ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠶᠢᠨ ᠠᠵᠢᠯ ᠢ ᠦᠷᠭᠦᠯᠵᠢᠯᠡᠨ ᠰᠠᠶᠢᠳᠦᠷ ᠬᠢᠨ᠎ᠠ
ᠨᠡᠶᠢᠲᠡᠯᠡᠭᠰᠡᠨ ᠴᠠᠭ᠄
2024/7/30
   ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠠᠵᠢᠯ ᠢ ᠦᠨᠡᠨ ᠬᠦ ᠰᠠᠶᠢᠲᠤᠷ ᠬᠢᠵᠦ᠂ ᠠᠮᠤᠷ ᠲᠦᠪᠰᠢᠨ ᠤ ᠬᠠᠷᠢᠭᠤᠴᠠᠯᠭ᠎ᠠ ᠶᠢᠨ ᠤᠬᠠᠮᠰᠠᠷ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠡᠯ᠎ᠡ ᠲᠥᠷᠥᠯ ᠤᠨ ᠠᠮᠤᠷ ᠲᠦᠪᠰᠢᠨ ᠤ ᠠᠳᠠᠯ ᠭᠠᠷᠬᠤ ᠶᠢ ᠰᠡᠷᠭᠡᠶᠢᠯᠡᠬᠦ ᠶᠢᠨ ᠲᠥᠯᠥᠭᠡ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢᠨ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠶᠢᠨ ᠠᠵᠢᠯ ᠢ ᠦᠷᠭᠦᠯᠵᠢᠯᠡᠨ ᠥᠷᠨᠢᠭᠦᠯᠵᠦ᠂ ᠪᠦᠬᠦ ᠬᠤᠰᠢᠭᠤᠨ ᠤ ᠡᠯ᠎ᠡ ᠪᠠᠶᠢᠭᠤᠯᠵᠤ ᠪᠠᠶᠢᠭ᠎ᠠ ᠪᠠᠷᠢᠯᠭ᠎ᠠ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠢ ᠰᠤᠭᠤᠴᠢᠨ ᠪᠠᠶᠢᠴᠠᠭᠠᠪᠠ᠃    ᠣᠶᠢᠷ᠎ᠠ ᠳᠤ᠂ ᠰᠤᠷᠪᠤᠯᠵᠢᠯᠠᠭᠴᠢ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠤᠮᠳᠠᠳᠤ ᠬᠤᠰᠢᠭᠤᠨ ᠤ ᠲᠥᠪ ᠤᠨ ᠨᠥᠭᠡᠴᠡ ᠥᠷᠲᠡᠭᠡ ᠶᠢᠨ ᠲᠥᠷᠥᠯ ᠵᠦᠢᠯ ᠤᠨ ᠪᠠᠷᠢᠯᠭ᠎ᠠ ᠶᠢᠨ ᠭᠠᠵᠠᠷ ᠲᠤ ᠬᠦᠷᠴᠦ᠂ ᠠᠮᠤᠷ ᠲᠦᠪᠰᠢᠨ ᠤ ᠪᠠᠶᠢᠴᠠᠭᠠᠯᠲᠠ ᠶᠢᠨ ᠠᠵᠢᠯᠲᠠᠳ ᠶᠠᠭ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ᠂ ᠦᠶᠡᠷ ᠢ ᠰᠡᠷᠭᠡᠶᠢᠯᠡᠵᠦ ᠦᠶᠡᠷ ᠢ ᠰᠡᠷᠭᠡᠶᠢᠯᠡᠬᠦ ᠪᠡᠯᠡᠳᠬᠡᠯ ᠵᠢᠴᠢ ᠮᠠᠭᠤ ᠴᠠᠭ ᠠᠭᠤᠷ ᠢ ᠰᠡᠷᠭᠡᠶᠢᠯᠡᠭᠰᠡᠨ᠂ ᠪᠠᠷᠢᠯᠭ᠎ᠠ ᠶᠢᠨ ᠬᠦᠨᠳᠦ ᠶᠢ ᠡᠷᠭᠦᠬᠦ ᠮᠠᠰᠢᠨ᠂ ᠠᠶᠤᠯᠲᠠᠢ ᠪᠠᠷᠢᠯᠭ᠎ᠠ ᠶᠢᠨ ᠬᠠᠮᠢᠶᠠᠷᠤᠯᠲᠠ ᠵᠢᠴᠢ ᠲᠥᠷᠥᠯ ᠵᠦᠢᠯ ᠤᠨ ᠬᠠᠮᠢᠶᠠᠷᠤᠯᠲᠠ ᠶᠢᠨ ᠠᠵᠢᠯᠲᠠᠨ ᠤ ᠠᠵᠢᠯ ᠤᠨ ᠪᠠᠶᠢᠷᠢ ᠳᠠᠭᠠᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠵᠡᠷᠭᠡ ᠪᠠᠶᠢᠳᠠᠯ ᠳᠤ ᠵᠦᠢᠯ ᠳᠠᠷᠠᠭᠠᠯᠠᠨ ᠬᠢᠨᠠᠨ ᠪᠠᠶᠢᠴᠠᠭᠠᠯᠲᠠ ᠬᠢᠬᠦ ᠶᠢᠨ ᠬᠠᠮᠲᠤ᠂ ᠠᠮᠤᠷ ᠲᠦᠪᠰᠢᠨ ᠤ ᠪᠠᠶᠢᠴᠠᠭᠠᠯᠲᠠ ᠶᠢᠨ ᠠᠵᠢᠯᠲᠠᠨ ᠣᠯᠵᠤ ᠮᠡᠳᠡᠭᠰᠡᠨ ᠠᠮᠤᠷ ᠲᠦᠪᠰᠢᠨ ᠤ ᠳᠠᠯᠳᠠ ᠭᠡᠮ ᠢ ᠲᠡᠷᠡ ᠳᠠᠷᠤᠢ ᠳᠤᠨᠢ ᠴᠡᠭᠴᠡᠯᠡᠨ ᠰᠠᠶᠢᠵᠢᠷᠠᠭᠤᠯᠬᠤ ᠪᠠᠷ ᠵᠠᠷᠯᠢᠭᠳᠠᠵᠤ᠂ ᠳᠠᠷᠦ᠋ᠢᠬᠠᠨ ᠴᠡᠭᠴᠡᠯᠡᠨ ᠰᠠᠶᠢᠵᠢᠷᠠᠭᠤᠯᠵᠤ ᠳᠡᠶᠢᠯᠬᠦ ᠦᠭᠡᠢ ᠪᠠᠶᠢᠪᠠᠯ᠂ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠪᠠ᠃    ︽ᠮᠠᠨ ᠤ ᠳᠤᠮᠳᠠᠳᠤ ᠤᠯᠤᠰ ᠤᠨ ᠨᠢᠭᠡᠳᠦᠭᠡᠷ ᠲᠡᠮᠦᠷᠯᠢᠭ ᠬᠠᠶᠢᠯᠤᠭᠤᠯᠬᠤ ᠪᠦᠯᠦᠭᠯᠡᠯ ᠨᠢ ᠲᠤᠰ ᠲᠥᠷᠥᠯ ᠵᠦᠢᠯ ᠤᠨ ᠳᠠᠭᠠᠭᠠᠴᠢᠯᠠᠨ ᠪᠠᠶᠢᠭᠤᠯᠬᠤ ᠨᠢᠭᠡᠴᠡ ᠪᠣᠯᠤᠭᠰᠠᠨ ᠤ ᠬᠤᠪᠢ ᠳᠤ᠂ ᠠᠵᠢᠯᠲᠠᠨ ᠤ ᠲᠠᠯᠠᠪᠠᠢ ᠳᠤ ᠣᠷᠣᠬᠤ ᠪᠣᠭᠤᠮᠲᠠ ᠵᠢᠴᠢ ᠠᠮᠤᠷ ᠲᠦᠪᠰᠢᠨ ᠤ ᠬᠥᠮᠦᠵᠢᠯ ᠢ ᠰᠠᠶᠢᠲᠤᠷ ᠠᠳᠬᠤᠬᠤ ᠶᠢ ᠢᠮᠠᠭᠲᠠ ᠪᠠᠷᠢᠮᠲᠠᠯᠠᠬᠤ ᠶᠢᠨ ᠬᠠᠮᠲᠤ᠂ ᠠᠮᠤᠷ ᠲᠦᠪᠰᠢᠨ ᠤ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠪᠤᠢ ᠪᠦᠬᠦᠢ ᠳᠠᠯᠳᠠ ᠭᠡᠮ ᠢ ᠴᠥᠮ ᠴᠤᠬᠤᠶᠢᠵᠤ ᠪᠠᠶᠢᠭ᠎ᠠ ᠪᠠᠶᠢᠳᠠᠯ ᠳᠤᠨᠢ ᠠᠷᠢᠯᠭᠠᠪᠠ᠃ ᠣᠲᠣ ᠲᠥᠷᠥᠯ ᠵᠦᠢᠯ ᠤᠨ ᠭᠤᠣᠯ ᠴᠣᠭᠴᠠ ᠶᠢᠨ ᠪᠦᠲᠦᠴᠡ ᠶᠢᠨ ᠣᠷᠣᠢ ᠶᠢ ᠪᠢᠲᠡᠭᠦᠮᠵᠢᠯᠡᠵᠦ᠂ ᠬᠦᠨᠳᠦ ᠶᠡᠭᠡ ᠠᠮᠤᠷ ᠲᠦᠪᠰᠢᠨ ᠤ ᠭᠡᠮ ᠰᠣᠭᠤᠭ ᠢ ᠦᠨᠳᠦᠰᠦᠨ ᠳᠡᠭᠡᠨ ᠠᠷᠢᠯᠭᠠᠪᠠ᠂ ᠭᠡᠪᠡᠴᠦ ᠵᠠᠯᠭᠠᠭᠠᠳ ᠪᠢᠳᠡ ᠪᠠᠰᠠ ᠠᠮᠤᠷ ᠲᠦᠪᠰᠢᠨ ᠤ ᠬᠠᠮᠢᠶᠠᠷᠤᠯᠲᠠ ᠪᠠᠨ ᠦᠷᠭᠦᠯᠵᠢᠯᠡᠨ ᠴᠢᠩᠭᠠᠳᠬᠠᠵᠤ᠂ ᠡᠨᠡ ᠬᠦ ᠲᠥᠷᠥᠯ ᠵᠦᠢᠯ ᠤᠨ ᠲᠡᠭᠦᠰ ᠠᠮᠵᠢᠯᠲᠠ ᠲᠠᠢ ᠲᠡᠭᠦᠰᠬᠦ ᠶᠢ ᠪᠠᠲᠤᠯᠠᠨ᠎ᠠ︾  ᠭᠡᠵᠤ ᠳᠤᠮᠳᠠᠳᠤ ᠤᠯᠤᠰ ᠤᠨ ᠨᠢᠭᠡᠳᠦᠭᠡᠷ ᠶᠧ ᠪᠦᠯᠦᠭᠯᠡᠯ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠲᠥᠪ ᠤᠨ ᠬᠠᠳᠠᠭᠠᠯᠠᠮᠵᠢ ᠶᠢᠨ ᠥᠷᠲᠡᠭᠡᠨ ᠤ ᠲᠥᠷᠥᠯ ᠵᠦᠢᠯ ᠤᠨ ᠳᠠᠭᠠᠭᠠᠮᠠᠯ ᠰᠢᠦᠢ ᠵᠢᠩ ᠢᠦᠢ ᠬᠡᠯᠡᠵᠡᠢ᠃    ᠰᠣᠶᠣᠯ ᠤ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ᠂ ᠪᠠᠶᠢᠴᠠᠭᠠᠬᠤ ᠳᠤᠭᠤᠶᠢᠯᠠᠩ ᠤᠨ ᠬᠢᠨ ᠪᠠᠷᠢᠯᠭ᠎ᠠ ᠶᠢᠨ ᠲᠤᠬᠠᠢ ᠶᠢᠨ ᠭᠠᠵᠠᠷ ᠢ ᠪᠠᠶᠢᠴᠠᠭᠠᠵᠤ᠂ ᠡᠯ᠎ᠡ ᠲᠥᠷᠥᠯ ᠤᠨ ᠠᠶᠤᠯᠭᠦᠢ ᠦᠢᠯᠡᠳᠪᠦᠷᠢᠯᠡᠯ ᠤᠨ ᠡᠬᠡ ᠳᠠᠩᠰᠠ ᠶᠢ ᠪᠠᠶᠢᠴᠠᠭᠠᠨ ᠰᠢᠯᠭᠠᠬᠤ ᠶᠢᠨ ᠬᠠᠮᠲᠤ ᠡᠳᠦᠷ ᠲᠤᠲᠤᠮ ᠤᠨ ᠠᠮᠤᠷ ᠲᠦᠪᠰᠢᠨ ᠤ ᠬᠠᠮᠢᠶᠠᠷᠤᠯᠲᠠ᠂ ᠪᠣᠯᠪᠠᠰᠤᠨ ᠢᠶᠠᠷ ᠪᠠᠷᠢᠯᠭ᠎ᠠ ᠪᠠᠷᠢᠬᠤ᠂ ᠥᠨᠳᠥᠷ ᠣᠭᠲᠠᠷᠭᠤᠢ ᠳᠤ ᠠᠵᠢᠯᠯᠠᠬᠤ᠂ ᠣᠨᠴᠠ ᠲᠥᠷᠥᠯ ᠤᠨ ᠲᠥᠬᠦᠭᠡᠷᠦᠮᠵᠢ᠂ ᠲᠦᠷ ᠴᠠᠭ ᠤᠨ ᠲᠥᠬᠦᠭᠡᠷᠦᠮᠵᠢ᠂ ᠲᠣᠭᠲᠠᠭᠠᠯ ᠠᠴᠠ ᠵᠥᠷᠢᠴᠡᠨ ᠠᠵᠢᠯᠯᠠᠬᠤ ᠵᠡᠷᠭᠡ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠢᠯᠡᠷᠡᠭᠦᠯᠦᠭᠰᠡᠨ ᠠᠮᠤᠷ ᠲᠦᠪᠰᠢᠨ ᠤ ᠭᠡᠮ ᠰᠣᠭᠤᠭ ᠤᠨ ᠠᠰᠠᠭᠤᠳᠠᠯ ᠳᠤ ᠴᠢᠭᠯᠡᠭᠦᠯᠦᠨ᠂ ᠪᠠᠷᠢᠯᠭ᠎ᠠ ᠶᠢᠨ ᠭᠠᠵᠠᠷ ᠤᠨ ᠬᠠᠷᠢᠭᠤᠴᠠᠯᠭᠠᠲᠠᠨ ᠢ ᠳᠠᠷᠦ᠋ᠢᠬᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠢ ᠭᠡᠵᠦ ᠱᠠᠭᠠᠷᠳᠠᠪᠠ᠃    ᠪᠠᠷᠢᠯᠭ᠎ᠠ ᠶᠢᠨ ᠠᠮᠤᠷ ᠲᠦᠪᠰᠢᠨ ᠤ ᠪᠠᠶᠢᠴᠠᠭᠠᠯᠲᠠ ᠥᠷᠨᠢᠭᠦᠯᠬᠦ ᠪᠠᠷ ᠳᠠᠮᠵᠢᠭᠤᠯᠤᠨ᠂ ᠪᠦᠬᠦ ᠬᠤᠰᠢᠭᠤᠨ ᠤ ᠪᠠᠷᠢᠯᠭ᠎ᠠ ᠶᠢᠨ ᠭᠠᠵᠠᠷ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠴᠢᠩᠭᠠᠳᠬᠠᠵᠤ᠂ ᠪᠠᠷᠢᠯᠭ᠎ᠠ ᠶᠢᠨ ᠭᠠᠵᠠᠷ ᠤᠨ ᠬᠠᠷᠢᠭᠤᠴᠠᠯᠭᠠᠲᠠᠨ ᠤ ᠠᠮᠤᠷ ᠲᠦᠪᠰᠢᠨ ᠤ ᠤᠬᠠᠮᠰᠠᠷ ᠪᠠ ᠠᠮᠤᠷ ᠲᠦᠪᠰᠢᠨ ᠤ ᠥᠪᠡᠷ ᠤᠨ ᠪᠠᠶᠢᠴᠠᠭᠠᠯᠲᠠ᠂ ᠳᠠᠯᠳᠠ ᠭᠡᠮ ᠢ ᠥᠪᠡᠰᠦᠪᠡᠨ ᠪᠠᠶᠢᠴᠠᠭᠠᠬᠤ ᠥᠪᠡᠷ ᠢ ᠪᠠᠨ ᠬᠠᠮᠢᠶᠠᠷᠬᠤ ᠤᠬᠠᠮᠰᠠᠷ ᠢ ᠳᠡᠭᠡᠭᠰᠢᠯᠡᠭᠦᠯᠦᠨ᠂ ᠪᠦᠬᠦ ᠬᠤᠰᠢᠭᠤᠨ ᠤ ᠪᠠᠷᠢᠯᠭ᠎ᠠ ᠶᠢᠨ ᠭᠠᠵᠠᠷ ᠤᠨ ᠡᠯ᠎ᠡ ᠵᠦᠢᠯ ᠤᠨ ᠠᠵᠢᠯ ᠤᠨ ᠠᠮᠤᠷ ᠲᠦᠪᠰᠢᠨ ᠲᠣᠭᠲᠠᠭᠤᠨ ᠢ ᠪᠦᠲᠦᠮᠵᠢᠲᠡᠢ ᠬᠠᠮᠠᠭᠠᠯᠠᠵᠤ᠂ ᠪᠦᠬᠦ ᠬᠤᠰᠢᠭᠤᠨ ᠤ ᠪᠠᠷᠢᠯᠭ᠎ᠠ ᠶᠢᠨ ᠭᠠᠵᠠᠷ ᠤᠨ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠳᠤ ᠰᠠᠶᠢᠨ ᠰᠠᠭᠤᠷᠢ ᠲᠠᠯᠪᠢᠵᠤ ᠥᠭᠪᠡ᠃    ᠡᠨᠡ ᠵᠢᠯ ᠠᠴᠠ ᠨᠠᠰᠢ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ 17 ᠪᠠᠷᠢᠯᠭ᠎ᠠ ᠶᠢᠨ ᠭᠠᠵᠠᠷ ᠲᠤ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠥᠷᠨᠢᠭᠦᠯᠵᠦ᠂ 28 ᠳᠠᠯᠳᠠ ᠭᠡᠮ ᠤᠨ ᠠᠰᠠᠭᠤᠳᠠᠯ ᠢ ᠢᠯᠡᠷᠡᠭᠦᠯᠵᠦ᠂ ᠵᠠᠷᠯᠢᠭᠳᠠᠨ ᠵᠠᠯᠠᠷᠠᠭᠤᠯᠬᠤ ᠮᠡᠳᠡᠭᠳᠡᠯ ᠤᠨ ᠪᠢᠴᠢᠭ 7 ᠬᠤᠪᠢ ᠪᠠᠭᠤᠯᠭᠠᠪᠠ᠃    ︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠡᠯ᠎ᠡ ᠠᠶᠤᠯᠭᠦᠢ ᠦᠢᠯᠡᠳᠪᠦᠷᠢᠯᠡᠯ ᠤᠨ ᠴᠡᠭ ᠪᠠᠶᠢᠷᠢ ᠶᠢᠨ ᠣᠨᠴᠠᠯᠢᠭ᠂ ᠠᠳᠠᠯ ᠠᠮᠠᠷᠬᠠᠨ ᠭᠠᠷᠬᠤ ᠴᠡᠭ ᠵᠡᠷᠭᠡ ᠳᠤ ᠦᠷᠭᠦᠯᠵᠢᠯᠡᠨ ᠴᠢᠭᠯᠡᠭᠦᠯᠦᠨ ᠳᠠᠭᠠᠵᠤ᠂ ᠠᠮᠤᠷ ᠲᠦᠪᠰᠢᠨ ᠤ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ ᠤᠨ ᠠᠮᠤᠷ ᠲᠦᠪᠰᠢᠨ ᠤ ᠰᠠᠭᠤᠷᠢ ᠪᠦᠲᠦᠭᠡᠨ ᠪᠠᠶᠢᠭᠤᠯᠤᠯᠲᠠ ᠶᠢ ᠴᠢᠩᠭᠠᠷᠠᠭᠤᠯᠤᠨ᠂ ᠠᠮᠤᠷ ᠲᠦᠪᠰᠢᠨ ᠤ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠠᠮᠤᠷ ᠲᠦᠪᠰᠢᠨ ᠤ ᠠᠳᠠᠯ ᠭᠠᠷᠬᠤ ᠶᠢ ᠪᠦᠬᠦ ᠬᠦᠴᠦᠨ ᠢᠶᠠᠷ ᠢᠶᠠᠨ ᠬᠤᠷᠢᠭᠯᠠᠨ᠎ᠠ︾ ᠬᠡᠵᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠪᠠᠷᠢᠯᠭ᠎ᠠ ᠶᠢᠨ ᠵᠠᠬ᠎ᠠ ᠳᠡᠯᠭᠡᠭᠦᠷ ᠪᠠ ᠢᠨᠵᠧᠨᠧᠷᠢᠩ ᠤᠨ ᠶᠠᠰᠤ ᠴᠢᠨᠠᠷ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠲᠠᠰᠤᠭ ᠤᠨ ᠬᠢᠨᠠᠯᠲᠠ ᠲᠠᠯᠪᠢᠭᠴᠢ ᠵᠠᠩ ᠰᠢᠶᠣᠤ ᠭᠦᠸᠧ ᠬᠡᠯᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号