ᠪᠠᠶᠠᠨᠬᠤᠰᠢᠭᠤ ᠪᠠᠯᠭᠠᠰᠤ ᠴᠡᠷᠢᠭ ᠡᠯᠰᠡᠬᠦ ᠠᠵᠢᠯ ᠤᠨ ᠠᠩᠬᠠᠨ ᠤ ᠬᠢᠨᠠᠯᠲᠠ ᠠᠩᠬᠠᠨ ᠤ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/7/31
   7 ᠰᠠᠷ᠎ᠠ ᠶᠢᠨ 30 ᠤ ᠡᠳᠦᠷ ᠤᠨ ᠦᠳᠡ ᠶᠢᠨ ᠬᠤᠶᠢᠨ᠎ᠠ᠂ ᠪᠠᠶᠠᠨᠬᠤᠰᠢᠭᠤ ᠪᠠᠯᠭᠠᠰᠤ ᠬᠠᠷᠢᠶᠠᠲᠤ ᠣᠷᠣᠨ ᠤ ᠪᠠᠨ ᠴᠡᠷᠢᠭ ᠲᠤ ᠡᠯᠰᠡᠭᠳᠡᠭᠰᠡᠨ ᠵᠠᠯᠠᠭᠤᠴᠤᠳ ᠢ ᠵᠣᠬᠢᠶᠠᠨ ᠪᠠᠶᠢᠭᠤᠯᠵᠤ᠂ ᠳᠣᠣᠷ᠎ᠠ ᠬᠠᠭᠠᠰ ᠵᠢᠯ ᠤᠨ ᠴᠡᠷᠢᠭ ᠡᠯᠰᠡᠬᠦ ᠠᠩᠬᠠᠨ ᠤ ᠬᠢᠨᠠᠯᠲᠠ ᠶᠢᠨ ᠠᠵᠢᠯ ᠢ ᠥᠷᠨᠢᠭᠦᠯᠪᠡ᠃    ᠠᠩᠬ᠎ᠠ ᠪᠠᠶᠢᠴᠠᠭᠠᠯᠲᠠ ᠡᠬᠢᠯᠡᠬᠦ ᠠᠴᠠ ᠡᠮᠦᠨ᠎ᠡ᠂ ᠪᠠᠶᠠᠨᠬᠤᠰᠢᠭᠤ ᠪᠠᠯᠭᠠᠰᠤ ᠶᠠᠷᠢᠯᠴᠠᠬᠤ ᠬᠤᠷᠠᠯ ᠬᠤᠷᠠᠯᠳᠤᠭᠤᠯᠵᠤ᠂ ᠬᠤᠰᠢᠭᠤᠨ ᠤ ᠵᠡᠪᠰᠡᠭᠲᠦ ᠬᠦᠴᠦᠨ ᠤ ᠬᠡᠯᠲᠡᠰ ᠤᠨ ᠴᠡᠷᠢᠭ ᠡᠯᠰᠡᠬᠦ ᠠᠵᠢᠯ ᠤᠨ ᠬᠠᠷᠢᠭᠤᠴᠠᠯᠭᠠᠲᠠᠨ ᠢ ᠤᠷᠢᠵᠤ ᠬᠤᠷᠠᠯ ᠳᠤ ᠣᠷᠣᠯᠴᠠᠭᠤᠯᠪᠠ᠃ ᠬᠤᠰᠢᠭᠤᠨ ᠤ ᠵᠡᠪᠰᠡᠭᠲᠦ ᠬᠦᠴᠦᠨ ᠤ ᠬᠡᠯᠲᠡᠰ ᠤᠨ ᠴᠡᠷᠢᠭ ᠡᠯᠰᠡᠬᠦ ᠠᠵᠢᠯᠲᠠᠳ ᠥᠷᠭᠡᠨ ᠣᠯᠠᠨ ᠴᠡᠷᠢᠭ ᠲᠤ ᠡᠯᠰᠡᠭᠳᠡᠬᠦ ᠵᠠᠯᠠᠭᠤᠴᠤᠳ ᠲᠤ ᠪᠡᠶ᠎ᠡ ᠶᠢᠨ ᠪᠠᠶᠢᠴᠠᠭᠠᠯᠲᠠ ᠶᠢᠨ ᠱᠠᠭᠠᠷᠳᠠᠯᠭ᠎ᠠ᠂ ᠠᠩᠬᠠᠷᠬᠤ ᠵᠦᠢᠯᠡᠰ ᠵᠢᠴᠢ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠨᠠᠷᠢᠨ ᠲᠠᠶᠢᠯᠪᠤᠷᠢᠯᠠᠵᠤ᠂ ᠴᠡᠷᠢᠭ ᠲᠤ ᠡᠯᠰᠡᠭᠳᠡᠬᠦ ᠵᠠᠯᠠᠭᠤᠴᠤᠳ ᠤᠨ ᠴᠡᠷᠢᠭ ᠲᠤ ᠣᠷᠣᠬᠤ ᠬᠠᠯᠠᠭᠤᠨ ᠰᠡᠳᠬᠢᠯᠭᠡ ᠶᠢ ᠤᠯᠠᠮ ᠨᠢᠭᠡ ᠠᠯᠬᠤᠮ ᠬᠥᠭᠵᠢᠭᠡᠪᠡ᠃ ᠪᠠᠶᠠᠨᠬᠤᠰᠢᠭᠤ ᠪᠠᠯᠭᠠᠰᠤ ᠴᠡᠷᠢᠭ ᠲᠤ ᠡᠯᠰᠡᠭᠳᠡᠭᠰᠡᠨ ᠵᠠᠯᠠᠭᠤᠴᠤᠳ ᠢ ᠵᠣᠬᠢᠶᠠᠨ ᠪᠠᠶᠢᠭᠤᠯᠵᠤ ᠨᠡᠷ᠎ᠡ ᠮᠡᠳᠡᠭᠦᠯᠬᠦ ᠬᠦᠰᠦᠨᠦᠭᠲᠦ ᠶᠢ ᠦᠨᠡᠨ ᠪᠣᠳᠠᠲᠠᠢ ᠪᠠᠷ ᠲᠠᠭᠯᠠᠵᠤ᠂ ᠠᠩᠬᠠᠨ ᠤ ᠬᠢᠨᠠᠯᠲᠠ᠂ ᠠᠩᠬᠠᠨ ᠤ ᠪᠠᠶᠢᠴᠠᠭᠠᠯᠲᠠ ᠶᠢᠨ ᠳᠠᠩᠰᠠ ᠡᠪᠬᠡᠮᠡᠯ ᠢ ᠪᠠᠶᠢᠭᠤᠯᠵᠤ᠂ ᠠᠩᠬᠠᠨ ᠤ ᠭᠠᠷ ᠤᠨ ᠮᠠᠲ᠋ᠧᠷᠢᠶᠠᠯ ᠢ ᠨᠠᠷᠢᠨ ᠡᠵᠡᠮᠳᠡᠪᠡ᠃    ᠳᠠᠷᠠᠭᠠᠴᠢ ᠶᠢᠨ ᠠᠯᠬᠤᠮ ᠳᠤ᠂ ᠪᠠᠶᠠᠨᠬᠤᠰᠢᠭᠤ ᠪᠠᠯᠭᠠᠰᠤ ᠠᠩᠬᠠᠨ ᠤ ᠪᠠᠶᠢᠴᠠᠭᠠᠯᠲᠠ ᠶᠢᠨ ᠦᠷ᠎ᠡ ᠳ᠋ᠦᠩ ᠢ ᠦᠨᠳᠦᠰᠦᠯᠡᠨ᠂ ᠴᠡᠷᠢᠭ ᠤᠨ ᠢᠷᠡᠯᠲᠡ ᠶᠢᠨ ᠶᠠᠰᠤ ᠴᠢᠨᠠᠷ᠂ ᠲᠥᠪ ᠭᠤᠣᠯᠴᠢ ᠠᠷᠢᠭᠤᠨ ᠴᠢᠬᠡᠴᠢ ᠶᠢᠨ ᠪᠣᠭᠤᠮᠲᠠ ᠶᠢ ᠴᠢᠩᠭ᠎ᠠ ᠠᠳᠬᠤᠵᠤ᠂ ᠥᠨᠳᠥᠷ ᠬᠡᠪ ᠴᠢᠨᠠᠷ ᠪᠦᠬᠦᠢ ᠴᠢᠨᠠᠷ ᠰᠠᠶᠢᠲᠠᠢ ᠴᠡᠷᠢᠭ ᠤᠨ ᠢᠷᠡᠯᠲᠡ ᠶᠢ ᠴᠡᠷᠢᠭ ᠠᠩᠭᠢ ᠳᠤ ᠬᠦᠷᠭᠡᠬᠦ ᠶᠢ ᠪᠠᠲᠤᠯᠠᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号