ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ 2024 ᠣᠨ ᠤ ᠳᠡᠭᠡᠷ᠎ᠡ ᠬᠠᠭᠠᠰ ᠵᠢᠯ ᠤᠨ ᠠᠵᠢᠯ ᠤᠨ ᠳ᠋ᠦᠩᠨᠡᠯᠲᠡ ᠵᠢᠴᠢ ᠳᠣᠣᠷ᠎ᠠ ᠬᠠᠭᠠᠰ ᠵᠢᠯ ᠤᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/3
   2024 ᠣᠨ ᠤ ᠳᠡᠭᠡᠷ᠎ᠡ ᠬᠠᠭᠠᠰ ᠵᠢᠯ ᠤᠨ ᠠᠵᠢᠯ ᠢ ᠳ᠋ᠦᠩᠨᠡᠵᠦ᠂ ᠳᠣᠣᠷ᠎ᠠ ᠬᠠᠭᠠᠰ ᠵᠢᠯ ᠤᠨ ᠭᠤᠣᠯᠳᠠᠯᠭ᠎ᠠ ᠲᠠᠢ ᠡᠭᠦᠷᠭᠡ ᠶᠢ ᠳᠠᠬᠢᠨ ᠴᠢᠬᠤᠯᠠᠴᠢᠯᠠᠵᠤ᠂ ᠳᠠᠬᠢᠨ ᠠᠬᠢᠭᠤᠯᠵᠤ᠂ ᠳᠠᠬᠢᠨ ᠨᠠᠶᠢᠳᠠᠪᠤᠷᠢᠵᠢᠭᠤᠯᠬᠤ ᠶᠢᠨ ᠲᠥᠯᠥᠭᠡ᠂ 7 ᠰᠠᠷ᠎ᠠ ᠶᠢᠨ 2 ᠤᠨ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ 2024 ᠣᠨ ᠤ ᠳᠡᠭᠡᠷ᠎ᠡ ᠬᠠᠭᠠᠰ ᠵᠢᠯ ᠤᠨ ᠠᠵᠢᠯ ᠤᠨ ᠳ᠋ᠦᠩᠨᠡᠯᠲᠡ ᠵᠢᠴᠢ ᠳᠣᠣᠷ᠎ᠠ ᠬᠠᠭᠠᠰ ᠵᠢᠯ ᠤᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠸᠠᠩ ᠪᠦᠦ ᠴᠢᠦᠸᠡᠨ ᠨᠥᠬᠦᠷ ᠬᠤᠷᠠᠯ ᠢ ᠡᠷᠬᠢᠯᠡᠵᠦ᠂ ᠲᠣᠪᠴᠢᠶ᠎ᠠ ᠶᠢᠨ ᠤᠳᠤᠷᠢᠳᠬᠤ ᠪᠠᠭ᠂ ᠲᠥᠪ ᠤᠨ ᠡᠷᠬᠢᠯᠡᠭᠴᠢ᠂ ᠡᠯ᠎ᠡ ᠲᠠᠰᠤᠭ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃    ᠬᠤᠷᠠᠯ ᠳᠡᠭᠡᠷ᠎ᠡ᠂ ᠡᠯ᠎ᠡ ᠲᠠᠰᠤᠭ ᠳᠡᠭᠡᠷ᠎ᠡ ᠬᠠᠭᠠᠰ ᠵᠢᠯ ᠤᠨ ᠠᠵᠢᠯ ᠢᠶᠠᠨ ᠪᠡᠶᠡᠯᠡᠭᠦᠯᠦᠭᠰᠡᠨ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠪᠣᠯᠤᠨ ᠳᠣᠣᠷ᠎ᠠ ᠬᠠᠭᠠᠰ ᠵᠢᠯ ᠤᠨ ᠠᠵᠢᠯ ᠤᠨ ᠲᠥᠯᠥᠪᠯᠡᠭᠡ ᠶᠢᠨ ᠲᠣᠭᠤᠷᠢᠨ ᠳᠤ ᠨᠠᠷᠢᠨ ᠨᠢᠭᠲᠠ ᠬᠠᠷᠢᠭᠤ ᠮᠡᠳᠡᠭᠦᠯᠦᠯᠲᠡ ᠬᠢᠪᠡ᠃ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠬᠤᠪᠢᠳᠠᠨ ᠬᠠᠮᠢᠶᠠᠷᠴᠤ ᠪᠠᠶᠢᠭ᠎ᠠ ᠲᠠᠰᠤᠭ ᠤᠨ ᠬᠠᠷᠢᠭᠤ ᠮᠡᠳᠡᠭᠦᠯᠦᠯᠲᠡ ᠶᠢᠨ ᠪᠠᠶᠢᠳᠠᠯ ᠢ ᠳ᠋ᠦᠩᠨᠡᠬᠦ ᠪᠠ ᠨᠥᠬᠦᠪᠥᠷᠢᠯᠡᠨ᠎ᠡ᠃ ᠸᠠᠩ ᠪᠦᠦ ᠴᠢᠦᠸᠡᠨ ᠨᠥᠬᠦᠷ ᠡᠯ᠎ᠡ ᠲᠠᠰᠤᠭ ᠤᠨ ᠠᠵᠢᠯ ᠢ ᠪᠡᠶᠡᠯᠡᠭᠦᠯᠦᠭᠰᠡᠨ ᠪᠠᠶᠢᠳᠠᠯ ᠢ ᠦᠨᠡᠯᠡᠵᠦ᠂ ᠠᠵᠢᠯ ᠤᠨ ᠠᠮᠵᠢᠯᠲᠠ ᠶᠢ ᠨᠤᠲᠠᠯᠠᠭᠰᠠᠨ ᠪᠥᠭᠡᠳ ᠬᠦᠷᠦᠯᠴᠡᠬᠦ ᠦᠭᠡᠢ ᠲᠠᠯ᠎ᠠ ᠶᠢ ᠵᠢᠭᠠᠵᠤ ᠭᠠᠷᠭᠠᠭᠰᠠᠨ ᠪᠥᠭᠡᠳ ᠳᠣᠣᠷ᠎ᠠ ᠬᠠᠭᠠᠰ ᠵᠢᠯ ᠤᠨ ᠡᠯ᠎ᠡ ᠵᠦᠢᠯ ᠤᠨ ᠠᠵᠢᠯ ᠳᠤ ᠲᠣᠳᠣᠷᠬᠠᠢ ᠱᠠᠭᠠᠷᠳᠠᠯᠭ᠎ᠠ ᠳᠤᠷᠠᠳᠴᠠᠢ᠃    ᠬᠤᠷᠠᠯ ᠠᠴᠠ ᠵᠢᠭᠠᠵᠤ ᠭᠠᠷᠭᠠᠭᠰᠠᠨ ᠨᠢ᠂ 2024 ᠣᠨ ᠤ ᠳᠡᠭᠡᠷ᠎ᠡ ᠬᠠᠭᠠᠰ ᠵᠢᠯ ᠳᠤ ᠪᠦᠬᠦ ᠡᠮᠴᠢᠯᠡᠭᠡᠨ ᠤ ᠳᠠᠭᠠᠳᠬᠠᠯ ᠤᠨ ᠺᠠᠳ᠋ᠷ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠡᠷᠡᠯᠬᠡᠭᠯᠡᠨ ᠲᠡᠮᠡᠴᠡᠵᠦ᠂ ᠡᠮᠴᠢᠯᠡᠭᠡᠨ ᠤ ᠪᠠᠲᠤᠯᠠᠭ᠎ᠠ ᠶᠢᠨ ᠡᠯ᠎ᠡ ᠵᠦᠢᠯ ᠤᠨ ᠠᠵᠢᠯ ᠢ ᠯᠠᠪᠳᠠᠭᠤᠨ ᠢᠶᠠᠷ ᠠᠬᠢᠭᠤᠯᠵᠤ᠂ ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ ᠥᠷᠭᠡᠳᠬᠡᠬᠦ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ᠂ ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ᠂ ᠬᠠᠷᠠᠭᠠᠯᠵᠠᠯ ᠤᠨ ᠪᠠᠲᠤᠯᠠᠭ᠎ᠠ ᠶᠢ ᠳᠡᠭᠡᠭᠰᠢᠯᠡᠭᠦᠯᠬᠦ᠂ ᠭᠠᠷᠲᠠᠨ ᠭᠦᠢᠴᠡᠳᠬᠡᠬᠦ ᠦᠢᠯᠡᠴᠢᠯᠡᠭᠡ ᠶᠢ ᠰᠢᠯᠢᠳᠡᠭᠵᠢᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠲᠠᠯ᠎ᠠ ᠪᠠᠷ ᠵᠣᠬᠢᠬᠤ ᠦᠷ᠎ᠡ ᠪᠦᠲᠦᠮᠵᠢ ᠣᠯᠵᠤ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃    ᠬᠤᠷᠠᠯ ᠠᠴᠠ ᠱᠠᠭᠠᠷᠳᠠᠭᠰᠠᠨ ᠨᠢ᠂ ᠳᠣᠣᠷ᠎ᠠ ᠬᠠᠭᠠᠰ ᠵᠢᠯ ᠤᠨ ᠪᠦᠬᠦ ᠲᠠᠯ᠎ᠠ ᠶᠢᠨ ᠠᠵᠢᠯ ᠢ ᠦᠷᠭᠦᠯᠵᠢᠯᠡᠨ ᠠᠷᠠᠳ ᠲᠦᠮᠡᠨ ᠤ ᠡᠷᠡᠭᠦᠯ ᠮᠡᠨᠳᠦ ᠪᠠᠷ ᠭᠤᠣᠯ ᠪᠣᠯᠭᠠᠵᠤ᠂ ᠠᠷᠠᠳ ᠤᠨ ᠠᠮᠢᠳᠤᠷᠠᠯ ᠳᠤ ᠦᠢᠯᠡᠴᠢᠯᠡᠬᠦ ᠪᠠᠷ ᠵᠣᠷᠢᠯᠭ᠎ᠠ ᠪᠣᠯᠭᠠᠵᠤ᠂ ᠭᠤᠣᠯ ᠶᠡᠭᠡ ᠲᠠᠯ᠎ᠠ ᠶᠢᠨ ᠲᠣᠭᠤᠷᠢᠨ ᠳᠤ ᠪᠦᠬᠦ ᠬᠤᠰᠢᠭᠤᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠨᠢᠭᠡ ᠳᠤ᠂ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠲᠤᠪᠤᠶᠢᠯᠭᠠᠪᠠ᠃ ᠨᠠᠮ ᠤᠨ ᠬᠤᠷᠢᠳᠤᠭᠠᠷ ᠶᠡᠭᠡ ᠬᠤᠷᠠᠯ᠂ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠢ ᠰᠤᠷᠤᠯᠴᠠᠨ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠪᠣᠯᠤᠨ ᠡᠮ ᠡᠮᠨᠡᠯᠭᠡ ᠶᠢᠨ ᠪᠠᠲᠤᠯᠠᠭ᠎ᠠ ᠶᠢᠨ ᠠᠵᠢᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠵᠤ ᠳᠠᠭᠤᠰᠬᠠᠨ᠎ᠠ᠃ ᠬᠤᠶᠠᠷ ᠲᠤ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠬᠦᠴᠦᠨ ᠴᠢᠳᠠᠪᠤᠷᠢ ᠶᠢ ᠴᠢᠩᠭᠠᠳᠬᠠᠨ᠎ᠠ᠃ ᠤᠯᠤᠰ ᠤᠨ ᠲᠠᠪᠴᠠᠩ ᠳᠤ ᠳᠡᠪᠰᠢᠭᠦᠯᠦᠭᠰᠡᠨ ᠠᠰᠠᠭᠤᠳᠠᠯ ᠤᠨ ᠰᠦᠪᠡᠭᠴᠢ ᠶᠢ ᠵᠦᠢᠯ ᠵᠤᠷᠪᠤᠰ ᠳᠠᠷᠠᠭᠠᠯᠠᠨ ᠰᠢᠢᠳᠪᠦᠷᠢᠯᠡᠵᠦ᠂ ᠠᠵᠢᠯᠲᠠᠨ ᠠᠵᠢᠯᠴᠢᠨ ᠤ ᠡᠭᠦᠳᠡᠨ ᠡᠮᠨᠡᠯᠭᠡ ᠶᠢᠨ ︽ᠵᠠᠭᠤᠨ ᠡᠳᠦᠷ ᠤᠨ ᠪᠣᠭᠤᠮᠲᠠ ᠰᠢᠪᠲᠤᠯᠬᠤ︾ ᠠᠵᠢᠯᠯᠠᠭ᠎ᠠ ᠶᠢ ᠨᠢᠭᠡᠳᠦᠯᠲᠡᠢ ᠲᠥᠯᠥᠪᠵᠢᠭᠦᠯᠬᠦ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ᠂ ᠨᠢᠭᠡ ᠠᠴᠠ ᠵᠦᠢᠴᠢᠯᠡᠵᠦ ᠨᠥᠭᠦᠭᠡ ᠶᠢ ᠮᠡᠳᠡᠵᠦ᠂ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠡᠷᠴᠢᠮ ᠢ ᠪᠦᠬᠦ ᠬᠦᠴᠦᠨ ᠢᠶᠠᠷ ᠢᠶᠠᠨ ᠴᠢᠩᠭᠠᠷᠠᠭᠤᠯᠵᠤ᠂ ᠰᠠᠭᠤᠷᠢ ᠮᠥᠩᠭᠦ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠪᠠᠶᠢᠩᠭᠤᠵᠢᠭᠤᠯᠬᠤ ᠶᠢ ᠪᠡᠶᠡᠯᠡᠭᠦᠯᠦᠨ᠎ᠡ᠃ ᠭᠤᠷᠪᠠ ᠳᠤ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ︽ᠣᠷᠣᠯᠭ᠎ᠠ ᠪᠠᠷ ᠵᠠᠷᠤᠯᠭ᠎ᠠ ᠶᠢ ᠲᠣᠭᠲᠠᠭᠠᠬᠤ᠂ ᠣᠷᠣᠯᠭ᠎ᠠ ᠵᠠᠷᠤᠯᠭ᠎ᠠ ᠶᠢ ᠲᠡᠩᠴᠡᠭᠦᠷᠢᠲᠡᠢ ᠪᠠᠶᠢᠯᠭᠠᠬᠤ᠂ ᠪᠠᠭ᠎ᠠ ᠦᠯᠡᠳᠡᠪᠦᠷᠢ ᠲᠠᠢ ᠪᠠᠶᠢᠬᠤ︾ ᠵᠠᠷᠴᠢᠮ ᠢ ᠪᠠᠷᠢᠮᠲᠠᠯᠠᠨ᠂ ᠰᠠᠭᠤᠷᠢ ᠮᠥᠩᠭᠦ ᠶᠢᠨ ᠠᠵᠢᠯᠯᠠᠭᠠᠨ ᠤ ᠵᠠᠳᠠᠯᠤᠯᠲᠠ ᠶᠢ ᠰᠠᠶᠢᠲᠤᠷ ᠬᠢᠵᠦ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠵᠦᠢ ᠵᠣᠬᠢᠰᠲᠠᠢ ᠬᠤᠪᠢᠶᠠᠷᠢᠯᠠᠨ᠂ ᠰᠠᠭᠤᠷᠢ ᠮᠥᠩᠭᠦ ᠶᠢᠨ ᠲᠣᠭᠲᠠᠭᠤᠨ ᠢᠶᠠᠷ ᠠᠵᠢᠯᠯᠠᠬᠤ ᠶᠢ ᠦᠨᠡᠨᠬᠦ ᠪᠠᠲᠤᠯᠠᠬᠤ ᠬᠡᠷᠡᠭᠲᠡᠢ᠃ ᠳᠥᠷᠪᠡ ᠳᠤ᠂ ᠭᠠᠷᠲᠠᠨ ᠭᠦᠢᠴᠡᠳᠬᠡᠬᠦ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠭᠠᠷᠲᠠᠨ ᠭᠦᠢᠴᠡᠳᠬᠡᠬᠦ ᠦᠢᠯᠡᠴᠢᠯᠡᠭᠡᠨ ᠤ ᠴᠤᠪᠤᠷᠠᠯ ᠢ ᠵᠢᠷᠤᠮᠵᠢᠭᠤᠯᠵᠤ᠂ ᠴᠣᠩᠬᠤᠪᠴᠢ ᠶᠢᠨ ᠠᠵᠢᠯᠲᠠᠨ ᠤ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠴᠢᠩᠭᠠᠳᠬᠠᠨ᠂ ᠲᠤᠬᠠᠶᠢᠯᠠᠭᠰᠠᠨ ᠠᠵᠢᠯ ᠳᠤ ᠴᠠᠭᠠᠷᠠᠭᠰᠠᠨ ᠭᠠᠷᠲᠠᠨ ᠭᠦᠢᠴᠡᠳᠬᠡᠬᠦ ᠴᠢᠳᠠᠪᠤᠷᠢᠲᠠᠨ ᠢ ᠪᠤᠢ ᠪᠣᠯᠭᠠᠨ᠎ᠠ᠃ ᠲᠠᠪᠤ ᠳᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠮᠴᠢᠯᠡᠭᠡᠨ ᠤ ᠪᠠᠲᠤᠯᠠᠭ᠎ᠠ ᠶᠢᠨ ᠲᠦᠪᠰᠢᠨ ᠢ ᠪᠠᠬᠢᠵᠢᠭᠦᠯᠦᠨ ᠳᠡᠭᠡᠭᠰᠢᠯᠡᠭᠦᠯᠬᠦ ᠬᠡᠷᠡᠭᠲᠡᠢ᠃ ︽ᠭᠤᠷᠪᠠᠨ ᠴᠢᠬᠤᠯᠠ ᠪᠠᠲᠤᠯᠠᠭ᠎ᠠ︾ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠣᠷᠣᠯᠭ᠎ᠠ ᠪᠠᠭᠠᠲᠠᠢ ᠬᠥᠮᠦᠨ ᠠᠮᠠ ᠳᠤ ᠬᠥᠳᠡᠯᠦᠩᠭᠦᠢ ᠲᠣᠬᠢᠷᠠᠭᠤᠯᠤᠯᠲᠠ ᠬᠢᠬᠦ ᠶᠢ ᠴᠠᠭ ᠲᠤᠬᠠᠢ ᠳᠤᠨᠢ ᠪᠡᠶᠡᠯᠡᠭᠦᠯᠵᠦ᠂ ᠡᠪᠡᠳᠴᠢᠨ ᠠᠴᠠ ᠪᠣᠯᠵᠤ ᠶᠠᠳᠠᠭᠤᠷᠠᠬᠤ ᠪᠠ ᠳᠠᠬᠢᠨ ᠶᠠᠳᠠᠭᠤᠷᠠᠬᠤ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃ ᠵᠢᠷᠭᠤᠭ᠎ᠠ ᠳᠤ᠂ ᠡᠮᠴᠢᠯᠡᠭᠡᠨ ᠤ ᠦᠢᠯᠡᠴᠢᠯᠡᠭᠡᠨ ᠤ ᠬᠠᠮᠢᠶᠠᠷᠤᠯᠲᠠ ᠶᠢ ᠦᠷᠭᠦᠯᠵᠢᠯᠡᠨ ᠰᠢᠯᠢᠳᠡᠭᠵᠢᠭᠦᠯᠦᠨ᠎ᠡ᠃ ︽ᠬᠤᠶᠠᠷ ᠢ ᠲᠣᠭᠲᠠᠭᠠᠬᠤ ᠬᠡᠯᠡᠯᠴᠡᠭᠡᠷ︾ ᠤᠨ ᠬᠠᠮᠢᠶᠠᠷᠤᠯᠲᠠ ᠶᠢ ᠴᠢᠩᠭᠠᠳᠬᠠᠵᠤ᠂ ᠨᠢᠭᠲᠠ ᠬᠡᠯᠪᠡᠷᠢ ᠶᠢᠨ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠡᠮ ᠤᠨ ᠵᠦᠢᠯ ᠤᠨ ᠬᠤᠷᠣᠭᠳᠠᠯ ᠮᠠᠲ᠋ᠧᠷᠢᠶᠠᠯ ᠢ ᠨᠢᠭᠡᠳᠦᠯᠲᠡᠢ ᠬᠤᠳᠠᠯᠳᠤᠨ ᠠᠪᠬᠤ ᠠᠵᠢᠯ ᠢ ᠰᠠᠶᠢᠲᠤᠷ ᠬᠢᠵᠦ᠂ DIP ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠠᠬᠢᠭᠤᠯᠤᠨ᠂ 12 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠭᠠᠴᠠᠭᠠᠨ ᠤ ᠡᠷᠡᠭᠦᠯ ᠬᠠᠮᠠᠭᠠᠯᠠᠯ ᠤᠨ ᠲᠠᠰᠤᠭ ᠢ ᠡᠮᠴᠢᠯᠡᠭᠡᠨ ᠤ ᠳᠠᠭᠠᠳᠬᠠᠯ ᠤᠨ ᠲᠣᠭᠲᠠᠭᠰᠠᠨ ᠴᠡᠭ ᠤᠨ ᠬᠠᠮᠤᠷᠬᠤ ᠨᠣᠷᠮ᠎ᠠ ᠶᠢ 70% ᠳᠤ ᠬᠦᠷᠦᠭᠦᠯᠬᠦ ᠪᠠᠷ ᠴᠢᠷᠮᠠᠶᠢᠨ᠎ᠠ᠃ ᠳᠣᠯᠤᠭ᠎ᠠ ᠳᠤ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠤᠨ᠎ᠠ᠃ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠥᠷᠭᠡᠨ ᠣᠯᠠᠨ ᠲᠦᠮᠡᠨ ᠤ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠣᠶᠢᠯᠠᠭᠠᠬᠤ ᠨᠣᠷᠮ᠎ᠠ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号