ᠬᠤᠰᠢᠭᠤᠨ ᠤ ᠨᠠᠮ ᠤᠨ ᠬᠤᠷᠢᠶᠠᠨ ᠤ ᠱᠦᠵᠢ ᠼᠠᠢ ᠪᠦᠦ ᠵᠢᠶᠦ᠋ᠨ ᠨᠡᠷ ᠰᠢᠨᠠᠵᠠᠮ ᠰᠤᠮᠤ ᠳᠤ ᠭᠦᠨᠵᠡᠭᠡᠶᠢᠷᠡᠨ ᠣᠳᠣᠬᠠᠨ ᠤ ᠭᠤᠣᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2024/7/3
   7 ᠰᠠᠷ᠎ᠠ ᠶᠢᠨ 2 ᠤᠨ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠼᠠᠢ ᠪᠦᠦ ᠵᠢᠶᠦ᠋ᠨ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠤ ᠨᠠᠮ ᠤᠨ ᠬᠤᠷᠢᠶ᠎ᠠ ᠶᠢᠨ ᠠᠯᠪᠠᠨ ᠭᠡᠷ ᠤᠨ ᠡᠷᠬᠢᠯᠡᠭᠴᠢ ᠸᠠᠩ ᠵᠢᠶᠠ ᠵᠢᠢ ᠨᠡᠷ ᠰᠢᠨᠠᠵᠠᠮ ᠰᠤᠮᠤ ᠳᠤ ᠭᠦᠨᠵᠡᠭᠡᠶᠢᠷᠡᠨ ᠣᠳᠣᠬᠠᠨ ᠤ ᠭᠤᠣᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠴᠤ᠂ ᠰᠤᠮᠤ ᠶᠢᠨ ᠨᠠᠮ ᠤᠨ ᠬᠤᠷᠢᠶ᠎ᠠ ᠶᠢᠨ ᠱᠦᠵᠢ ᠰᠢᠦᠢ ᠲᠢᠶᠠᠨ᠂ ᠳᠡᠳ᠋ ᠰᠤᠮᠤᠨ ᠳᠠᠷᠤᠭ᠎ᠠ ᠵᠢᠶᠣᠤ ᠮᠠᠨ ᠮᠠᠨ᠂ ᠬᠤᠯᠪᠣᠭ᠎ᠠ ᠭᠠᠴᠠᠭᠠᠨ ᠤ ︽ᠬᠤᠶᠠᠷ ᠵᠥᠪᠯᠡᠯ︾᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠪᠠᠷ᠎ᠠ ᠪᠣᠯᠪᠠ᠃    ᠼᠠᠢ ᠱᠦᠵᠢ ᠬᠤᠯᠪᠤᠭ᠎ᠠ ᠭᠠᠴᠠᠭ᠎ᠠ ᠳᠤ ᠭᠦᠨᠵᠡᠭᠡᠶᠢᠷᠡᠨ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠰᠣᠨᠣᠰᠬᠤ᠂ ᠶᠠᠷᠢᠯᠴᠠᠨ ᠰᠣᠯᠢᠯᠴᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠭᠠᠴᠠᠭᠠᠨ ᠤ ᠬᠠᠮᠲᠤ ᠶᠢᠨ ᠠᠵᠤ ᠠᠬᠤᠢ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠠᠵᠤ ᠦᠢᠯᠡᠰ ᠤᠨ ᠬᠥᠭᠵᠢᠯᠲᠡ᠂ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠬᠠᠪᠰᠤᠷᠤᠨ ᠲᠡᠳᠬᠦᠬᠦ ᠲᠥᠷᠥᠯ ᠵᠦᠢᠯ ᠤᠨ ᠦᠷ᠎ᠡ ᠪᠦᠲᠦᠮᠵᠢ ᠪᠠ ᠠᠬᠢᠴᠠ ᠶᠢᠨ ᠪᠠᠶᠢᠳᠠᠯ ᠢ ᠪᠠᠶᠢᠴᠠᠭᠠᠨ ᠰᠤᠳᠤᠯᠵᠤ᠂ ᠰᠤᠮᠤ ᠶᠢᠨ ᠡᠯᠡᠰᠦᠷᠬᠡᠭ ᠭᠠᠵᠠᠷ ᠢ ᠵᠠᠰᠠᠬᠤ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ᠂ ᠵᠢᠷᠤᠭ ᠲᠣᠯᠪᠤ ᠶᠢ ᠴᠡᠭᠴᠡᠯᠡᠨ ᠰᠠᠶᠢᠵᠢᠷᠠᠭᠤᠯᠬᠤ᠂ ︽ᠳᠣᠯᠤᠭ᠎ᠠ ᠶᠢ ᠶᠠᠭᠠᠬᠢᠬᠤ︾ ᠵᠡᠷᠭᠡ ᠣᠳᠣᠬᠠᠨ ᠤ ᠭᠤᠣᠯᠳᠠᠯᠭ᠎ᠠ ᠲᠠᠢ ᠠᠵᠢᠯ ᠢ ᠠᠬᠢᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠪᠠ᠃ ᠬᠤᠷᠠᠯ ᠳᠡᠭᠡᠷ᠎ᠡ᠂ ᠼᠠᠢ ᠱᠦᠵᠢ ᠰᠤᠮᠤ᠂ ᠭᠠᠴᠠᠭ᠎ᠠ ᠬᠤᠶᠠᠷ ᠱᠠᠲᠤᠨ ᠤ ᠺᠠᠳ᠋ᠷᠴᠤᠳ ᠲᠠᠢ ᠭᠠᠴᠠᠭᠠᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠬᠤ ᠣᠳᠣᠬᠢ ᠪᠠᠶᠢᠳᠠᠯ ᠢ ᠶᠠᠷᠢᠯᠴᠠᠬᠤ᠂ ᠠᠰᠠᠭᠤᠳᠠᠯ ᠢ ᠡᠷᠬᠢᠮᠯᠡᠬᠦ᠂ ᠠᠷᠭᠠᠴᠠᠬᠤ ᠪᠣᠳᠣᠯᠭ᠎ᠠ ᠶᠢ ᠵᠥᠪᠯᠡᠬᠦ ᠶᠢᠨ ᠲᠣᠭᠤᠷᠢᠨ ᠳᠤ ᠬᠥᠭᠵᠢᠯᠲᠡ ᠶᠢᠨ ᠬᠡᠷᠡᠭᠴᠡᠭᠡ᠂ ᠣᠯᠠᠨ ᠲᠦᠮᠡᠨ ᠤ ᠬᠦᠰᠡᠯ ᠡᠷᠡᠮᠡᠯᠵᠡᠯ ᠵᠡᠷᠭᠡ ᠬᠠᠯᠠᠮᠰᠢᠯ ᠠᠰᠠᠭᠤᠳᠠᠯ᠂ ᠬᠦᠴᠢᠷ ᠠᠰᠠᠭᠤᠳᠠᠯ ᠢ ᠵᠠᠳᠠᠯᠤᠨ ᠰᠢᠢᠳᠪᠦᠷᠢᠯᠡᠬᠦ ᠶᠢᠨ ᠬᠠᠮᠲᠤ ᠳᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠢ ᠰᠠᠶᠢᠲᠤᠷ ᠬᠢᠬᠦ ᠲᠤᠬᠠᠢ ᠵᠢᠯᠣᠭᠤᠳᠬᠤ ᠰᠠᠨᠠᠯ ᠳᠤᠷᠠᠳᠪᠠ᠃    ᠳᠠᠷᠠᠭ᠎ᠠ ᠨᠢ᠂ ᠼᠠᠢ ᠱᠦᠵᠢ ᠨᠡᠷ ᠬᠤᠯᠪᠣᠭ᠎ᠠ ᠭᠠᠴᠠᠭ᠎ᠠ ᠶᠢᠨ ᠵᠦᠩ ᠬᠤᠤ ᠲᠡᠵᠢᠭᠡᠨ ᠦᠷᠡᠵᠢᠭᠦᠯᠬᠦ ᠬᠤᠷᠰᠢᠶᠠᠵᠢᠯ ᠳᠤ ᠭᠦᠨᠵᠡᠭᠡᠶᠢᠷᠡᠵᠦ᠂ ᠲᠠᠬᠢ᠊ ᠡᠶ᠎ᠡ ᠲᠡᠵᠢᠭᠡᠬᠦ ᠲᠠᠯᠠᠪᠠᠢ ᠶᠢᠨ ᠲᠡᠵᠢᠭᠡᠨ ᠦᠷᠡᠵᠢᠭᠦᠯᠬᠦ ᠬᠡᠪᠴᠢᠶ᠎ᠡ᠂ ᠦᠢᠯᠡᠳᠪᠦᠷᠢᠯᠡᠯ ᠡᠵᠡᠩᠨᠡᠯᠲᠡ᠂ ᠬᠥᠳᠡᠭᠡ ᠠᠵᠤ ᠠᠬᠤᠢ ᠲᠠᠢ ᠬᠤᠯᠪᠣᠭᠠᠯᠠᠵᠤ ᠲᠠᠷᠢᠶᠠᠯᠠᠩ ᠢ ᠳᠠᠶᠢᠴᠢᠯᠠᠬᠤ᠂ ᠬᠥᠭᠵᠢᠯᠲᠡ ᠶᠢᠨ ᠲᠥᠯᠥᠪᠵᠢᠭᠦᠯᠭᠡ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠣᠶᠢᠯᠠᠭᠠᠪᠠ᠃    