ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠪᠠᠭᠠᠲᠤᠷ ᠲᠦᠯᠢᠶᠡᠮᠤᠳᠤ ᠪᠠᠯᠭᠠᠰᠤᠨ ᠳᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ ᠨᠠᠮ ᠤᠨ ᠬᠢᠴᠢᠶᠡᠯ ᠣᠷᠣᠪᠠ
ᠨᠡᠶᠢᠲᠡᠯᠡᠭᠰᠡᠨ ᠴᠠᠭ᠄
2024/7/3
   7 ᠰᠠᠷ᠎ᠠ ᠶᠢᠨ 2 ᠤᠨ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠪᠠᠭᠠᠲᠤᠷ ᠲᠦᠯᠢᠶᠡᠮᠤᠳᠤ ᠪᠠᠯᠭᠠᠰᠤᠨ ᠤ ᠨᠠᠮ ᠤᠨ ᠭᠡᠰᠢᠭᠦᠨ ᠺᠠᠳ᠋ᠷᠴᠤᠳ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ ᠨᠠᠮ ᠤᠨ ᠬᠢᠴᠢᠶᠡᠯ ᠣᠷᠣᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠬᠠᠢ ᠴᠢᠬᠤᠯᠠ ᠶᠠᠷᠢᠶ᠎ᠠ ᠪᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠭᠡᠰᠢᠭᠦᠨ ᠤ ᠰᠠᠬᠢᠯᠭ᠎ᠠ ᠪᠠᠲᠤ ᠶᠢᠨ ᠤᠬᠠᠮᠰᠠᠷ ᠢ ᠳᠡᠭᠡᠭᠰᠢᠯᠡᠭᠦᠯᠦᠨ᠂ ᠦᠵᠡᠯ ᠰᠠᠨᠠᠭᠠᠨ ᠤ ᠵᠡᠪᠰᠡᠭᠯᠡᠯ ᠢ ᠴᠢᠩᠭᠠᠳᠬᠠᠵᠤ᠂ ᠠᠵᠢᠯᠯᠠᠭᠠᠨ ᠤ ᠤᠬᠠᠮᠰᠠᠷ ᠢ ᠴᠢᠩᠭᠠᠳᠬᠠᠪᠠ᠃    ᠨᠠᠮ ᠤᠨ ᠬᠢᠴᠢᠶᠡᠯ ᠨᠢ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠳᠦᠷᠢᠮ︾ ᠤᠨ ᠴᠢᠬᠤᠯᠠ ᠠᠭᠤᠯᠭ᠎ᠠ᠂ ᠢᠯᠡ ᠲᠣᠳᠣ ᠣᠨᠴᠠᠯᠢᠭ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠬᠥᠭᠵᠢᠭᠦᠯᠬᠦ ᠶᠢ ᠠᠬᠢᠭᠤᠯᠬᠤ ᠴᠢᠬᠤᠯᠠ ᠠᠴᠢ ᠬᠤᠯᠪᠣᠭᠳᠠᠯ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠳᠦᠷᠢᠮ︾ ᠢ ᠲᠤᠭᠤᠰᠢᠯᠠᠭᠤᠯᠤᠨ ᠬᠡᠷᠡᠭᠵᠢᠭᠦᠯᠬᠦ ᠵᠡᠷᠭᠡ ᠲᠠᠯ᠎ᠠ ᠪᠠᠷ ᠬᠢᠴᠢᠶᠡᠯᠯᠡᠵᠦ᠂ ᠭᠦᠨ ᠳᠠᠪᠬᠤᠷᠭ᠎ᠠ ᠶᠢᠨ ᠣᠨᠣᠯ ᠤᠨ ᠮᠡᠳᠡᠯᠭᠡ ᠪᠠ ᠠᠵᠢᠯ ᠤᠨ ᠪᠣᠳᠣᠯᠬᠢᠯᠠᠯ ᠲᠠᠢ ᠪᠥᠭᠡᠳ ᠪᠠᠰᠠ ᠪᠣᠳᠠᠲᠠᠢ ᠦᠢᠯᠡᠳᠦᠯᠭᠡ ᠶᠢᠨ ᠲᠤᠷᠰᠢᠯᠭ᠎ᠠ ᠪᠠ ᠠᠵᠢᠯ ᠤᠨ ᠠᠷᠭ᠎ᠠ ᠬᠡᠮᠵᠢᠶ᠎ᠡ ᠲᠠᠢ ᠪᠠᠶᠢᠬᠤ ᠶᠢ ᠱᠠᠭᠠᠷᠳᠠᠬᠤ ᠶᠢᠨ ᠬᠠᠮᠲᠤ ᠪᠦᠬᠦ ᠨᠠᠮ ᠤᠨ ᠭᠡᠰᠢᠭᠦᠨ ᠢ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠳᠦᠷᠢᠮ︾ ᠢ ᠰᠤᠷᠤᠯᠴᠠᠬᠤ ᠶᠢ ᠵᠠᠪᠠᠯ ᠰᠤᠷᠬᠤ ᠬᠢᠴᠢᠶᠡᠯ᠂ ᠪᠠᠶᠢᠩᠭᠤ ᠰᠤᠷᠬᠤ ᠬᠢᠴᠢᠶᠡᠯ ᠪᠣᠯᠭᠠᠵᠤ᠂ ᠳᠦᠷᠢᠮ ᠲᠣᠭᠲᠠᠭᠠᠯ ᠶᠣᠰᠣᠭᠠᠷ ᠵᠤᠷᠪᠤᠰ ᠳᠠᠷᠠᠭᠠᠯᠠᠨ ᠰᠤᠷᠤᠯᠴᠠᠵᠤ᠂ ᠲᠠᠷᠢᠬᠢ ᠲᠣᠯᠣᠭᠠᠢ ᠳᠤ ᠬᠠᠳᠠᠩᠰᠢᠭᠤᠯᠤᠨ᠂ ᠭᠦᠨᠵᠡᠭᠡᠢ ᠰᠤᠷᠤᠯᠴᠠᠨ ᠪᠣᠳᠠᠲᠠᠢ ᠬᠢᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠦᠨᠡᠨᠬᠦ ᠡᠳᠦᠷ ᠲᠤᠲᠤᠮ ᠤᠨ ᠠᠵᠢᠯ ᠳᠤ ᠠᠭᠤᠰᠤᠯᠴᠠᠭᠤᠯᠵᠤ᠂ ᠪᠠᠶᠢᠩᠭᠤ ᠠᠳᠬᠤᠬᠤ ᠬᠡᠷᠡᠭᠲᠡᠢ ᠭᠡᠵᠦ ᠱᠠᠭᠠᠷᠳᠠᠪᠠ᠃    ᠪᠠᠭᠠᠲᠤᠷ ᠱᠦᠵᠢ ᠪᠠᠰᠠ ᠥᠪᠥᠷ ᠮᠣᠩᠭᠤᠯ ᠤᠨ ᠬᠥᠭᠵᠢᠯᠲᠡ ᠶᠢᠨ ᠶᠠᠪᠤᠴᠠ ᠶᠢ ᠪᠣᠳᠠᠲᠤ ᠵᠢᠱᠢᠶ᠎ᠡ ᠪᠠᠷ ᠳᠠᠮᠵᠢᠭᠤᠯᠤᠨ ᠲᠣᠳᠣᠷᠬᠠᠶᠢᠯᠠᠨ ᠥᠭᠦᠯᠡᠵᠦ᠂ ︽ᠵᠢᠷᠭᠤᠭᠠᠨ ᠦᠭᠡ ᠶᠢᠨ ᠪᠣᠳᠠᠲᠤ ᠶᠠᠪᠤᠳᠠᠯ ᠪᠠ ᠶᠣᠰᠣ︾ ᠶᠢᠨ ᠪᠠᠶᠠᠯᠢᠭ ᠠᠭᠤᠯᠤᠭᠳᠠᠬᠤᠨ ᠢ ᠭᠦᠨᠵᠡᠭᠡᠢ ᠪᠥᠭᠡᠳ ᠣᠶᠢᠯᠠᠭᠠᠮᠵᠢᠲᠠᠢ ᠵᠠᠳᠠᠯᠤᠨ ᠰᠢᠨᠵᠢᠯᠡᠵᠦ᠂ ᠣᠯᠠᠨ ᠢ ᠳᠠᠭᠠᠭᠤᠯᠤᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠣᠯᠠᠨ ᠲᠦᠮᠡᠨ ᠤ ᠲᠤᠬᠠᠢ ᠬᠠᠯᠠᠮᠵᠢᠯᠠᠯ ᠪᠠ ᠬᠦᠰᠡᠯ ᠡᠷᠡᠮᠡᠯᠵᠡᠯ ᠢ ᠨᠡᠩ ᠭᠦᠨᠵᠡᠭᠡᠢ ᠣᠶᠢᠯᠠᠭᠠᠨ ᠮᠡᠳᠡᠷᠡᠭᠦᠯᠵᠦ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠪᠠᠶᠢᠷᠢᠰᠢᠯ ᠢ ᠣᠶᠢᠯᠠᠭᠠᠪᠠ᠃ ᠲᠡᠷᠡ ᠴᠢᠬᠤᠯᠠᠴᠢᠯᠠᠭᠰᠠᠨ ᠨᠢ᠂ ᠦᠨᠳᠦᠰᠦᠨ ᠱᠠᠲᠤᠨ ᠤ ᠨᠠᠮ ᠤᠨ ᠭᠡᠰᠢᠭᠦᠨ ᠺᠠᠳ᠋ᠷ ᠪᠣᠯᠤᠭᠰᠠᠨ ᠤ ᠬᠤᠪᠢ ᠳᠤ᠂ ︽ᠵᠢᠷᠭᠤᠭᠠᠨ ᠦᠭᠡ ᠶᠢᠨ ᠪᠣᠳᠠᠲᠤ ᠶᠠᠪᠤᠳᠠᠯ ᠪᠠ ᠶᠣᠰᠣ︾ ᠶᠢ ᠪᠠᠲᠤ ᠴᠡᠭᠡᠵᠢᠯᠡᠵᠦ᠂ ᠲᠡᠭᠦᠨ ᠤ ᠰᠠᠨᠠᠭ᠎ᠠ ᠶᠢ ᠨᠡᠩ ᠣᠶᠢᠯᠠᠭᠠᠵᠤ᠂ ᠤᠴᠢᠷ ᠶᠣᠰᠣ ᠶᠢ ᠨᠡᠩ ᠲᠣᠳᠣᠷᠬᠠᠢ ᠣᠶᠢᠯᠠᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠣᠯᠠᠨ ᠲᠦᠮᠡᠨ ᠤ ᠲᠤᠬᠠᠢ ᠬᠠᠯᠠᠮᠵᠢᠯᠠᠯ ᠪᠠ ᠬᠦᠰᠡᠯ ᠡᠷᠡᠮᠡᠯᠵᠡᠯ ᠢ ᠭᠦᠨᠵᠡᠭᠡᠢ ᠣᠶᠢᠯᠠᠭᠠᠨ ᠮᠡᠳᠡᠷᠡᠵᠦ᠂ ᠨᠡᠩ ᠴᠤᠭ ᠪᠠᠳᠠᠷᠠᠩᠭᠤᠢ ᠲᠡᠮᠡᠴᠡᠯ ᠤᠨ ᠵᠣᠷᠢᠭ ᠢᠶᠠᠷ ᠦᠨᠳᠦᠰᠦᠨ ᠱᠠᠲᠤᠨ ᠤ ᠠᠵᠢᠯ ᠳᠤ ᠣᠷᠣᠯᠴᠠᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠦᠨᠳᠦᠰᠦᠨ ᠱᠠᠲᠤᠨ ᠤ ᠠᠵᠢᠯ ᠢ ᠰᠠᠶᠢᠲᠤᠷ ᠬᠢᠬᠦ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ᠃    ᠳᠠᠷᠠᠭ᠎ᠠ ᠨᠢ᠂ ᠪᠠᠭᠠᠲᠤᠷ ᠱᠦᠵᠢ ᠲᠦᠯᠢᠶᠡᠮᠤᠳᠤ ᠭᠠᠴᠠᠭ᠎ᠠ ᠳᠤ ᠬᠦᠷᠴᠦ ᠭᠠᠴᠠᠭᠠᠨ ᠤ ︽ᠬᠤᠶᠠᠷ ᠵᠥᠪᠯᠡᠯ︾᠂ ᠮᠠᠯᠴᠢᠨ ᠲᠠᠷᠢᠶᠠᠴᠢᠨ ᠨᠠᠮ ᠤᠨ ᠭᠡᠰᠢᠭᠦᠨ ᠢ ᠴᠤᠭᠯᠠᠭᠤᠯᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠨᠠᠮ ᠤᠨ ᠰᠠᠬᠢᠯᠭ᠎ᠠ ᠶᠢᠨ ᠰᠤᠷᠤᠯᠴᠠᠯᠭ᠎ᠠ ᠬᠥᠮᠦᠵᠢᠯ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠠᠮᠤᠷ ᠠᠮᠤᠭᠤᠯᠠᠩ ᠤᠨ ᠪᠠᠶᠢᠭᠤᠯᠤᠯᠲᠠ᠂ ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠵᠡᠷᠭᠡ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠢ ᠶᠠᠷᠢᠯᠴᠠᠪᠠ᠃ ᠡᠭᠦᠨ ᠤ ᠬᠠᠮᠲᠤ᠂ ᠪᠠᠭᠠᠲᠤᠷ ᠱᠦᠵᠢ ᠭᠠᠴᠠᠭᠠᠨ ᠤ ᠬᠤᠶᠢᠰᠢᠳᠠ ᠶᠢᠨ ᠬᠥᠭᠵᠢᠯᠲᠡ ᠶᠢᠨ ᠲᠥᠯᠥᠪᠵᠢᠭᠦᠯᠭᠡ ᠪᠣᠯᠤᠨ ᠣᠷᠣᠰᠢᠵᠤ ᠪᠠᠶᠢᠭ᠎ᠠ ᠠᠰᠠᠭᠤᠳᠠᠯ᠂ ᠬᠦᠴᠢᠷᠳᠡᠯ ᠳᠤ ᠴᠢᠭᠯᠡᠭᠦᠯᠦᠨ᠂ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠰᠠᠨᠠᠯ ᠰᠠᠨᠠᠭᠤᠯᠭ᠎ᠠ ᠳᠤᠷᠠᠳᠪᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号