ᠰᠢ ᠶᠢᠨ ᠫᠢᠩ ᠠᠰᠲ᠋ᠠᠨᠠ ᠳᠤ ᠬᠦᠷᠪᠠ
ᠨᠡᠶᠢᠲᠡᠯᠡᠭᠰᠡᠨ ᠴᠠᠭ᠄
2024/7/3
   ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠪᠦᠷᠢᠯᠳᠦᠬᠦᠨ ᠤᠯᠤᠰ ᠤᠳ ᠤᠨ ᠲᠦᠷᠦᠭᠦᠴᠦᠳ ᠤᠨ ᠬᠡᠷᠡᠭ ᠡᠷᠬᠢᠯᠡᠭᠴᠢᠳ ᠤᠨ ᠬᠤᠷᠠᠯ ᠤᠨ ᠬᠤᠷᠢᠨ ᠳᠥᠷᠪᠡᠳᠦᠭᠡᠷ ᠤᠳᠠᠭ᠎ᠠ ᠶᠢᠨ ᠬᠤᠷᠠᠯ ᠳᠤ ᠣᠷᠣᠯᠴᠠᠬᠤ ᠶᠢᠨ ᠬᠠᠮᠲᠤ ᠺᠠᠽᠠᠭᠰᠲ᠋ᠠᠨ ᠲᠠᠵᠢᠺᠰᠲ᠋ᠠᠨ ᠳᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠪᠡᠭᠡᠵᠢᠩ ᠠᠴᠠ ᠮᠣᠷᠳᠠᠵᠦ ᠰᠢ ᠶᠢᠨ ᠫᠢᠩ ᠠᠰᠲ᠋ᠠᠨᠠ ᠳᠤ ᠬᠦᠷᠪᠠ   ᠰᠢᠨᠬᠤᠸᠠ ᠬᠤᠷᠢᠶ᠎ᠠ ᠶᠢᠨ ᠠᠰᠲ᠋ᠠᠨᠠ ᠶᠢᠨ 7 ᠰᠠᠷ᠎ᠠ ᠶᠢᠨ 2 ᠤᠨ ᠴᠠᠬᠢᠯᠭᠠᠨ ᠮᠡᠳᠡᠭᠡ ᠲᠤᠬᠠᠢ ᠶᠢᠨ ᠭᠠᠵᠠᠷ ᠤᠨ ᠴᠠᠭ ᠢᠶᠠᠷ 7 ᠰᠠᠷ᠎ᠠ ᠶᠢᠨ 2 ᠤᠨ ᠦᠳᠡ ᠳᠤ᠂ ᠤᠯᠤᠰ ᠤᠨ ᠲᠡᠷᠢᠭᠦᠯᠡᠭᠴᠢ ᠰᠢ ᠶᠢᠨ ᠫᠢᠩ ᠲᠤᠰᠬᠠᠢ ᠨᠢᠰᠬᠡᠯ ᠢᠶᠠᠷ ᠠᠰᠲ᠋ᠠᠨᠠ ᠳᠤ ᠬᠦᠷᠴᠤ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠪᠦᠷᠢᠯᠳᠦᠬᠦᠨ ᠤᠯᠤᠰ ᠤᠳ ᠤᠨ ᠳᠦᠷᠦᠬᠦᠴᠦᠳ ᠤᠨ ᠬᠡᠷᠡᠭ ᠡᠷᠬᠢᠯᠡᠭᠴᠢᠳ ᠤᠨ ᠬᠤᠷᠠᠯ ᠤᠨ ᠬᠤᠷᠢᠨ ᠳᠥᠷᠪᠡᠳᠦᠭᠡᠷ ᠤᠳᠠᠭ᠎ᠠ ᠶᠢᠨ ᠬᠤᠷᠠᠯ ᠳᠤ ᠣᠷᠣᠯᠴᠠᠵᠤ ᠂ ᠪᠦᠬᠦᠳᠡ ᠨᠠᠶᠢᠷᠠᠮᠳᠠᠬᠤ ᠺᠠᠽᠠᠭᠰᠲ᠋ᠠᠨ ᠤᠯᠤᠰ ᠤᠨ ᠶᠡᠷᠦᠩᠬᠡᠶᠢᠯᠡᠭᠴᠢ ᠲᠦᠸᠧᠺᠠᠶᠧᠹ ᠤᠨ ᠤᠷᠢᠯᠭ᠎ᠠ ᠪᠠᠷ ᠺᠠᠽᠠᠭᠰᠲ᠋ᠠᠨ ᠳᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠪᠡ᠃   ᠰᠢ ᠶᠢᠨ ᠫᠢᠩ ᠤᠨ ᠰᠠᠭᠤᠭᠰᠠᠨ ᠲᠤᠰᠬᠠᠢ ᠨᠢᠰᠭᠡᠯ ᠺᠠᠽᠠᠭᠰᠲ᠋ᠠᠨ ᠤ ᠬᠠᠷᠢᠶ᠎ᠠ ᠠᠭᠠᠷ ᠲᠤ ᠤᠷᠤᠭᠰᠠᠨ ᠤ ᠳᠠᠷᠠᠭ᠎ᠠ᠂ ᠺᠠᠽᠠᠭᠰᠲ᠋ᠠᠨ ᠤ ᠭᠤᠷᠪᠠᠨ ᠠᠭᠠᠷ ᠤᠨ ᠴᠡᠷᠢᠭ ᠤᠨ ᠪᠠᠶᠢᠯᠳᠤᠭᠠᠨ ᠤ ᠨᠢᠰᠭᠡᠯ ᠣᠭᠲᠠᠷᠭᠤᠢ ᠳᠤ ᠨᠢᠰᠦᠨ ᠠᠶᠠᠯᠠᠯ ᠢ ᠬᠠᠮᠠᠭᠠᠯᠠᠪᠠ᠃   ᠲᠤᠰᠬᠠᠢ ᠨᠢᠰᠭᠡᠯ ᠠᠰᠲ᠋ᠠᠨᠠ ᠶᠢᠨ ᠨᠠᠵᠠᠷᠪᠠᠢᠤᠹ ᠤᠯᠠᠨ ᠤᠯᠤᠰ ᠤᠨ ᠨᠢᠰᠭᠡᠯ ᠤᠨ ᠪᠠᠭᠤᠳᠠᠯ ᠳᠤ ᠬᠦᠷᠬᠦ ᠳᠤ᠂ ᠺᠠᠽᠠᠭᠰᠲ᠋ᠠᠨ ᠤ ᠶᠡᠷᠦᠩᠬᠡᠶᠢᠯᠡᠭᠴᠢ ᠲᠦᠸᠧᠺᠠᠶᠧᠹ᠂ ᠵᠠᠰᠠᠭ ᠤᠨ ᠣᠷᠳᠣᠨ ᠤ ᠨᠢᠭᠡᠳᠦᠭᠡᠷ ᠳᠡᠳ᠋ ᠶᠡᠷᠦᠩᠬᠡᠢ ᠰᠠᠶᠢᠳ  ᠰᠺᠧᠯᠢᠶᠠᠷ᠂ ᠳᠡᠳ᠋ ᠶᠡᠷᠦᠩᠬᠡᠢ ᠰᠠᠶᠢᠳ ᠪᠥᠭᠡᠳ ᠭᠠᠳᠠᠭᠠᠳᠤ ᠶᠠᠪᠤᠳᠠᠯ ᠤᠨ ᠶᠠᠮᠤᠨ ᠤ ᠰᠠᠶᠢᠳ ᠨᠦᠷᠲ᠋ᠤᠯᠢᠶ᠋ᠸᠦ᠋᠂ ᠶᠡᠷᠦᠩᠬᠡᠶᠢᠯᠡᠭᠴᠢ ᠶᠢᠨ ᠭᠠᠳᠠᠭᠠᠳᠤ ᠶᠠᠪᠤᠳᠠᠯ ᠤᠨ ᠵᠥᠪᠯᠡᠭᠴᠢ ᠺᠠᠵᠢᠬᠠᠨ᠂ ᠠᠰᠲ᠋ᠠᠨᠠ ᠬᠤᠳᠠ ᠶᠢᠨ ᠳᠠᠷᠤᠭ᠎ᠠ ᠺᠠᠰᠤᠮᠪᠤᠺ ᠵᠡᠷᠭᠡ ᠳᠡᠭᠡᠳᠦ ᠵᠡᠷᠭᠡ ᠶᠢᠨ ᠠᠯᠪᠠᠨ ᠲᠤᠰᠢᠶᠠᠯᠳᠠᠳ ᠢᠶᠠᠨ ᠳᠠᠭᠠᠭᠤᠯᠤᠨ ᠬᠠᠯᠠᠭᠤᠨ ᠢᠶᠠᠷ ᠤᠭᠲᠤᠯᠭ᠎ᠠ ᠬᠢᠪᠡ᠃ ᠭᠤᠶᠣᠯᠠᠯ ᠤᠨ ᠬᠤᠪᠴᠠᠰᠤ ᠡᠮᠦᠰᠦᠭᠰᠡᠨ ᠺᠠᠽᠠᠬᠰᠲ᠋ᠠᠨ ᠤ ᠵᠠᠯᠠᠭᠤ ᠡᠮᠡᠭᠳᠡᠢ ᠰᠢ ᠶᠢᠨ ᠫᠢᠩ ᠳᠤ ᠰᠣᠷᠭᠤᠭ ᠴᠡᠴᠡᠭ ᠬᠦᠷᠭᠡᠪᠡ    ᠲᠦᠸᠧᠺᠠᠶᠧᠹ ᠨᠢᠰᠭᠡᠯ ᠤᠨ ᠪᠠᠭᠤᠳᠠᠯ ᠳᠤ ᠰᠢ ᠶᠢᠨ ᠫᠢᠩ ᠢ ᠤᠭᠲᠤᠬᠤ ᠦᠪᠡᠳᠡᠭᠰᠢ ᠶᠡᠭᠡ ᠶᠣᠰᠣᠯᠠᠯ ᠶᠠᠪᠤᠭᠤᠯᠪᠠ᠃ 100 ᠭᠠᠷᠤᠢ ᠶᠣᠰᠣᠯᠠᠯ ᠤᠨ ᠴᠡᠷᠢᠭ ᠵᠢᠪᠬᠤᠭ᠎ᠠ ᠳᠡᠬᠦᠯᠳᠡᠷ ᠪᠠᠶᠢᠵᠥ᠂ ᠴᠡᠷᠢᠭ ᠤᠨ ᠬᠥᠭᠵᠢᠮ ᠤᠨ ᠠᠩᠬᠢ ᠵᠣᠴᠢᠨ ᠤᠭᠲᠤᠬᠤ ᠠᠶ᠎ᠠ ᠶᠢ ᠬᠦᠭᠵᠢᠮᠳᠡᠵᠥ ᠵᠣᠴᠢᠨ ᠤᠭᠲᠤᠬᠤ ᠪᠦᠷᠢᠶ᠎ᠡ ᠶᠢ ᠬᠠᠩᠬᠢᠨᠠᠭᠤᠯᠪᠠ᠃ ᠺᠠᠽᠠᠭᠰᠲ᠋ᠠᠨ ᠤ ᠵᠠᠭᠤ ᠰᠢᠬᠠᠮ ᠬᠡᠦᠬᠡᠳ ᠳᠤᠮᠳᠠᠳᠤ ᠺᠠᠽᠠᠭᠰᠲ᠋ᠠᠨ ᠬᠤᠶᠠᠷ ᠤᠯᠤᠰ ᠤᠨ ᠤᠯᠤᠰ ᠤᠨ ᠲᠤᠭ ᠢ ᠬᠤᠷᠦ᠋ᠢᠯᠠᠵᠤ᠂ ︽ᠰᠠᠶᠢᠨ ᠪᠠᠶᠢᠨ᠎ᠠ ᠦᠦ︾ ᠭᠡᠵᠦ ᠮᠡᠨᠳᠦᠴᠢᠯᠡᠨ᠂ ᠰᠢ ᠶᠢᠨ ᠫᠢᠩ ᠤᠨ ᠠᠶᠢᠯᠴᠢᠯᠠᠷ᠎ᠠ ᠢᠷᠡᠭᠰᠡᠨ ᠢ ᠬᠠᠯᠠᠭᠤᠨ ᠢᠶᠠᠷ ᠤᠭᠲᠤᠪᠠ᠃   ᠰᠢ ᠶᠢᠨ ᠫᠢᠩ ᠲᠦᠸᠧᠺᠠᠶᠧᠹ ᠤᠨ ᠪᠠᠷ᠎ᠠ ᠪᠤᠯᠤᠯᠭ᠎ᠠ ᠲᠠᠢ ᠪᠠᠷ ᠶᠣᠰᠣᠯᠠᠯ ᠤᠨ ᠠᠩᠬᠢ ᠶᠢ ᠰᠢᠯᠭᠠᠨ ᠦᠵᠡᠪᠡ᠃ ᠺᠠᠽᠠᠭᠰᠲ᠋ᠠᠨ ᠤ ᠠᠷᠪᠠ ᠭᠠᠷᠤᠶ ᠪᠠᠭᠠᠴᠤᠳ ᠬᠢᠲᠠᠳ ᠬᠡᠯᠡ ᠪᠠᠷ ︽ᠡᠬᠡ ᠤᠯᠤᠰ ᠢᠶᠠᠨ ᠮᠠᠭᠲᠠᠨ ᠳᠠᠭᠤᠯᠠᠶ᠎ᠠ︾ ᠭᠡᠬᠦ ᠳᠠᠭᠤᠤ ᠶᠢ ᠳᠠᠭᠤᠯᠠᠪᠠ᠃ᠰᠢ ᠶᠢᠨ ᠫᠢᠩ ᠨᠢᠰᠭᠡᠯ ᠤᠨ ᠪᠠᠭᠤᠳᠠᠯ ᠳᠤ ᠪᠢᠴᠢᠭ ᠤᠨ ᠶᠠᠷᠢᠶ᠎ᠠ ᠲᠠᠯᠪᠢᠵᠤ᠂ ᠳᠤᠮᠳᠠᠳᠤ ᠤᠯᠤᠰ ᠤᠨ ᠵᠠᠰᠠᠭ ᠤᠨ ᠣᠷᠳᠣᠨ ᠪᠣᠯᠤᠨ ᠳᠤᠮᠳᠠᠳᠤ ᠤᠯᠤᠰ ᠤᠨ ᠠᠷᠠᠳ ᠲᠦᠮᠡᠨ ᠤ ᠡᠮᠦᠨ᠎ᠡ ᠠᠴᠠ ᠨᠥᠬᠦᠷᠰᠡᠭ ᠺᠠᠽᠠᠭᠰᠲ᠋ᠠᠨ ᠤ ᠠᠷᠠᠳ ᠲᠦᠮᠡᠨ ᠳᠤ ᠴᠢᠩ ᠰᠡᠳᠭᠢᠯ ᠤᠨ ᠮᠡᠨᠳᠦᠴᠢᠯᠡᠯ ᠪᠣᠯᠤᠨ ᠰᠠᠶᠢᠨ ᠰᠠᠶᠢᠬᠠᠨ ᠵᠥᠩᠨᠡᠯ ᠳᠡᠪᠰᠢᠭᠦᠯᠪᠡ᠃   ᠰᠢ ᠶᠢᠨ ᠫᠢᠩ᠂ ᠳᠤᠮᠳᠠᠳᠤ ᠺᠠᠽᠠᠭᠰᠲ᠋ᠠᠨ ᠤ ᠨᠥᠬᠦᠷᠯᠡᠯ ᠥᠨᠢ ᠤᠳᠠᠭᠠᠨ ᠲᠡᠦᠬᠡ ᠲᠠᠢ ᠶᠤᠮ᠃ ᠬᠤᠶᠠᠷ ᠤᠯᠤᠰ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 32 ᠵᠢᠯ ᠤᠨ ᠲᠤᠷᠰᠢ᠂ ᠳᠤᠮᠳᠠᠳᠤ ᠺᠠᠽᠠᠭᠰᠲ᠋ᠠᠨ ᠤ ᠬᠠᠷᠢᠯᠴᠠᠭ᠎ᠠ ᠴᠠᠭ ᠦᠶ᠎ᠡ ᠶᠢᠨ ᠬᠤᠪᠢᠷᠠᠯᠲᠠ ᠪᠣᠯᠤᠨ ᠳᠡᠯᠡᠬᠡᠢ ᠶᠢᠨ ᠤᠷᠪᠠᠭᠠᠨ ᠬᠥᠷᠪᠡᠭᠡᠨ ᠲᠠᠢ ᠪᠠᠶᠢᠳᠠᠯ ᠤᠨ ᠰᠢᠯᠭᠠᠯᠲᠠ ᠶᠢ ᠳᠠᠭᠠᠭᠠᠵᠤ᠂ ᠬᠤᠣᠰ ᠦᠭᠡᠢ ᠦᠨᠢᠳᠡ ᠶᠢᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠨᠢᠲᠠᠨ ᠤ ᠬᠠᠷᠢᠯᠴᠠᠭ᠎ᠠ ᠪᠠᠶᠢᠭᠤᠯᠵᠤ᠂ ᠬᠥᠷᠰᠢ ᠵᠡᠷᠭᠡᠯᠡᠳᠡᠭᠡ ᠤᠯᠤᠰ ᠤᠨ ᠰᠡᠳᠭᠢᠯ ᠨᠢᠭᠡᠳᠤᠨ ᠬᠦᠴᠦᠨ ᠢᠶᠠᠨ ᠬᠠᠮᠲᠤᠳᠬᠠᠵᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠵᠥ᠂ ᠬᠠᠷᠢᠯᠴᠠᠨ ᠠᠮᠵᠢᠯᠲᠠ ᠣᠯᠤᠭᠰᠠᠨ ᠬᠠᠷᠢᠯᠴᠠᠭᠠᠨ ᠤ ᠬᠡᠪ ᠳᠠᠭᠤᠷᠢᠶᠠᠯ ᠢ ᠪᠤᠢ ᠪᠣᠯᠭᠠᠪᠠ᠃ 11 ᠵᠢᠯ ᠤᠨ ᠡᠮᠦᠨ᠎ᠡ᠂ ᠪᠢ ᠺᠠᠽᠠᠬᠰᠲ᠋ᠠᠠ ᠳᠤ ︽ᠲᠣᠷᠭᠠᠨ ᠵᠠᠮ ᠤᠨ ᠠᠵᠤ ᠠᠬᠤᠶ ᠶᠢᠨ ᠪᠦᠰᠡ︾ ᠶᠢ ᠬᠠᠮᠲᠤ ᠪᠠᠷ ᠪᠦᠲᠦᠭᠡᠨ ᠪᠠᠶᠢᠭᠤᠯᠬᠤ ᠰᠠᠨᠠᠭᠠᠴᠢᠯᠠᠭ᠎ᠠ ᠶᠢ ᠠᠩᠬ᠎ᠠ ᠳᠤᠷᠠᠳᠤᠭᠰᠠᠨ ᠶᠤᠮ᠃ ᠡᠳᠦᠭᠡ᠂ ᠳᠤᠮᠳᠠᠳᠤ ᠺᠠᠽᠠᠭᠰᠲ᠋ᠠᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠳᠦᠬᠡᠨ ᠪᠠᠶᠢᠭᠤᠯᠤᠭᠠᠳ ᠡᠯᠪᠡᠭ ᠪᠠᠶᠠᠯᠢᠭ ᠦᠷ᠎ᠡ ᠪᠦᠲᠦᠭᠡᠯ ᠣᠯᠵᠠᠢ᠃ ᠪᠢ ᠶᠡᠷᠦᠩᠬᠡᠶᠢᠯᠡᠭᠴᠢ ᠲᠦᠤᠤᠺᠠᠢᠤᠹ ᠲᠠᠢ ᠳᠤᠮᠳᠠᠳᠤ ᠺᠠᠽᠠᠬᠰᠲ᠋ᠠᠨ ᠤ ᠬᠠᠷᠢᠯᠴᠠᠭ᠎ᠠ ᠵᠢᠴᠢ ᠬᠠᠮᠲᠤ ᠪᠠᠷ ᠠᠩᠬᠠᠷᠴᠤ ᠪᠠᠶᠢᠭ᠎ᠠ ᠳᠡᠯᠡᠬᠡᠢ ᠶᠢᠨ ᠪᠠ ᠭᠠᠵᠠᠷ ᠣᠷᠣᠨ ᠤ ᠠᠰᠠᠭᠤᠳᠠᠯ ᠤᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠳᠤᠮᠳᠠᠳᠤ ᠺᠠᠽᠠᠬᠰᠲ᠋ᠠᠨ ᠤ ᠡᠭᠦᠷᠢᠳᠡ ᠶᠢᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠬᠥᠭᠵᠢᠯᠲᠡ ᠶᠢᠨ ᠰᠢᠨ᠎ᠡ ᠵᠢᠷᠤᠭ ᠲᠥᠰᠦᠪ ᠢ ᠵᠢᠷᠤᠭᠯᠠᠵᠤ᠂ ᠰᠢᠨ᠎ᠡ ᠪᠠᠶᠢᠷᠢᠯᠠᠭᠤᠯᠤᠯᠲᠠ ᠬᠢᠬᠦ ᠶᠢ ᠬᠦᠰᠡᠵᠦ ᠪᠠᠶᠢᠨ᠎ᠠ᠃ ᠪᠢ ᠪᠠᠰᠠ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠠᠰᠲ᠋ᠠᠨᠠ ᠶᠢᠨ ᠲᠦᠷᠦᠭᠦᠴᠦᠳ ᠤᠨ ᠬᠤᠷᠠᠯ ᠳᠤ ᠣᠷᠣᠯᠴᠠᠵᠤ᠂ ᠡᠯ᠎ᠡ ᠲᠠᠯ᠎ᠠ ᠶᠢᠨ ᠬᠢᠨ ᠲᠠᠢ ᠬᠠᠮᠲᠤ ᠪᠠᠷ ᠵᠣᠬᠢᠶᠠᠨ ᠪᠠᠶᠢᠭᠤᠯᠤᠯᠲᠠ ᠶᠢᠨ ᠢᠷᠡᠭᠡᠳᠦᠢ ᠶᠢ ᠶᠠᠷᠢᠯᠴᠠᠵᠤ᠂ ᠬᠠᠮᠲᠤᠷᠠᠯᠴᠠᠭᠠᠨ ᠤ ᠶᠡᠭᠡ ᠪᠤᠳᠤᠯᠭ᠎ᠠ ᠶᠢ ᠬᠠᠮᠲᠤ ᠪᠠᠷ ᠵᠥᠪᠳᠡᠯᠴᠡᠵᠦ᠂ ᠡᠨᠡ ᠬᠦ ᠴᠢᠬᠤᠯᠠ ᠤᠯᠠᠨ ᠲᠠᠯᠠᠲᠤ ᠲᠣᠭᠲᠠᠴᠠ ᠶᠢᠨ ᠨᠡᠩ ᠶᠡᠭᠡ ᠰᠢᠨ᠎ᠡ ᠬᠥᠭᠵᠢᠯᠲᠡ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ ᠬᠡᠵᠥ ᠵᠢᠭᠠᠵᠥ ᠭᠠᠷᠭᠠᠪᠠ᠃   ᠼᠠᠢ ᠴᠢ᠂ ᠸᠠᠩ ᠢ ᠵᠡᠷᠭᠡ ᠪᠠᠷ᠎ᠠ ᠪᠣᠯᠤᠭᠰᠠᠳ ᠨᠢᠰᠭᠡᠯ ᠢᠶᠠᠷ ᠬᠠᠮᠲᠤ ᠬᠦᠷᠪᠡ᠃   ᠺᠠᠽᠠᠭᠰᠲ᠋ᠠᠨ ᠳᠤ ᠰᠠᠭᠤᠭ᠎ᠠ ᠳᠤᠮᠳᠠᠳᠤ ᠤᠯᠤᠰ ᠤᠨ ᠡᠯᠴᠢᠨ ᠰᠠᠶᠢᠳ ᠵᠠᠩ ᠰᠢᠶᠤᠤ ᠪᠠᠰᠠ ᠨᠢᠰᠭᠡᠯ ᠤᠨ ᠪᠠᠭᠤᠳᠠᠯ ᠳᠤ ᠬᠦᠷᠴᠦ ᠤᠭᠲᠤᠵᠠᠢ᠃   ᠰᠢ ᠶᠢᠨ ᠫᠢᠩ ᠮᠠᠰᠢᠨ ᠲᠡᠷᠭᠡᠨ ᠳᠤ ᠰᠠᠭᠤᠵᠤ ᠨᠢᠰᠭᠡᠯ ᠤᠨ ᠪᠠᠭᠤᠳᠠᠯ ᠠᠴᠠ ᠪᠠᠭᠤᠳᠠᠯᠯᠠᠬᠤ ᠵᠣᠴᠢᠳ ᠤᠨ ᠪᠠᠭᠤᠳᠠᠯ ᠳᠤ ᠬᠦᠷᠬᠦ ᠵᠠᠮ ᠵᠠᠭᠤᠷ᠎ᠠ᠂ ᠲᠤᠬᠠᠢ ᠶᠢᠨ ᠭᠠᠵᠠᠷ ᠤᠨ ᠳᠤᠮᠳᠠᠳᠤ ᠶᠢᠨ ᠪᠡᠯᠡᠳᠦ ᠠᠵᠤ ᠠᠬᠤᠶᠢᠯᠠᠯ ᠤᠨ ᠲᠥᠯᠥᠭᠡᠯᠡᠭᠴᠢᠳ ᠵᠠᠮ ᠤᠨ ᠬᠤᠶᠠᠷ ᠬᠠᠵᠠᠭᠤ ᠪᠠᠷ ᠬᠦᠯᠢᠶᠡᠵᠦ᠂ ᠳᠤᠮᠳᠠᠳᠤ ᠺᠠᠽᠠᠭᠰᠲ᠋ᠠᠨ ᠬᠤᠶᠠᠷ ᠤᠯᠤᠰ ᠤᠨ ᠤᠯᠤᠰ ᠤᠨ ᠲᠤᠭ ᠢ ᠬᠤᠷᠦ᠋ᠢᠯᠠᠵᠤ᠂ ︽ᠲᠡᠷᠢᠭᠦᠯᠡᠭᠴᠢ ᠰᠢ ᠶᠢᠨ ᠫᠢᠩ ᠤᠨ ᠺᠠᠽᠠᠭᠰᠲ᠋ᠠᠨ ᠳᠤ ᠠᠶᠢᠯᠴᠢᠯᠠᠯᠲᠠ ᠬᠢᠬᠦ ᠶᠢ ᠪᠠᠶᠠᠷᠯᠠᠨ ᠤᠭᠲᠤᠶ᠎ᠠ︾ ᠵᠡᠷᠭᠡ ᠤᠯᠠᠭᠠᠨ ᠬᠥᠨᠳᠡᠯᠡᠨ ᠪᠢᠴᠢᠭᠡᠰᠦ ᠶᠢ ᠥᠨᠳᠥᠷ ᠡᠷᠭᠦᠵᠦ᠂ ᠲᠡᠷᠢᠭᠦᠯᠡᠭᠴᠢ ᠰᠢ ᠶᠢᠨ ᠫᠢᠩ ᠤᠨ ᠠᠶᠢᠯᠴᠢᠯᠠᠷ᠎ᠠ ᠢᠷᠡᠭᠰᠡᠨ ᠢ ᠬᠠᠯᠠᠭᠤᠨ ᠢᠶᠠᠷ ᠤᠭᠲᠤᠪᠠ᠃   ᠰᠢᠨᠬᠤᠸᠠ ᠬᠤᠷᠢᠶ᠎ᠠ ᠶᠢᠨ ᠪᠡᠭᠡᠵᠢᠩ ᠤᠨ 7 ᠰᠠᠷ᠎ᠠ ᠶᠢᠨ 2 ᠤᠨ ᠴᠠᠬᠢᠯᠭᠠᠨ ᠮᠡᠳᠡᠭᠡ 7 ᠰᠠᠷ᠎ᠠ ᠶᠢᠨ 2 ᠤᠨ ᠦᠳᠡ ᠶᠢᠨ ᠡᠮᠦᠨ᠎ᠡ᠂ ᠤᠯᠤᠰ ᠤᠨ ᠲᠡᠷᠢᠬᠦᠯᠡᠭᠴᠢ ᠰᠢ ᠶᠢᠨ ᠫᠢᠩ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠪᠦᠷᠢᠯᠳᠦᠬᠦᠨ ᠤᠯᠤᠰ ᠤᠳ ᠤᠨ ᠲᠦᠷᠦᠬᠦᠴᠤᠳ ᠤᠨ ᠬᠡᠷᠡᠭ ᠡᠷᠬᠢᠯᠡᠭᠴᠢᠳ ᠤᠨ ᠬᠤᠷᠠᠯ ᠤᠨ ᠬᠤᠷᠢᠨ ᠳᠥᠷᠪᠡᠳᠦᠭᠡᠷ ᠤᠳᠠᠭ᠎ᠠ ᠶᠢᠨ ᠬᠤᠷᠠᠯ ᠳᠤ ᠣᠷᠣᠯᠴᠠᠬᠤ ᠶᠢᠨ ᠬᠠᠮᠳᠤ᠂ ᠪᠦᠬᠦᠳᠡ ᠨᠠᠶᠢᠷᠠᠮᠳᠠᠬᠤ ᠺᠠᠽᠠᠭᠰᠲ᠋ᠠᠨ ᠤᠯᠤᠰ ᠤᠨ ᠶᠡᠷᠦᠩᠬᠡᠶᠢᠯᠡᠭᠴᠢ ᠲᠦᠸᠧᠺᠠᠶᠧᠹ᠂ ᠪᠦᠬᠦᠳᠡ ᠨᠠᠶᠢᠷᠠᠮᠳᠠᠬᠤ ᠲᠠᠵᠢᠺᠰᠲ᠋ᠠᠨ ᠤᠯᠤᠰ ᠤᠨ ᠶᠡᠷᠦᠩᠬᠡᠶᠢᠯᠡᠭᠴᠢ ᠯᠠᠾᠤᠮᠤᠩ ᠤᠨ ᠤᠷᠢᠯᠭ᠎ᠠ ᠪᠠᠷ ᠬᠤᠶᠠᠷ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠲᠤᠰᠬᠠᠢ ᠨᠢᠰᠭᠡᠯ ᠢᠶᠠᠷ ᠪᠡᠭᠡᠵᠢᠩ ᠠᠴᠠ ᠠᠰᠲ᠋ᠠᠨᠠ ᠵᠦᠭ ᠮᠤᠷᠳᠠᠪᠠ᠃   ᠰᠢ ᠶᠢᠨ ᠫᠢᠩ ᠳᠤ ᠪᠠᠷ᠎ᠠ ᠪᠣᠯᠤᠭᠰᠠᠳ ᠲᠤ᠄ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠥᠪ ᠤᠨ ᠠᠯᠪᠠᠨ ᠲᠢᠩᠬᠢᠮ ᠤᠨ ᠡᠷᠬᠢᠯᠡᠭᠴᠢ ᠼᠠᠢ ᠴᠢ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠭᠠᠳᠠᠭᠠᠳᠤ ᠶᠠᠪᠤᠳᠠᠯ ᠤᠨ ᠶᠠᠮᠤᠨ ᠤ ᠰᠠᠶᠢᠳ ᠸᠠᠩ ᠢ ᠨᠡᠷ ᠪᠤᠢ᠃
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号