ᠬᠡᠯᠡᠭᠰᠡᠨ ᠨᠢ᠄ ︽ᠵᠤᠨ ᠤ ᠠᠭᠤᠳᠠᠮ ᠲᠠᠯᠠᠪᠠᠢ ᠳᠠᠬᠢ ᠬᠥᠮᠦᠨ ᠨᠡᠯᠢᠶᠡᠳ ᠣᠯᠠᠨ᠂ ᠪᠢᠴᠢᠬᠠᠨ ᠨᠠᠶᠢᠵᠠ ᠴᠤ ᠮᠠᠰᠢ ᠣᠯᠠᠨ ᠪᠠᠶᠢᠳᠠᠭ᠂ ᠪᠢ ᠭᠤᠣᠯᠳᠠᠭᠤ ᠴᠠᠬᠢᠯᠭᠠᠨ ᠲᠣᠭᠯᠠᠭᠠᠮ ᠡᠵᠡᠩᠨᠡᠵᠦ᠂ ᠨᠠᠳᠠ ᠳᠤ ᠵᠣᠬᠢᠬᠤ ᠣᠷᠣᠯᠭ᠎ᠠ ᠠᠪᠴᠢᠷᠠᠵᠤ ᠥᠭᠭᠦᠨ᠎ᠡ︾ ᠭᠡᠪᠡ᠃    ᠣᠶᠢᠷ᠎ᠠ ᠶᠢᠨ ᠵᠢᠯ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠬᠤᠲᠠ ᠶᠢᠨ ᠰᠥᠨᠢ ᠶᠢᠨ ᠬᠡᠷᠡᠭᠯᠡᠭᠡᠨ ᠤ ᠳᠠᠯᠳᠠ ᠬᠦᠴᠦᠨ ᠢ ᠲᠠᠰᠤᠷᠠᠯᠲᠠ ᠥᠬᠡᠶ ᠠᠭᠤᠳᠠᠯᠵᠤ᠂ ᠪᠠᠷᠠᠭ᠎ᠠ ᠬᠤᠳᠠᠯᠳᠤᠨ ᠠᠪᠬᠤ ᠵᠤᠭ᠎ᠠ ᠴᠡᠩᠭᠡᠯ ᠂ ᠠᠮᠲᠠᠲᠤ ᠢᠳᠡᠭᠡᠨ ᠤᠮᠳᠠᠭᠠᠨ᠂ ᠰᠣᠶᠣᠯ ᠤᠨ ᠦᠵᠡᠭᠳᠡᠯ ᠵᠡᠷᠭᠡ ᠲᠠᠯ᠎ᠠ ᠪᠠᠷ ᠰᠥᠨᠢ ᠶᠢᠨ ᠬᠡᠷᠡᠭᠯᠡᠭᠡᠨ ᠤ ᠣᠷᠣᠨ ᠵᠠᠢ ᠶᠢ ᠥᠷᠭᠡᠳᠬᠡᠵᠦ᠂ ︽ᠰᠥᠨᠢ ᠶᠢᠨ ᠠᠵᠤ ᠠᠬᠤᠢ︾ ᠶᠢᠨ ᠬᠠᠯᠠᠭᠤᠨ ᠬᠡᠮᠵᠢᠶ᠎ᠡ ᠶᠢ ᠦᠷᠭᠦᠯᠵᠢᠯᠡᠨ ᠬᠥᠭᠵᠢᠭᠡᠵᠦ᠂ ᠰᠠᠭᠤᠭᠠᠯᠢ ᠠᠷᠠᠳ ᠤᠨ ᠵᠤᠭᠠᠴᠠᠭᠰᠠᠳ ᠤᠨ ᠰᠥᠨᠢ ᠶᠢᠨ ᠬᠡᠷᠡᠭᠯᠡᠭᠡᠨ ᠤ ᠬᠡᠷᠡᠭᠴᠡᠭᠡ ᠶᠢ ᠤᠯᠠᠮ ᠨᠢᠭᠡ ᠠᠯᠬᠤᠮ ᠬᠠᠩᠭᠠᠵᠤ᠂ ᠰᠥᠨᠢ ᠶᠢᠨ ᠬᠡᠷᠡᠭᠯᠡᠭᠡ ᠶᠢ ︽ᠬᠥᠭᠵᠢᠶᠡᠨᠲᠡᠢ︾ ᠪᠣᠯᠭᠠᠪᠠ᠃    ᠣᠶᠢᠯᠠᠭᠠᠭᠰᠠᠨ ᠢᠶᠠᠷ᠂ ᠣᠳᠣᠬᠠᠨ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠥᠷᠯᠥᠭᠡ ᠶᠢᠨ ᠵᠠᠬ᠎ᠠ ᠳᠡᠯᠭᠡᠭᠦᠷ᠂ ᠰᠥᠨᠢ ᠶᠢᠨ ᠵᠠᠬ᠎ᠠ ᠳᠡᠯᠭᠡᠭᠦᠷ ᠤᠨ ᠳᠡᠯᠭᠡᠭᠦᠷ 180 ᠪᠠᠶᠢᠵᠤ᠂ ᠡᠵᠡᠩᠨᠡᠯᠲᠡ ᠶᠢᠨ ᠥᠮᠴᠢᠲᠡᠨ 565 ᠬᠥᠮᠦᠨ᠂ ᠡᠳᠦᠷ ᠤᠨ ᠠᠶᠠᠨᠴᠢᠳ ᠤᠨ ᠬᠡᠮᠵᠢᠶ᠎ᠡ 6000 ᠬᠥᠮᠦᠨ ᠪᠠᠶᠢᠵᠤ᠂ ᠡᠳᠦᠷ ᠤᠨ ᠠᠷᠠᠯᠵᠢᠶᠠᠨ ᠤ ᠬᠡᠮᠵᠢᠶ᠎ᠡ 20 ᠲᠦᠮᠡᠨ ᠲᠥᠭᠦᠷᠢᠭ ᠣᠷᠴᠢᠮ ᠬᠦᠷᠴᠦ᠂ ᠠᠷᠠᠳ ᠲᠤ ᠳᠥᠭᠦᠮ ᠦᠵᠡᠭᠦᠯᠬᠦ ᠲᠦᠷ ᠴᠠᠭ ᠤᠨ ᠳᠡᠯᠭᠡᠭᠦᠷ 6 ᠭᠠᠷᠭᠠᠵᠤ᠂ 75 ᠳᠡᠯᠭᠡᠭᠦᠷᠴᠢᠨ ᠣᠷᠣᠵᠤ ᠰᠠᠭᠤᠪᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号