ᠮᠠᠨ ᠤ ᠣᠷᠣᠨ 312 ᠵᠦᠢᠯ ᠤᠨ ᠣᠷᠣᠨ ᠨᠤᠲᠤᠭ ᠤᠨ ᠪᠠᠷᠢᠮᠵᠢᠶ᠎ᠠ ᠶᠢ ᠰᠢᠨ᠎ᠠ ᠪᠠᠷ ᠲᠤᠭᠳᠠᠭᠠᠬᠤ ᠪᠤᠶᠤ ᠵᠠᠰᠠᠪᠤᠷᠢ ᠤᠷᠤᠭᠤᠯᠬᠤ ᠪᠠᠷ ᠪᠤᠢ
ᠨᠡᠶᠢᠲᠡᠯᠡᠭᠰᠡᠨ ᠴᠠᠭ᠄
2024/7/3
   ᠦᠪᠡᠷᠲᠡᠭᠡᠨ ᠵᠠᠰᠠᠬᠤ ᠤᠷᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠢᠢᠨ ᠲᠤᠪᠴᠢᠶ᠎ᠡ ᠠᠴᠠ ᠤᠶᠢᠯᠠᠭᠠᠭᠰᠠᠨ ᠢᠶᠠᠷ᠂ ᠮᠠᠨ ᠤ ᠤᠷᠤᠨ ᠡᠨᠡ ᠵᠢᠯ ᠤᠨ ᠲᠦᠷᠦᠬᠦᠤ ᠪᠦᠯᠦᠭ ᠲᠤ 305 ᠵᠦᠢᠯ ᠤᠨ ᠤᠷᠤᠨ ᠨᠤᠳᠤᠭ ᠤᠨ ᠪᠠᠷᠢᠮᠵᠢᠶ᠎ᠡ ᠶᠢ ᠲᠤᠭᠲᠠᠭᠠᠨ᠂ 7 ᠵᠦᠢᠯ ᠤᠨ ᠤᠷᠤᠨ ᠨᠤᠳᠤᠭ ᠤᠨ ᠪᠠᠷᠢᠮᠵᠢᠶ᠎ᠡ ᠳᠤ ᠵᠠᠰᠠᠪᠤᠷᠢ ᠤᠷᠤᠭᠤᠯᠬᠤ ᠪᠠᠷ ᠪᠤᠢ᠃   ︽2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠪᠠᠷᠢᠮᠵᠢᠶ᠎ᠠ ᠶᠢ ᠲᠣᠭᠲᠠᠭᠠᠬᠤ ᠪᠠ ᠵᠠᠰᠠᠪᠤᠷᠢ ᠣᠷᠣᠭᠤᠯᠬᠤ ᠲᠥᠷᠥᠯ ᠵᠦᠢᠯ ᠢ ᠴᠤᠭᠯᠠᠭᠤᠯᠬᠤ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠭᠰᠠᠨ ᠠᠴᠠ ᠨᠠᠭᠠᠰᠢ᠂ ᠪᠦᠬᠦ ᠤᠷᠤᠨ ᠤ ᠡᠯ᠎ᠡ ᠰᠠᠯᠠᠭ᠎ᠠ ᠮᠦᠴᠢᠷ ᠤᠨ ᠬᠢᠨ ᠢᠳᠡᠪᠬᠢᠲᠡᠶ ᠭᠤᠶᠤᠴᠢᠯᠠᠨ ᠮᠡᠳᠡᠭᠦᠯᠵᠦ᠂ ᠬᠦᠯᠢᠶᠡᠨ ᠠᠪᠬᠤ ᠲᠠᠪᠴᠠᠩ ᠤᠨ ᠲᠤᠰᠤᠭᠰᠠᠨ ᠭᠤᠶᠤᠴᠢᠯᠠᠨ ᠮᠡᠳᠡᠭᠦᠯᠦᠭᠰᠡᠨ ᠰᠠᠨᠠᠭᠤᠯᠭ᠎ᠠ 1067 ᠵᠦᠢᠯ ᠳᠤ ᠬᠦᠷᠴᠦ᠂ ᠨᠢᠳᠤᠨᠤᠨ ᠤ ᠬᠢ ᠠᠴᠠ 10% ᠪᠠᠷ ᠨᠡᠮᠡᠭᠳᠡᠵᠡᠢ᠃ ᠮᠠᠨ ᠤ ᠣᠷᠣᠨ ᠤ 26 ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠠᠩᠬᠠᠨ ᠤ ᠬᠢᠨᠠᠯᠲᠠ ᠪᠠᠷ ᠳᠡᠮᠵᠢᠨ 923 ᠵᠦᠢᠯ ᠤᠨ ᠣᠷᠣᠨ ᠨᠤᠲᠤᠭ ᠤᠨ ᠪᠠᠷᠢᠮᠵᠢᠶ᠎ᠠ ᠢᠢᠨ ᠲᠥᠷᠥᠯ ᠵᠦᠢᠯ ᠤᠨ ᠭᠤᠶᠤᠴᠢᠯᠠᠯ ᠢ ᠦᠯᠡᠳᠡᠭᠡᠨ ᠳᠡᠭᠡᠭᠰᠢ ᠳᠡᠪᠰᠢᠭᠦᠯᠵᠦ᠂ ᠨᠢᠳᠤᠨᠤᠨ ᠤ ᠬᠢ ᠠᠴᠠ 30% ᠪᠠᠷ ᠨᠡᠮᠡᠭᠳᠡᠭᠰᠡᠨ ᠪᠠᠶᠢᠨ᠎ᠠ᠃ ᠲᠦᠷᠦᠭᠦᠬᠡᠨ ᠥᠪᠡᠷᠲᠡᠭᠡᠨ ᠵᠠᠰᠠᠬᠤ ᠣᠷᠣᠨ ᠠᠴᠠ ᠣᠷᠣᠨ ᠨᠤᠲᠤᠭ ᠤᠨ ᠪᠠᠷᠢᠮᠵᠢᠶ᠎ᠠ ᠢᠢᠨ ᠲᠥᠷᠥᠯ ᠵᠦᠢᠯ ᠲᠣᠭᠲᠠᠭᠠᠬᠤ ᠨᠤᠲᠠᠯᠠᠯᠲᠠ  ᠢᠶᠠᠨ ᠬᠤᠷᠠᠯ ᠬᠢᠵᠤ᠂ ᠬᠠᠮᠢᠶ᠎ᠠ ᠪᠦᠬᠦᠢ ᠰᠠᠯᠠᠭ᠎ᠠ ᠮᠥᠴᠢᠷ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠪᠤᠯᠤᠨ ᠶᠡᠭᠡ ᠳᠡᠭᠡᠳᠦ ᠰᠤᠷᠭᠠᠭᠤᠯᠢ ᠶᠢᠨ 50 ᠭᠠᠷᠤᠶ ᠲᠤᠰᠬᠠᠶ ᠮᠡᠷᠭᠡᠵᠢᠯᠲᠡᠨ ᠠᠴᠠ ᠪᠦᠬᠦ ᠤᠷᠤᠨ ᠤ 923 ᠵᠦᠢᠯ ᠤᠨ ᠣᠷᠣᠨ ᠨᠤᠲᠤᠭ ᠤᠨ ᠪᠠᠷᠢᠮᠵᠢᠶ᠎ᠠ ᠶᠢᠨ ᠲᠥᠷᠥᠯ ᠵᠦᠢᠯ ᠳᠤ ᠨᠤᠲᠠᠯᠠᠯᠲᠠ ᠬᠢᠵᠠᠢ᠃ ᠲᠤᠰᠬᠠᠶ ᠮᠡᠷᠭᠡᠵᠢᠯᠲᠡᠨ ᠤ ᠳᠤᠭᠤᠶᠢᠯᠠᠩ ᠠᠴᠠ ᠣᠷᠣᠨ ᠨᠤᠲᠤᠭ ᠤᠨ ᠪᠠᠷᠢᠮᠵᠢᠶ᠎ᠠ ᠪᠠᠷ ᠭᠤᠶᠤᠴᠢᠯᠠᠨ ᠮᠡᠳᠡᠭᠦᠯᠬᠦ ᠲᠥᠷᠥᠯ ᠵᠦᠢᠯ ᠤᠨ ᠴᠢᠬᠤᠯᠠ ᠴᠢᠨᠠᠷ᠂ ᠬᠡᠷᠡᠭᠯᠡᠭᠡᠨ ᠤ ᠴᠢᠨᠠᠷ᠂ ᠪᠣᠯᠤᠮᠵᠢᠲᠤ ᠴᠢᠨᠠᠷ᠂ ᠰᠢᠨᠵᠢᠯᠡᠬᠦ ᠤᠬᠠᠭᠠᠨᠴᠢ ᠴᠢᠨᠠᠷ᠂ ᠰᠢᠨ᠎ᠡ ᠶᠢ ᠡᠭᠦᠳᠬᠦ ᠴᠢᠨᠠᠷ ᠵᠡᠷᠭᠡ ᠶᠢ ᠭᠦᠢᠴᠡᠳ ᠵᠠᠳᠠᠯᠤᠨ ᠨᠤᠲᠠᠯᠠᠭᠰᠠᠨ ᠪᠥᠭᠡᠳ ᠲᠥᠷᠥᠯ ᠵᠦᠢᠯ ᠲᠣᠭᠲᠠᠭᠠᠬᠤ ᠡᠰᠡᠬᠦ ᠲᠤᠬᠠᠶ ᠨᠤᠲᠠᠯᠠᠯᠲᠠ  ᠶᠢᠨ ᠰᠠᠨᠠᠯ ᠭᠠᠷᠭᠠᠵᠤ᠂ ᠡᠴᠦᠰ ᠲᠡᠭᠡᠨ 431 ᠵᠦᠢᠯ ᠤᠨ ᠪᠠᠷᠢᠮᠵᠢᠶ᠎ᠡ ᠢᠢᠨ ᠲᠥᠷᠥᠯ ᠵᠦᠢᠯ ᠢ ᠲᠣᠭᠲᠠᠭᠠᠬᠤ ᠪᠠᠷ ᠪᠤᠯᠪᠠ᠃   ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠢᠢᠨ ᠲᠣᠪᠴᠢᠶ᠎ᠠ ᠬᠠᠮᠢᠶ᠎ᠠ ᠪᠦᠬᠦᠢ ᠨᠤᠲᠠᠯᠠᠯᠳᠠ ᠶᠢᠨ ᠰᠠᠨᠠᠯ ᠢ ᠦᠨᠳᠦᠰᠦᠯᠡᠨ ᠨᠢᠭᠡᠨᠲᠡ 2024 ᠣᠨ ᠤ ᠲᠦᠷᠦᠭᠦᠦ ᠪᠦᠯᠦᠭ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠪᠠᠷᠢᠮᠵᠢᠶ᠎ᠠ ᠶᠢ ᠲᠣᠭᠲᠠᠭᠠᠬᠤ ᠵᠠᠰᠠᠪᠤᠷᠢ ᠣᠷᠣᠭᠤᠯᠬᠤ ᠲᠥᠷᠥᠯ ᠵᠦᠢᠯ ᠤᠨ ᠲᠥᠯᠥᠪᠯᠡᠭᠡ ᠶᠢ ᠪᠠᠭᠤᠯᠭᠠᠪᠠ᠃ ᠲᠣᠰ ᠪᠦᠯᠦᠭ ᠲᠤ 205 ᠵᠦᠢᠯ ᠤᠨ ᠲᠠᠷᠢᠶᠠᠯᠠᠩ ᠤᠨ ᠪᠠᠷᠢᠮᠵᠢᠶ᠎ᠠ᠂ 37 ᠵᠦᠢᠯ ᠤᠨ ᠠᠵᠤ ᠦᠢᠯᠡᠳᠪᠦᠷᠢ ᠶᠢᠨ ᠪᠠᠷᠢᠮᠵᠢᠶ᠎ᠠ᠂ 5 ᠵᠦᠢᠯ ᠤᠨ ᠦᠢᠯᠡᠴᠢᠯᠡᠭᠡᠨ ᠤ ᠦᠢᠯᠡᠰ ᠤᠨ ᠪᠠᠷᠢᠮᠵᠢᠶ᠎ᠠ ᠪᠠ 65 ᠵᠦᠢᠯ ᠤᠨ ᠨᠡᠶᠢᠭᠡᠮ ᠤᠨ ᠠᠵᠢᠯ ᠦᠢᠯᠡᠰ ᠤᠨ ᠪᠠᠷᠢᠮᠵᠢᠶ᠎ᠠ ᠶᠢ ᠪᠠᠭᠳᠠᠭᠠᠭᠰᠠᠨ ᠨᠡᠶᠢᠳᠡ 305 ᠵᠦᠢᠯ ᠤᠨ ᠪᠠᠷᠢᠮᠵᠢᠶ᠎ᠡ ᠶᠢ ᠲᠤᠭᠲᠠᠭᠠᠨ᠂ 7 ᠵᠦᠢᠯ ᠤᠨ ᠪᠠᠷᠢᠮᠵᠢᠶ᠎ᠡ ᠳᠤ ᠵᠠᠰᠠᠪᠤᠷᠢ ᠤᠷᠤᠭᠤᠯᠬᠤ ᠪᠠᠷ ᠲᠦᠯᠦᠪᠯᠡᠵᠠᠢ᠃  ᠡᠬᠦᠨ ᠳᠤ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠢ ᠤᠨᠳᠤᠤᠰᠢᠭᠤᠯᠬᠤ ᠪᠠᠷᠢᠮᠵᠢᠶ᠎ᠠ 134᠂ ᠤᠯᠤᠰ ᠤᠨ ᠲᠠᠰ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ 43᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ 91 ᠵᠦᠢᠯ ᠪᠠᠶᠢᠵᠤ᠂ ᠭᠤᠤᠯᠳᠠᠭᠤ ᠴᠥᠯᠯᠡᠷᠬᠡᠭᠵᠢᠯ ᠢ ᠵᠠᠰᠠᠬᠤ᠂ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ᠂ ᠲᠥᠬᠦᠭᠡᠷᠦᠮᠵᠢ ᠶᠢ ᠰᠢᠨᠡᠳᠭᠡᠬᠦ ᠪᠠ ᠬᠡᠷᠡᠭᠯᠡᠭᠡ ᠶᠢᠨ ᠵᠦᠢᠯᠡᠰ ᠤᠨ ᠬᠠᠭᠤᠴᠢᠨ ᠢᠶᠠᠷ ᠰᠢᠨ᠎ᠡ ᠶᠢ ᠰᠣᠯᠢᠬᠤ᠂ ᠨᠡᠭᠦᠷᠡᠰᠦᠲᠥ᠋ᠷᠥᠭᠴᠢ ᠶᠢᠨ ᠤᠯᠠ ᠮᠥᠷ᠂ ᠬᠠᠶᠠᠭᠳᠠᠮᠠᠯ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ᠂ ᠪᠣᠬᠢᠷᠲᠤᠯ ᠥᠬᠡᠶ ᠵᠠᠮ ᠬᠠᠷᠢᠯᠴᠠᠭ᠎ᠠ᠂ ᠲᠣᠮᠣ ᠳ᠋ᠠᠶᠢᠲ᠋ᠠ᠂ ᠭᠠᠯ ᠤᠨᠲᠠᠷᠠᠭᠠᠬᠤ᠂ ᠵᠢᠭᠤᠯᠴᠢᠯᠠᠯ᠂ ᠨᠠᠰᠤᠵᠢᠯ ᠤᠨ ᠠᠰᠠᠷᠠᠮᠵᠢ ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠬᠤᠯᠪᠤᠭᠳᠠᠪᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号