ᠼᠠᠢ ᠱᠦᠵᠢ ᠴᠢᠬᠤᠯᠠᠴᠢᠯᠠᠭᠰᠠᠨ ᠨᠢ᠂ ᠨᠠᠮ ᠤᠨ ᠭᠡᠰᠢᠭᠦᠨ ᠺᠠᠳ᠋ᠷ ᠤᠨ ᠬᠤᠰᠢᠭᠤᠴᠢ ᠵᠢᠱᠢᠶᠡᠴᠢ ᠦᠢᠯᠡᠳᠦᠯ ᠢ ᠭᠦᠢᠴᠡᠳ ᠪᠠᠳᠠᠷᠠᠭᠤᠯᠵᠤ᠂ ᠪᠡᠯᠡᠳᠬᠡᠯ ᠺᠠᠳ᠋ᠷ ᠢ ᠬᠥᠮᠦᠵᠢᠭᠦᠯᠬᠦ ᠶᠢ ᠰᠠᠶᠢᠲᠤᠷ ᠠᠳᠬᠤᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠶᠢ ᠪᠠᠶᠢᠭᠤᠯᠤᠨ ᠬᠦᠴᠦᠷᠬᠡᠭᠵᠢᠭᠦᠯᠵᠦ᠂ ᠰᠢᠯᠢᠳᠡᠭ ᠨᠠᠮ ᠤᠨ ᠰᠤᠷᠲᠠᠯ ᠢᠶᠠᠷ ᠬᠥᠳᠡᠭᠡ ᠲᠣᠰᠬᠤᠨ ᠤ ᠰᠤᠷᠲᠠᠯ ᠠᠷᠠᠳ ᠤᠨ ᠰᠤᠷᠲᠠᠯ ᠢ ᠳᠠᠶᠢᠴᠢᠯᠠᠬᠤ ᠬᠡᠷᠡᠭᠲᠡᠢ᠃ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠵᠠᠮ ᠢ ᠨᠠᠷᠢᠨ ᠬᠢᠨᠠᠮᠠᠭᠠᠢ ᠰᠦᠪᠡᠭᠴᠢᠯᠡᠨ ᠰᠦᠪᠡᠭᠴᠢᠯᠡᠵᠦ᠂ ᠰᠤᠯᠠ ᠪᠠᠶᠢᠭ᠎ᠠ ᠭᠠᠵᠠᠷ ᠰᠢᠷᠣᠢ ᠶᠢᠨ ᠡᠬᠢ ᠪᠠᠶᠠᠯᠢᠭ ᠢ ᠠᠮᠢᠳᠤᠯᠢᠭᠵᠢᠭᠤᠯᠤᠨ ᠰᠠᠶᠢᠲᠤᠷ ᠬᠡᠷᠡᠭᠯᠡᠵᠦ᠂ ᠲᠠᠷᠢᠶᠠᠯᠠᠩ ᠲᠠᠢ ᠬᠤᠯᠪᠣᠭᠠᠯᠠᠵᠤ ᠲᠠᠷᠢᠶᠠᠯᠠᠩ ᠢ ᠳᠠᠶᠢᠴᠢᠯᠠᠬᠤ ᠲᠣᠭᠲᠠᠴᠠ ᠶᠢ ᠰᠠᠶᠢᠲᠤᠷ ᠪᠠᠳᠠᠷᠠᠭᠤᠯᠵᠤ᠂ ᠭᠠᠴᠠᠭᠠᠨ ᠤ ᠬᠠᠮᠲᠤ ᠶᠢᠨ ᠠᠵᠤ ᠠᠬᠤᠢ ᠶᠢ ᠤᠯᠠᠨ ᠡᠰᠢᠵᠢᠭᠦᠯᠦᠨ ᠬᠥᠭᠵᠢᠭᠦᠯᠦᠨ ᠪᠤᠵᠠᠭᠠᠶᠢᠷᠠᠭᠤᠯᠬᠤ ᠬᠡᠷᠡᠭᠲᠡᠢ᠃ ᠣᠳᠣ ᠶᠢᠨ ᠪᠠᠶᠢᠭ᠎ᠠ ᠡᠬᠢ ᠪᠠᠶᠠᠯᠢᠭ ᠤᠨ ᠳᠠᠪᠠᠭᠤᠯᠢᠭ ᠪᠣᠯᠤᠨ ᠬᠠᠪᠰᠤᠷᠤᠨ ᠲᠡᠳᠬᠦᠬᠦ ᠳᠠᠪᠠᠭᠤᠯᠢᠭ ᠳᠠᠭᠠᠨ ᠰᠠᠭᠤᠷᠢᠯᠠᠵᠤ᠂ ᠣᠨᠴᠠᠯᠢᠭᠲᠤ ᠠᠵᠤ ᠦᠢᠯᠡᠰ ᠢ ᠬᠥᠭᠵᠢᠭᠦᠯᠵᠦ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠶᠢ ᠰᠦᠪᠡᠭᠴᠢᠯᠡᠵᠦ᠂ ᠮᠠᠯᠴᠢᠨ ᠲᠠᠷᠢᠶᠠᠴᠢᠨ ᠤ ᠣᠷᠣᠯᠭ᠎ᠠ ᠶᠢ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠭᠦᠯᠬᠦ ᠶᠢ ᠳᠠᠶᠢᠴᠢᠯᠠᠬᠤ ᠬᠡᠷᠡᠭᠲᠡᠢ ᠬᠡᠵᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号