ᠤᠯᠤᠰ ᠲᠥᠷᠥ ᠶᠢᠨ ᠵᠥᠪᠯᠡᠯᠭᠡᠨ ᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶ᠎ᠠ ᠠᠷᠪᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/3
   7 ᠰᠠᠷ᠎ᠠ ᠶᠢᠨ 2 ᠤᠨ ᠡᠳᠦᠷ᠂ ᠤᠯᠤᠰ ᠲᠥᠷᠥ ᠶᠢᠨ ᠵᠥᠪᠯᠡᠯᠭᠡᠨ ᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶ᠎ᠠ ᠶᠢᠨ ᠠᠷᠪᠠᠳᠤᠭᠠᠷ ᠤᠳᠠᠭᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ︽︿ᠭᠤᠷᠪᠠᠨ ᠤᠮᠠᠷᠠᠲᠤ﹀ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ︾ ᠲᠤᠰᠬᠠᠢ ᠰᠡᠳᠦᠪᠲᠦ ᠵᠠᠰᠠᠭ ᠤᠨ ᠶᠠᠪᠤᠳᠠᠯ ᠢ ᠵᠥᠪᠯᠡᠬᠦ ᠴᠢᠨᠠᠷᠲᠠᠢ ᠵᠥᠪᠯᠡᠯᠭᠡ ᠬᠢᠵᠦ᠂ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠲᠦᠩ ᠬᠤᠩ ᠶᠠᠨ ᠬᠤᠷᠠᠯ ᠡᠷᠬᠢᠯᠡᠵᠦ᠂ ᠳᠡᠳ᠋ ᠬᠤᠰᠢᠭᠤᠨ ᠳᠠᠷᠤᠭ᠎ᠠ ᠴᠠᠩ ᠯᠢᠶᠠᠨ ᠵᠤᠸᠠᠩ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠵᠢᠴᠢ ᠬᠤᠷᠴᠢᠨ ᠤ ᠡᠯᠡᠰᠦᠷᠬᠡᠭ ᠭᠠᠵᠠᠷ ᠢ ᠵᠠᠰᠠᠭᠰᠠᠨ ᠠᠬᠢᠴᠠ ᠶᠢᠨ ᠪᠠᠶᠢᠳᠠᠯ ᠢ ᠮᠡᠳᠡᠭᠳᠡᠪᠡ᠃    ᠬᠤᠷᠠᠯ ᠠᠴᠠ ᠡᠮᠦᠨ᠎ᠡ᠂ ᠤᠯᠤᠰ ᠲᠥᠷᠥ ᠶᠢᠨ ᠵᠥᠪᠯᠡᠯᠭᠡᠨ ᠤ ᠪᠦᠬᠦ ᠪᠠᠶᠢᠩᠭᠤ ᠶᠢᠨ ᠭᠡᠰᠢᠭᠦᠳ ᠤᠷᠢᠳ ᠬᠤᠵᠢᠳ ᠭᠤᠣᠯ ᠤᠨ ᠪᠠᠶᠢᠰᠢᠩ ᠪᠠᠯᠭᠠᠰᠤ᠂ ᠰᠢᠨᠠᠵᠠᠮ ᠰᠤᠮᠤᠨ ᠤ ᠡᠯᠡᠰᠦᠷᠬᠡᠭ ᠭᠠᠵᠠᠷ ᠢ ᠵᠠᠰᠠᠬᠤ ᠭᠠᠵᠠᠷ ᠲᠤ ᠭᠦᠨᠵᠡᠭᠡᠶᠢᠷᠡᠨ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ᠂ ᠭᠤᠣᠯ ᠤᠨ ᠪᠠᠶᠢᠰᠢᠩ ᠪᠠᠯᠭᠠᠰᠤ᠂ ᠰᠢᠨᠠᠵᠠᠮ ᠰᠤᠮᠤᠨ ᠤ ᠡᠯᠡᠰᠦᠷᠬᠡᠭ ᠭᠠᠵᠠᠷ ᠢ ᠵᠠᠰᠠᠬᠤ ᠠᠵᠢᠯ ᠤᠨ ᠠᠬᠢᠴᠠ᠂ ︽ᠠᠵᠢᠯ ᠣᠯᠭᠤᠬᠤ ᠶᠠᠪᠤᠳᠠᠯ ᠢᠶᠠᠷ ᠲᠡᠳᠬᠦᠮᠵᠢ ᠶᠢ ᠣᠷᠣᠯᠠᠭᠤᠯᠬᠤ︾ ᠨᠠᠶᠢᠳᠠᠪᠤᠷᠢᠵᠢᠭᠤᠯᠤᠯᠲᠠ ᠶᠢᠨ ᠪᠠᠶᠢᠳᠠᠯ ᠵᠢᠴᠢ ᠤᠷᠲᠤ ᠬᠤᠭᠤᠴᠠᠭᠠᠨ ᠤ ᠪᠦᠲᠦᠮᠵᠢᠲᠡᠢ ᠬᠠᠮᠢᠶᠠᠷᠤᠨ ᠬᠠᠮᠠᠭᠠᠯᠠᠬᠤ ᠲᠣᠭᠲᠠᠴᠠ ᠶᠢᠨ ᠪᠠᠶᠢᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠪᠠ ︽ᠭᠤᠷᠪᠠᠨ ᠤᠮᠠᠷᠠᠲᠤ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠪᠣᠯᠤᠨ ᠪᠦᠬᠦ ᠤᠯᠤᠰ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠭᠡ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠷᠴᠢᠨ ᠤ ᠡᠯᠡᠰᠦᠷᠬᠡᠭ ᠭᠠᠵᠠᠷ ᠢ ᠵᠠᠰᠠᠬᠤ ᠢᠨᠵᠧᠨᠧᠷᠢᠩ ᠢ ᠰᠠᠶᠢᠲᠤᠷ ᠬᠡᠷᠡᠭᠵᠢᠭᠦᠯᠬᠦ ᠶᠢ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠠᠵᠢᠯᠯᠠᠭᠠᠨ ᠤ ᠠᠷᠭ᠎ᠠ ᠵᠠᠮ ᠪᠣᠯᠭᠠᠵᠤ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠡᠨᠡᠬᠦ ᠠᠵᠠ ᠲᠣᠬᠢᠶᠠᠯ ᠢ ᠴᠢᠩᠭ᠎ᠠ ᠠᠳᠬᠤᠵᠤ᠂ ᠡᠬᠢ ᠪᠠᠶᠠᠯᠢᠭ ᠤᠨ ᠲᠣᠬᠢᠷᠠᠭᠤᠯᠤᠯᠲᠠ ᠶᠢ ᠴᠢᠨᠠᠭᠰᠢᠳᠠ ᠰᠢᠯᠢᠳᠡᠭᠵᠢᠭᠦᠯᠵᠦ᠂ ᠠᠵᠤ ᠦᠢᠯᠡᠰ ᠤᠨ ᠪᠦᠲᠦᠴᠡ ᠶᠢ ᠲᠣᠬᠢᠷᠠᠭᠤᠯᠵᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ᠂ ᠨᠡᠮᠡᠯᠲᠡ ᠥᠷᠲᠡᠭ ᠢ ᠳᠡᠭᠡᠭᠰᠢᠯᠡᠭᠦᠯᠬᠦ ᠪᠠᠷ ᠳᠠᠮᠵᠢᠭᠤᠯᠵᠤ᠂ ᠠᠮᠢ ᠠᠬᠤᠢ ᠶᠢᠨ ᠬᠠᠮᠠᠭᠠᠯᠠᠯᠲᠠ᠂ ᠠᠵᠤ ᠠᠬᠤᠢ ᠶᠢᠨ ᠬᠥᠭᠵᠢᠯᠲᠡ ᠶᠢᠨ ᠲᠤᠭ᠎ᠠ ᠬᠡᠮᠵᠢᠶ᠎ᠡ ᠶᠠᠰᠤ ᠴᠢᠨᠠᠷ ᠢ ᠵᠡᠷᠭᠡᠪᠡᠷ ᠳᠡᠭᠡᠭᠰᠢᠯᠡᠭᠦᠯᠬᠦ ᠶᠢ ᠪᠡᠶᠡᠯᠡᠭᠦᠯᠬᠦ ᠬᠡᠷᠡᠭᠲᠡᠢ᠃    ᠬᠤᠷᠠᠯ ᠠᠴᠠ᠂ ᠬᠤᠷᠴᠢᠨ ᠤ ᠡᠯᠡᠰᠦᠷᠬᠡᠭ ᠭᠠᠵᠠᠷ ᠢ ᠵᠠᠰᠠᠬᠤ ᠪᠤᠳᠤᠯᠢᠶᠠᠨᠲᠤ ᠴᠢᠨᠠᠷ᠂ ᠪᠡᠷᠬᠡ ᠬᠠᠲᠠᠭᠤᠵᠢᠯᠲᠤ ᠴᠢᠨᠠᠷ ᠤᠨ ᠣᠨᠴᠠᠯᠢᠭ ᠢ ᠡᠷᠬᠡᠪᠰᠢ ᠭᠦᠢᠴᠡᠳ ᠲᠠᠨᠢᠵᠤ᠂ ᠴᠠᠭ ᠤᠨ ᠠᠯᠭᠠᠰᠠᠯ ᠶᠡᠭᠡ᠂ ᠳᠠᠬᠢᠨ ᠳᠠᠪᠲᠠᠭᠳᠠᠬᠤ ᠬᠦᠴᠢᠷ ᠠᠰᠠᠭᠤᠳᠠᠯ ᠢ ᠭᠦᠨᠵᠡᠭᠡᠢ ᠣᠶᠢᠯᠠᠭᠠᠵᠤ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠣᠯ ᠠᠮᠢ ᠠᠬᠤᠢ᠂ ᠠᠵᠤ ᠠᠬᠤᠢ᠂ ᠰᠢᠨᠵᠢᠯᠡᠬᠦ ᠤᠬᠠᠭᠠᠨ ᠮᠡᠷᠭᠡᠵᠢᠯ᠂ ᠨᠡᠶᠢᠭᠡᠮ ᠤᠨ ᠬᠥᠭᠵᠢᠯᠲᠡ ᠵᠡᠷᠭᠡ ᠣᠯᠠᠨ ᠬᠦᠷᠢᠶᠡᠨ ᠳᠤ ᠬᠤᠯᠪᠣᠭᠳᠠᠬᠤ ᠰᠢᠰᠲ᠋ᠧᠮᠲᠦ ᠢᠨᠵᠧᠨᠧᠷᠢᠩ ᠪᠣᠯᠬᠤ ᠶᠢ ᠭᠦᠢᠴᠡᠳ ᠲᠠᠨᠢᠵᠤ᠂ ᠵᠣᠷᠢᠭᠲᠠᠢ ᠪᠠᠷ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠬᠦᠴᠢᠷ ᠪᠡᠷᠬᠡᠰᠢᠶᠡᠯ ᠠᠴᠠ ᠠᠶᠤᠬᠤ ᠦᠭᠡᠢ᠂ ᠤᠷᠲᠤ ᠬᠤᠭᠤᠴᠠᠭ᠎ᠠ ᠪᠠᠷ ᠴᠢᠷᠮᠠᠶᠢᠨ ᠠᠵᠢᠯᠯᠠᠵᠤ᠂ ᠤᠯᠤᠰ ᠲᠥᠷᠥ ᠶᠢᠨ ᠵᠥᠪᠯᠡᠯᠭᠡᠨ ᠤ ᠬᠦᠴᠦᠨ ᠴᠢᠳᠠᠯ ᠢᠶᠠᠨ ᠢᠳᠡᠪᠬᠢᠲᠡᠢ ᠡᠷᠭᠦᠬᠦ ᠬᠡᠷᠡᠭᠲᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号