ᠡᠳᠡᠭᠡᠷ ᠥᠲᠥᠨ ᠨᠣᠯᠤᠤᠷ ᠬᠤᠪᠴᠠᠰᠤ ᠨᠢ ᠬᠢᠷᠢ ᠲᠡᠩᠴᠡᠬᠦ ᠦᠭᠡᠢ︕
ᠨᠡᠶᠢᠲᠡᠯᠡᠭᠰᠡᠨ ᠴᠠᠭ᠄
2024/7/3
   ᠣᠶᠢᠷ᠎ᠠ ᠳᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ 185 ᠪᠦᠯᠦᠭ ᠤᠳᠠᠭᠠᠨ ᠤ ᠥᠲᠥᠨ ᠨᠣᠯᠤᠤᠷ ᠬᠤᠪᠴᠠᠰᠤ ᠬᠤᠨᠠᠷ ᠤᠨ ᠦᠢᠯᠡᠳᠬᠦᠨ ᠤ ᠶᠠᠰᠤ ᠴᠢᠨᠠᠷ ᠤᠨ ᠲᠤᠬᠠᠢ ᠤᠯᠤᠰ ᠠᠴᠠ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠭᠰᠠᠨ ᠳᠤ 26 ᠪᠦᠯᠦᠭ ᠤᠳᠠᠭ᠎ᠠ ᠶᠢᠨ ᠥᠲᠥᠨ ᠨᠣᠯᠤᠤᠷ ᠬᠤᠪᠴᠠᠰᠤ ᠨᠢ ᠬᠢᠷᠢ ᠲᠡᠩᠴᠡᠭᠰᠡᠨ ᠦᠭᠡᠢ ᠭᠡᠵᠦ ᠵᠠᠷᠯᠠᠨ ᠮᠡᠳᠡᠭᠳᠡᠪᠡ᠃ ᠮᠡᠳᠡᠭᠳᠡᠯ ᠢ ᠦᠨᠳᠦᠰᠦᠯᠡᠪᠡᠯ᠂ ᠲᠣᠰ ᠤᠳᠠᠭ᠎ᠠ ᠨᠡᠶᠢᠲᠡ 185 ᠪᠦᠯᠦᠭ ᠤᠳᠠᠭ᠎ᠠ ᠶᠢᠨ ᠦᠢᠯᠡᠳᠬᠦᠨ ᠢ ᠰᠣᠩᠭᠤᠨ ᠪᠠᠶᠢᠴᠠᠭᠠᠭᠰᠠᠨ ᠪᠥᠭᠡᠳ ᠵᠧᠵᠢᠶᠠᠩ᠂ ᠱᠠᠩᠬᠠᠢ᠂ ᠵᠢᠶᠠᠩᠰᠤ ᠵᠡᠷᠭᠡ 6 ᠮᠤᠵᠢ ᠣᠷᠣᠨ ᠤ 178 ᠦᠢᠯᠡᠳᠪᠦᠷᠢᠯᠡᠯ ᠤᠨ ᠨᠢᠭᠡᠴᠡ ᠬᠤᠯᠪᠣᠭᠳᠠᠵᠤ᠂ ᠰᠣᠩᠭᠤᠨ ᠪᠠᠶᠢᠴᠠᠭᠠᠬᠤ ᠪᠠᠷ ᠲᠠᠮᠵᠢᠨ 26 ᠪᠦᠯᠦᠭ ᠤᠳᠠᠭ᠎ᠠ ᠶᠢᠨ ᠦᠢᠯᠡᠳᠬᠦᠨ ᠬᠢᠷᠢ ᠲᠡᠩᠴᠡᠬᠦ ᠦᠭᠡᠢ ᠪᠠᠶᠢᠬᠤ ᠶᠢ ᠣᠯᠵᠤ ᠮᠠᠲᠠᠵᠠᠢ ᠭᠡᠪᠡ᠃ ᠡᠭᠦᠨ ᠳᠤ : ᠨᠢᠭᠡ ᠪᠦᠯᠦᠭ ᠤᠳᠠᠭ᠎ᠠ ᠶᠢᠨ ᠦᠢᠯᠡᠳᠬᠦᠨ ᠨᠢ ᠬᠤᠳᠠᠯ ᠬᠠᠭᠤᠷᠮᠠᠭ ᠦᠢᠯᠡᠳᠬᠦᠨ ᠢᠶᠠᠷ ᠰᠡᠵᠢᠭᠯᠡᠭᠳᠡᠵᠦ᠂ ᠨᠢᠭᠡᠨᠲᠡ ᠬᠠᠷᠢᠶ᠎ᠠ ᠭᠠᠵᠠᠷ ᠤᠨ ᠬᠢᠨᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠲᠤᠰᠢᠶᠠᠨ ᠰᠢᠢᠳᠪᠦᠷᠢᠯᠡᠭᠦᠯᠪᠡ︔ 19 ᠪᠦᠯᠦᠭ ᠤᠳᠠᠭ᠎ᠠ ᠶᠢᠨ ᠦᠢᠯᠡᠳᠬᠦᠨ ᠤ ᠰᠢᠷᠬᠡᠭ ᠤᠨ ᠠᠭᠤᠯᠤᠭᠳᠠᠴᠠ ᠨᠢ ᠬᠢᠷᠢ ᠲᠡᠩᠴᠡᠬᠦ ᠦᠭᠡᠢ᠂ 6 ᠪᠦᠯᠦᠭ ᠤᠳᠠᠭ᠎ᠠ ᠶᠢᠨ ᠦᠢᠯᠡᠳᠬᠦᠨ ᠤ ᠥᠳᠥᠨ ᠨᠣᠯᠤᠤᠷ ᠤᠨ ᠠᠭᠤᠯᠤᠭᠳᠠᠴᠠ ᠨᠢ ᠬᠢᠷᠢ ᠲᠡᠩᠴᠡᠬᠦ ᠦᠭᠡᠢ ᠪᠠᠶᠢᠨ᠎ᠠ᠃
 
ᠢᠷᠡᠯᠲᠡ᠄ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号