ᠣᠯᠠᠨ ᠵᠦᠢᠯ ᠤᠨ ᠭᠠᠶᠢᠯᠢ ᠰᠦᠢᠳᠬᠡᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠦᠨ᠎ᠡ
ᠨᠡᠶᠢᠲᠡᠯᠡᠭᠰᠡᠨ ᠴᠠᠭ᠄
2024/7/3
   ᠰᠤᠷᠪᠤᠯᠵᠢᠯᠠᠭᠴᠢ ᠣᠶᠢᠷ᠎ᠠ ᠳᠤ ᠣᠶᠢᠯᠠᠭᠠᠭᠰᠠᠨ ᠢᠶᠠᠷ᠂ ᠡᠳ᠋ ᠤᠨ ᠵᠠᠰᠠᠭ ᠤᠨ ᠶᠠᠮᠤᠨ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠬᠢᠨ ᠣᠯᠠᠨ ᠠᠯᠪᠠᠨ ᠵᠠᠷᠯᠠᠯ ᠢ ᠨᠡᠶᠢᠲᠡᠯᠡᠵᠦ᠂ ᠱᠠᠲᠤᠴᠢ ᠴᠢᠨᠠᠷᠲᠠᠢ ᠭᠠᠶᠢᠯᠢ ᠰᠦᠢᠳᠬᠡᠯ ᠤᠨ ᠣᠯᠠᠨ ᠵᠦᠢᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠬᠦ ᠪᠠ ᠰᠢᠯᠢᠳᠡᠭᠵᠢᠭᠦᠯᠦᠨ ᠬᠡᠷᠡᠭᠵᠢᠭᠦᠯᠦᠨ᠎ᠡ ᠭᠡᠵᠦ ᠲᠣᠳᠣᠷᠬᠠᠢ ᠲᠣᠭᠲᠠᠭᠠᠪᠠ᠃ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠣᠷᠣᠭᠤᠯᠤᠯᠲᠠ ᠪᠠᠨ ᠨᠡᠮᠡᠭᠳᠡᠭᠦᠯᠬᠦ ᠶᠢ ᠵᠣᠷᠢᠭᠵᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠨᠠᠩ ᠰᠠᠶᠢᠲᠤᠷ ᠳᠡᠮᠵᠢᠬᠦ ᠶᠢᠨ ᠲᠥᠯᠥᠭᠡ᠂ ᠰᠤᠳᠤᠯᠤᠨ ᠨᠡᠭᠡᠭᠡᠬᠦ ᠵᠠᠷᠤᠳᠠᠯ ᠢ ᠭᠠᠶᠢᠯᠢ ᠲᠤᠰᠢᠶᠠᠬᠤ ᠠᠴᠠ ᠡᠮᠦᠨ᠎ᠡ ᠨᠡᠮᠡᠨ ᠪᠤᠳᠤᠵᠤ ᠰᠠᠭᠤᠯᠭᠠᠨ ᠠᠪᠬᠤ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ ᠃ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠠᠵᠢᠯᠯᠠᠭ᠎ᠠ ᠥᠷᠨᠢᠭᠦᠯᠬᠦ ᠳᠤᠮᠳᠠ ᠪᠣᠳᠠᠲᠠᠢ ᠡᠭᠦᠰᠦᠭᠰᠡᠨ ᠰᠤᠳᠤᠯᠤᠨ ᠨᠡᠭᠡᠭᠡᠬᠦ ᠵᠠᠷᠤᠳᠠᠯ ᠢ ᠳᠠᠯᠳᠠ ᠬᠥᠷᠥᠩᠭᠡ ᠪᠣᠯᠵᠤ ᠪᠦᠷᠢᠯᠳᠦᠬᠦ ᠠᠴᠠ ᠡᠮᠦᠨ᠎ᠡ ᠲᠣᠰ ᠬᠤᠭᠤᠴᠠᠭᠠᠨ ᠤ ᠣᠯᠵᠠᠪᠤᠷᠢ ᠠᠯᠳᠠᠪᠤᠷᠢ ᠳᠤ ᠪᠤᠳᠤᠵᠤ ᠣᠷᠣᠭᠤᠯᠤᠭᠰᠠᠨ ᠪᠠᠶᠢᠪᠠᠯ᠂ ᠲᠣᠭᠲᠠᠭᠠᠯ ᠶᠣᠰᠣᠭᠠᠷ ᠦᠨᠡᠨ ᠮᠥᠨ ᠢᠶᠠᠷ ᠨᠢ ᠬᠠᠰᠤᠵᠤ ᠭᠠᠷᠭᠠᠭᠰᠠᠨ ᠰᠠᠭᠤᠷᠢᠨ ᠳᠡᠭᠡᠷ᠎ᠡ᠂ 2023 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠨ᠂ ᠪᠣᠳᠠᠲᠠᠢ ᠡᠭᠦᠰᠦᠭᠰᠡᠨ ᠲᠤᠭ᠎ᠠ ᠶᠢᠨ 100 % ᠪᠠᠷ ᠭᠠᠶᠢᠯᠢ ᠲᠤᠰᠢᠶᠠᠬᠤ ᠠᠴᠠ ᠡᠮᠦᠨ᠎ᠡ ᠨᠡᠮᠡᠵᠦ ᠪᠤᠳᠤᠵᠤ ᠬᠠᠰᠤᠵᠤ ᠭᠠᠷᠭᠠᠨ᠎ᠠ︔ ᠳᠠᠯᠳᠠ ᠬᠥᠷᠥᠩᠭᠡ ᠪᠣᠯᠤᠭᠰᠠᠨ ᠪᠠᠶᠢᠪᠠᠯ᠂ 2023 ᠣᠨ ᠤ 1 ᠰᠠᠷ᠎ᠠ ᠶᠢᠨ 1 ᠠᠴᠠ ᠡᠬᠢᠯᠡᠨ᠂ ᠳᠠᠯᠳᠠ ᠬᠥᠷᠥᠩᠭᠡ ᠶᠢᠨ ᠥᠪᠡᠷ ᠤᠨ ᠥᠷᠲᠡᠭ ᠤᠨ 200% ᠪᠠᠷ ᠪᠤᠳᠤᠵᠤ ᠭᠠᠶᠢᠯᠢ ᠬᠤᠷᠢᠶᠠᠬᠤ ᠠᠴᠠ ᠡᠮᠦᠨ᠎ᠡ ᠲᠡᠰᠬᠡᠨ ᠬᠤᠪᠢᠶᠠᠷᠢᠯᠠᠵᠤ ᠪᠤᠳᠤᠨ᠎ᠠ᠃ ᠵᠢᠵᠢᠭ ᠪᠢᠴᠢᠯ ᠠᠵᠤ ᠠᠬᠤᠶᠢᠯᠠᠯ ᠪᠣᠯᠣᠨ ᠦᠢᠯᠡᠳᠪᠦᠷᠢ ᠬᠤᠳᠠᠯᠳᠤᠭᠠᠨ ᠤ ᠬᠤᠪᠢ ᠡᠷᠦᠬᠡ ᠶᠢᠨ ᠬᠥᠭᠵᠢᠯᠲᠡ ᠶᠢ ᠳᠡᠮᠵᠢᠬᠦ ᠶᠢᠨ ᠲᠥᠯᠥᠭᠡ᠂ 2023 ᠣᠨ ᠤ 1 ᠰᠠᠷ᠎ᠠ ᠶᠢᠨ 1 ᠠᠴᠠ 2024 ᠣᠨ ᠤ 12 ᠰᠠᠷ᠎ᠠ ᠶᠢᠨ 31 ᠤ ᠡᠳᠦᠷ ᠪᠣᠯᠲᠠᠯ᠎ᠠ᠂ ᠵᠢᠵᠢᠭ ᠬᠡᠯᠪᠡᠷᠢ ᠶᠢᠨ ᠥᠴᠥᠬᠡᠨ ᠠᠰᠢᠭ ᠣᠯᠵᠠᠪᠤᠷᠢ ᠲᠠᠢ ᠠᠵᠤ ᠠᠬᠤᠶᠢᠯᠠᠯ ᠤᠨ ᠵᠢᠯ ᠤᠨ ᠭᠠᠶᠢᠯᠢ ᠲᠤᠰᠢᠶᠠᠬᠤ ᠶᠣᠰᠣᠲᠠᠢ ᠣᠯᠵᠠᠪᠤᠷᠢ ᠶᠢᠨ ᠬᠡᠮᠵᠢᠶ᠎ᠡ ᠨᠢ 100 ᠲᠦᠮᠡᠨ ᠲᠥᠭᠦᠷᠢᠭ ᠢ ᠳᠠᠪᠠᠭᠰᠠᠨ ᠦᠭᠡᠢ ᠬᠡᠰᠡᠭ ᠢ 25% ᠪᠠᠷ ᠭᠠᠶᠢᠯᠢ ᠲᠤᠰᠢᠶᠠᠬᠤ ᠶᠣᠰᠣᠲᠠᠢ ᠣᠯᠵᠠᠪᠤᠷᠢ ᠶᠢᠨ ᠲᠤᠭ᠎ᠠ ᠳᠤ ᠪᠤᠳᠤᠵᠤ ᠣᠷᠣᠭᠤᠯᠤᠨ᠂ 20% ᠶᠢᠨ ᠭᠠᠶᠢᠯᠢ ᠶᠢᠨ ᠨᠣᠷᠮ᠎ᠠ ᠪᠠᠷ ᠠᠵᠤ ᠠᠬᠤᠶᠢᠯᠠᠯ ᠤᠨ ᠣᠯᠵᠠᠪᠤᠷᠢ ᠶᠢᠨ ᠭᠠᠶᠢᠯᠢ ᠲᠤᠰᠢᠶᠠᠨ᠎ᠠ᠃ ᠠᠵᠤ ᠦᠢᠯᠡᠳᠪᠦᠷᠢ ᠬᠤᠳᠠᠯᠳᠤᠭᠠᠨ ᠤ ᠬᠤᠪᠢ ᠡᠷᠦᠬᠡ ᠶᠢᠨ ᠣᠨ ᠤ ᠭᠠᠶᠢᠯᠢ ᠲᠤᠰᠢᠶᠠᠪᠠᠰᠤ ᠵᠣᠬᠢᠬᠤ ᠣᠯᠵᠠᠪᠤᠷᠢ ᠶᠢᠨ ᠬᠡᠮᠵᠢᠶ᠎ᠡ ᠨᠢ 100 ᠲᠦᠮᠡᠨ ᠲᠥᠭᠦᠷᠢᠭ ᠢ ᠳᠠᠪᠠᠭᠰᠠᠨ ᠦᠭᠡᠢ ᠬᠡᠰᠡᠭ ᠠᠴᠠ ᠣᠳᠣ ᠶᠢᠨ ᠬᠡᠷᠡᠭᠵᠢᠭᠦᠯᠵᠦ ᠪᠠᠶᠢᠭ᠎ᠠ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠰᠠᠭᠤᠷᠢᠨ ᠳᠡᠭᠡᠷ᠎ᠡ ᠂ ᠬᠤᠪᠢ ᠬᠥᠮᠥᠨ ᠤ ᠣᠯᠵᠠᠪᠤᠷᠢ ᠶᠢᠨ ᠭᠠᠶᠢᠯᠢ ᠶᠢ ᠬᠠᠭᠠᠰ ᠢᠶᠠᠷ ᠬᠠᠰᠤᠵᠤ ᠬᠤᠷᠢᠶᠠᠨ᠎ᠠ᠃ ᠪᠠᠷᠠᠭᠠᠨ ᠤ ᠭᠦᠢᠯᠭᠡᠭᠡ ᠶᠢᠨ ᠦᠢᠯᠡᠰ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠶᠢᠨ ᠲᠥᠯᠥᠭᠡ᠂ ᠪᠠᠷᠠᠭᠠᠨ ᠤ ᠭᠦᠢᠯᠭᠡᠭᠡ ᠶᠢᠨ ᠠᠵᠤ ᠠᠬᠤᠶᠢᠯᠠᠯ ᠤᠨ ᠪᠥᠭᠡᠮ ᠲᠠᠸᠠᠷ ᠬᠥᠮᠥᠷᠭᠡᠯᠡᠨ ᠬᠠᠳᠠᠭᠠᠯᠠᠬᠤ ᠲᠤᠨᠤᠭ ᠲᠥᠬᠦᠭᠡᠷᠦᠮᠵᠢ ᠳᠤ ᠬᠡᠷᠡᠭᠯᠡᠬᠦ ᠭᠠᠵᠠᠷ ᠰᠢᠷᠣᠢ ᠳᠤ ᠬᠤᠲᠠ ᠪᠠᠯᠭᠠᠰᠤᠨ ᠤ ᠭᠠᠵᠠᠷ ᠰᠢᠷᠣᠢ ᠬᠡᠷᠡᠭᠯᠡᠬᠦ ᠭᠠᠶᠢᠯᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠦᠨ᠎ᠡ᠃ 2023 ᠣᠨ ᠤ 1 ᠰᠠᠷ᠎ᠠ ᠶᠢᠨ 1 ᠠᠴᠠ 2027 ᠣᠨ ᠤ 12 ᠰᠠᠷ᠎ᠠ ᠶᠢᠨ 31 ᠤ ᠡᠳᠦᠷ ᠪᠣᠯᠲᠠᠯ᠎ᠠ᠂ ᠪᠠᠷᠠᠭᠠᠨ ᠤ ᠭᠦᠢᠯᠭᠡᠭᠡ ᠶᠢᠨ ᠠᠵᠤ ᠠᠬᠤᠶᠢᠯᠠᠯ ᠤᠨ ᠥᠪᠡᠷ ᠤᠨ ᠪᠠᠶᠢᠭ᠎ᠠ ︵ᠥᠪᠡᠷ ᠢᠶᠠᠨ ᠬᠡᠷᠡᠭᠯᠡᠬᠦ ᠪᠠ ᠲᠦᠷᠢᠶᠡᠰᠦᠯᠡᠬᠦ ᠶᠢ ᠪᠠᠭᠲᠠᠭᠠᠨ᠎ᠠ︶ ᠪᠤᠶᠤ ᠲᠦᠷᠢᠶᠡᠰᠦᠯᠡᠨ ᠡᠵᠡᠩᠨᠡᠵᠦ ᠪᠠᠶᠢᠭ᠎ᠠ ᠪᠥᠭᠡᠮ ᠲᠠᠸᠠᠷ ᠤᠨ ᠬᠥᠮᠥᠷᠭᠡᠯᠡᠨ ᠬᠠᠳᠠᠭᠠᠯᠠᠬᠤ ᠲᠤᠨᠤᠭ ᠲᠥᠬᠦᠭᠡᠷᠦᠮᠵᠢ ᠳᠤ ᠬᠡᠷᠡᠭᠯᠡᠬᠦ ᠭᠠᠵᠠᠷ ᠰᠢᠷᠣᠢ ᠠᠴᠠ ᠬᠠᠷᠢᠶ᠎ᠠ ᠭᠠᠵᠠᠷ ᠰᠢᠷᠣᠢ ᠶᠢᠨ ᠵᠡᠷᠭᠡ ᠳᠡᠰ ᠲᠤ ᠲᠣᠬᠢᠷᠠᠬᠤ ᠭᠠᠶᠢᠯᠢ ᠶᠢᠨ ᠪᠠᠷᠢᠮᠵᠢᠶ᠎ᠠ ᠶᠢᠨ 50% ᠪᠠᠷ ᠬᠠᠰᠤᠵᠤ ᠬᠤᠲᠠ ᠪᠠᠯᠭᠠᠰᠤ ᠶᠢᠨ ᠭᠠᠵᠠᠷ ᠰᠢᠷᠣᠢ ᠬᠡᠷᠡᠭᠯᠡᠬᠦ ᠭᠠᠶᠢᠯᠢ ᠬᠤᠷᠢᠶᠠᠨ᠎ᠠ᠃ ᠵᠢᠵᠢᠭ ᠪᠢᠴᠢᠯ ᠠᠵᠤ ᠠᠬᠤᠶᠢᠯᠠᠯ ᠤᠨ ᠬᠥᠭᠵᠢᠯᠲᠡ ᠶᠢ ᠠᠬᠢᠭᠤᠯᠵᠤ᠂ ᠬᠥᠮᠥᠨ ᠬᠡᠷᠡᠭᠯᠡᠬᠦ ᠨᠢᠭᠡᠴᠢ ᠶᠢᠨ ᠳᠠᠷᠤᠭᠠᠰᠤ ᠶᠢ ᠤᠯᠠᠮ ᠨᠢᠭᠡ ᠠᠯᠬᠤᠮ ᠬᠥᠩᠭᠡᠷᠡᠭᠦᠯᠬᠦ ᠶᠢᠨ ᠲᠥᠯᠥᠭᠡ᠂ 2023 ᠣᠨ ᠤ 1 ᠰᠠᠷ᠎ᠠ ᠶᠢᠨ 1 ᠠᠴᠠ 2027 ᠣᠨ ᠤ 12 ᠰᠠᠷ᠎ᠠ ᠶᠢᠨ 31 ᠤ ᠡᠳᠦᠷ ᠪᠣᠯᠲᠠᠯ᠎ᠠ᠂ ᠵᠡᠮᠳᠡᠭᠴᠦᠳ ᠤᠨ ᠠᠵᠢᠯ ᠣᠯᠬᠤ ᠪᠠᠲᠤᠯᠠᠭ᠎ᠠ ᠶᠢᠨ ᠮᠥᠩᠭᠦ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠦᠨ᠎ᠡ᠃ ᠪᠡᠭᠡᠵᠢᠩ ᠤᠨ ᠤᠯᠤᠰ ᠤᠨ ᠨᠢᠭᠲᠠᠯᠠᠨ ᠪᠤᠳᠤᠬᠤ ᠳᠡᠭᠡᠳᠦ ᠰᠤᠷᠭᠠᠭᠤᠯᠢ ᠶᠢᠨ ᠫᠷᠤᠹᠧᠰᠰᠤᠷ ᠯᠢ ᠰᠢᠦᠢ ᠬᠤᠩ᠄ ︽ᠤᠯᠠᠨ ᠵᠦᠢᠯ ᠤᠨ ᠱᠠᠲᠤᠴᠢ ᠴᠢᠨᠠᠷᠲᠠᠢ ᠭᠠᠶᠢᠯᠢ ᠰᠦᠢᠳᠬᠡᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠳᠤ ᠨᠠᠩ ᠣᠷᠳᠣ ᠬᠤᠭᠤᠴᠠᠭ᠎ᠠ ᠶᠢᠨ ᠬᠠᠷᠠᠭᠠᠯᠵᠠᠯ ᠦᠵᠡᠭᠦᠯᠵᠦ᠂ ᠰᠤᠳᠤᠯᠤᠨ ᠨᠡᠭᠡᠭᠡᠬᠦ ᠵᠠᠷᠤᠳᠠᠯ ᠢ ᠭᠠᠶᠢᠯᠢ ᠠᠴᠠ ᠡᠮᠦᠨ᠎ᠡ ᠨᠡᠮᠡᠨ ᠪᠤᠳᠤᠵᠤ ᠰᠠᠭᠤᠯᠭᠠᠨ ᠠᠪᠬᠤ ᠬᠠᠷᠢᠴᠠᠯ ᠢ 100% ᠪᠣᠯᠲᠠᠯ᠎ᠠ ᠳᠡᠭᠡᠭᠰᠢᠯᠡᠭᠦᠯᠦᠭᠰᠡᠨ ᠲᠥᠷᠥ ᠶᠢᠨ ᠪᠣᠳᠣᠯᠭ᠎ᠠ ᠶᠢ ᠪᠠᠰᠠ ᠳᠦᠷᠢᠮ ᠤᠨ ᠴᠢᠨᠠᠷᠲᠠᠢ ᠲᠣᠬᠢᠷᠠᠭᠤᠯᠤᠯᠲᠠ ᠪᠣᠯᠭᠠᠨ ᠣᠷᠳᠣ ᠬᠤᠭᠤᠴᠠᠭ᠎ᠠ ᠪᠠᠷ ᠬᠡᠷᠡᠭᠵᠢᠭᠦᠯᠬᠦ ᠪᠣᠯᠣᠨ᠎ᠠ᠂ ᠡᠲᠡᠭᠡᠷ ᠨᠢ ᠴᠥᠮ ᠠᠵᠤ ᠠᠬᠤᠶᠢᠯᠠᠯ ᠤᠨ ᠬᠥᠭᠵᠢᠯᠲᠡ ᠶᠢᠨ ᠵᠢᠱᠢᠯᠲᠡ ᠶᠢ ᠤᠯᠠᠮ ᠨᠢᠭᠡ ᠠᠯᠬᠤᠮ ᠲᠣᠭᠲᠠᠪᠤᠷᠢᠵᠢᠭᠤᠯᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠢᠲᠡᠭᠡᠯ ᠢ ᠨᠡᠮᠡᠭᠳᠡᠭᠦᠯᠬᠦ ᠳᠤ ᠠᠰᠢᠭᠲᠠᠢ ᠶᠤᠮ︾ ᠭᠡᠵᠦ ᠢᠯᠡᠳᠬᠡᠪᠡ᠃
 
ᠢᠷᠡᠯᠲᠡ᠄ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号